ᠦᠪᠦᠷ ᠮᠤᠨᠭᠭᠤᠯ ᠤᠯᠠᠨ ᠲᠠᠯ᠎ᠠ ᠪᠡᠷ ᠬᠦᠴᠦᠯᠡᠨ ᠲᠤᠰᠬᠠᠢ ᠠᠰᠢᠭ ᠢ᠋ ᠤᠨᠳᠤᠤᠰᠢᠭᠤᠯᠤᠨ ᠠᠰᠢᠬᠯᠠᠬᠤ ᠵᠢ ᠠᠬᠢᠭᠤᠯᠵᠤ ᠪᠤᠢ
2025-12-23 16:51:06
ᠵᠣᠬᠢᠶᠠᠭ᠍ᠴᠢ᠄
​ᠤᠷᠠᠨ᠎ᠠ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠲᠣᠪᠴᠢᠶ᠎ᠠ᠎ᠵᠢᠨ ᠬᠢᠨ 《ᠲᠤᠰᠭᠠᠶ ᠠᠱᠢᠭ ᠢ᠋ ᠤᠨᠳᠤᠤᠰᠢᠭᠤᠯᠤᠨ ᠠᠰᠢᠬᠯᠠᠬᠤ ᠲᠤᠰᠭᠠᠶ ᠠᠵᠢᠯᠯᠠᠭ᠎ᠠ ᠶ᠋ᠢᠨ ᠲᠥᠰᠦᠯ (2023 — 2025 ᠣᠨ)》 ᠤ᠋ᠨ ᠪᠠᠢᠷᠢᠯᠠᠭᠤᠯᠤᠯᠲᠠ ᠶ᠋ᠢᠨ ᠲᠣᠭᠣᠷᠢᠨ ᠳ᠋ᠤ᠂ ᠲᠤᠰᠭᠠᠶ ᠠᠱᠢᠭ ᠢ᠋ ᠳᠡᠯᠭᠡᠷᠡᠭᠦᠯᠬᠦ᠌᠂ ᠳᠤᠮᠳᠠ ᠪᠠᠭ᠎ᠠ ᠠᠵᠤ ᠠᠬᠤᠢᠯᠠᠯ ᠢ᠋ ᠬᠦᠭᠵᠢᠭᠦᠯᠬᠦ ᠪᠠ ᠭᠤᠤᠯᠳᠠᠯᠭ᠎ᠠ ᠲᠠᠢ ᠠᠵᠤ ᠦᠶ᠋ᠯᠡᠰ ᠤ᠋ᠨ ᠬᠡᠯᠬᠢᠶ᠎ᠡ ᠵᠢ ᠴᠢᠩᠭᠠᠳᠭᠠᠨ ᠦᠷ᠎ᠡ ᠠᠱᠢᠭ ᠢ᠋ ᠨᠡᠮᠡᠭ᠌ᠳᠡᠭᠦᠯᠬᠦ᠌ ᠭᠤᠷᠪᠠᠨ ᠶᠡᠬᠡ ᠢᠨᠵᠧᠨᠧᠷᠢᠩ ᠢ᠋ ᠨᠢᠭᠡᠳᠦᠯᠲᠡᠶ ᠲᠥᠯᠥᠪᠵᠢᠭᠦᠯᠦᠨ᠂ ᠤᠯᠠᠨ ᠲᠠᠯ᠎ᠠ ᠪᠡᠷ ᠬᠦᠴᠦᠯᠡᠨ ᠲᠤᠰᠬᠠᠢ ᠠᠰᠢᠭ ᠢ᠋  ᠤᠨᠳᠤᠤᠰᠢᠭᠤᠯᠤᠨ ᠠᠰᠢᠬᠯᠠᠬᠤ  ᠵᠢ  ᠠᠬᠢᠭᠤᠯᠵᠤ ᠪᠠᠢᠨ᠎ᠠ᠃

ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠶᠡᠬᠡ ᠳᠡᠭᠡᠳᠦ ᠰᠤᠷᠭᠠᠭᠤᠯᠢ ᠵᠢᠴᠢ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠶ᠋ᠢᠨ ᠨᠦᠬᠡᠴᠡ ᠲᠤᠰᠭᠠᠶ ᠠᠱᠢᠭ ᠢ᠋ ᠲᠣᠭᠠᠯᠠᠨ ᠪᠦᠷᠢᠳᠭᠡᠬᠦ᠌ ᠠᠵᠢᠯ ᠢ᠋ ᠥᠷᠨᠢᠭᠦᠯᠵᠦ᠍᠂ ᠤᠨᠳᠤᠤᠰᠢᠭᠤᠯᠵᠤ ᠪᠣᠯᠬᠤ ᠲᠤᠰᠭᠠᠶ ᠠᠱᠢᠭ ᠢ᠋ ᠨᠡᠢᠲᠡ 5538 ᠬᠤᠪᠢ ᠠᠰᠢᠬᠯᠠᠯᠳᠠ᠎ᠳᠤ ᠤᠷᠤᠭᠤᠯᠪᠠ᠃ 《ᠣᠷᠣᠨ ᠤ᠋ ᠳᠣᠲᠣᠷ᠎ᠠ ᠤᠨᠳᠤᠤᠰᠢᠭᠤᠯᠬᠤ + ᠣᠷᠣᠨ ᠤ᠋ ᠭᠠᠳᠠᠨ᠎ᠠ ᠲᠠᠨᠢᠯᠴᠠᠭᠤᠯᠬᠤ》 ᠲᠣᠭ᠍ᠲᠠᠴᠠ ᠵᠢ ᠪᠠᠢᠭᠤᠯᠵᠤ᠂ ᠣᠷᠣᠨ ᠤ᠋ ᠳᠣᠲᠣᠷ᠎ᠠ ᠲᠤᠰᠬᠠᠢᠵᠢᠬᠰᠠᠨ ᠨᠠᠷᠢᠯᠢᠬᠵᠢᠬᠰᠠᠨ ᠤᠨᠴᠠᠯᠢᠬᠲᠤ ᠰᠢᠨ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠶ᠋ᠢᠨ ᠳᠤᠮᠳᠠ ᠪᠠᠭ᠎ᠠ ᠠᠵᠤ ᠠᠬᠤᠢᠯᠠᠯ ᠤ᠋ᠨ 379 ᠵᠤᠷᠪᠤᠰ ᠮᠡᠷᠭᠡᠵᠢᠯ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠡᠮᠬᠢᠯᠡᠨ᠂ ᠬᠠᠩᠭᠠᠯᠭ᠎ᠠ ᠬᠡᠷᠡᠭ᠌ᠴᠡᠭᠡ ᠵᠢ ᠤᠨᠤᠴᠠᠲᠠᠢ ᠪᠠᠷ ᠵᠣᠯᠭᠠᠭᠤᠯᠬᠤ ᠵᠢ ᠠᠬᠢᠭᠤᠯᠪᠠ᠃ ᠣᠳᠣᠬᠠᠨ ᠳ᠋ᠤ᠂ ᠬᠥᠮᠥᠷᠭᠡ ᠳ᠋ᠤ ᠣᠷᠣᠭᠤᠯᠤᠭ᠍ᠰᠠᠨ 380 ᠵᠦᠶ᠋ᠯ ᠤ᠋ᠨ ᠲᠤᠰᠭᠠᠶ ᠠᠱᠢᠭ ᠤ᠋ᠨ ᠠᠵᠤ ᠦᠢᠯᠡᠰᠵᠢᠯᠲᠡ ᠵᠢ ᠪᠡᠶᠡᠯᠡᠭᠦᠯᠵᠦ᠍᠂  ᠠᠵᠤ ᠦᠢᠯᠡᠰᠵᠢᠯᠲᠡ ᠶ᠋ᠢᠨ ᠨᠣᠷᠮ᠎ᠠ 6.86% ᠎ᠳ᠋ᠤ ᠬᠦᠷᠴᠦ᠂ ᠡᠭᠦᠨ ᠳ᠋ᠤ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠶ᠋ᠢᠨ ᠲᠤᠰᠭᠠᠶ ᠠᠱᠢᠭ ᠤ᠋ᠨ ᠠᠵᠤ ᠦᠢᠯᠡᠰᠵᠢᠯᠲᠡ ᠶ᠋ᠢᠨ ᠨᠣᠷᠮ᠎ᠠ 16.97% ᠎ᠳ᠋ᠤ ᠬᠦᠷᠴᠦ᠍᠂ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠤ  ᠵᠢᠬᠰᠠᠪᠠ᠃

8 ᠲᠤᠮᠤ ᠠᠵᠤ ᠦᠢᠯᠡᠰ ᠤ᠋ᠨ ᠪᠦᠯᠦᠭ᠌ᠵᠢᠯ ᠪᠣᠯᠤᠨ 16 ᠭᠣᠣᠯᠳᠠᠯᠭ᠎ᠠ ᠲᠠᠢ ᠠᠵᠤ ᠦᠢᠯᠡᠰ ᠤ᠋ᠨ ᠬᠡᠯᠬᠢᠶ᠎ᠡ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠠᠵᠤ ᠠᠬᠤᠢᠯᠠᠯ ᠤ᠋ᠨ ᠮᠡᠷᠭᠡᠵᠢᠯ ᠤ᠋ᠨ ᠬᠡᠷᠡᠭ᠌ᠴᠡᠭᠡ ᠵᠢ ᠭᠦᠨᠵᠡᠭᠡᠢ ᠵᠠᠳᠠᠯᠵᠤ᠂ ᠮᠤᠵᠢ ᠠᠯᠤᠰᠯᠠᠭ᠍ᠰᠠᠨ ᠬᠠᠮᠵᠢᠯᠴᠠᠭᠠᠨ ᠤ᠋ ᠲᠣᠭ᠍ᠲᠠᠴᠠ ᠳ᠋ᠤ ᠲᠦᠱᠢᠭ᠌ᠯᠡᠨ᠂ ᠵᠧᠵᠢᠶᠠᠩ ᠭᠤᠸᠠᠩᠳᠦ᠋ᠩ ᠵᠡᠷᠭᠡ ᠭᠠᠵᠠᠷ ᠤ᠋ᠨ ᠵᠣᠬᠢᠶᠠᠮᠠᠯ ᠤᠶᠤᠨ ᠴᠢᠳᠠᠪᠤᠷᠢ᠂ ᠲᠣᠭᠠᠴᠢᠯᠠᠭ᠍ᠰᠠᠨ ᠮᠡᠷᠭᠡᠵᠢᠯ ᠵᠡᠷᠭᠡ ᠬᠦᠷᠢᠶᠡᠨ ᠤ᠋ ᠱᠢᠯᠢᠳᠡᠭ ᠲᠤᠰᠭᠠᠢ ᠠᠱᠢᠭ ᠤ᠋ᠨ ᠡᠬᠢ ᠪᠠᠶᠠᠯᠢᠭ ᠲᠠᠢ ᠣᠨᠣᠴᠠᠲᠠᠢ ᠵᠣᠯᠭᠠᠭᠤᠯᠪᠠ᠃ 《 ᠪᠥᠬᠥ᠌  ᠤᠯᠤᠰ ᠤ᠋ᠨ ᠬᠣᠪᠣᠷ ᠱᠢᠷᠣᠶ ᠶ᠋ᠢᠨ ᠬᠦᠷᠢᠶᠡᠨ ᠳ᠋ᠡᠬᠢ 〈ᠬᠤᠤᠰ ᠲᠠᠪᠤᠨ ᠣᠲᠣ〉 ᠶ᠋ᠢᠨ ᠥᠨᠳᠥᠷ ᠥᠷᠲᠡᠭ ᠪᠥᠬᠥᠶ ᠲᠤᠰᠭᠠᠶ ᠠᠱᠢᠭ ᠤ᠋ᠨ ᠭᠠᠷᠴᠠᠭ》  ᠢ᠋ ᠨᠡᠢᠲᠡᠯᠡᠵᠦ᠍᠂ 《 ᠮᠸᠩ ᡁᠢ ᠬᠣᠶ 》 ᠲᠤᠰᠭᠠᠶ ᠠᠱᠢᠭ ᠤ᠋ᠨ ᠡᠵᠡᠩᠨᠡᠯᠲᠡ ᠶ᠋ᠢᠨ ᠪᠢᠴᠢᠯ ᠫᠷᠤᠭ᠌ᠷᠠᠮ ᠤ᠋ᠨ ᠠᠵᠢᠯᠯᠠᠭᠠᠨ ᠢ᠋ ᠡᠬᠢᠯᠡᠭᠦᠯᠵᠦ᠂ 《ᠮᠡᠷᠭᠡᠵᠢᠯ ᠤ᠋ᠨ ᠪᠣᠭᠣᠮᠲᠠ ᠱᠢᠪᠲᠤᠯᠤᠯᠲᠠ — ᠲᠤᠰᠭᠠᠶ ᠠᠱᠢᠭ ᠤ᠋ᠨ ᠤᠨᠳᠤᠤᠰᠢᠭᠤᠯᠤᠯᠲᠠ — ᠠᠵᠤ ᠦᠶ᠋ᠯᠡᠰ ᠤ᠋ᠨ ᠲᠠᠰ ᠳᠠᠪᠱᠢᠯᠲᠠ》 ᠵᠢᠨ ᠪᠥᠬᠥ᠌ ᠬᠡᠯᠬᠢᠶᠡᠨ ᠤ᠋ ᠬᠠᠮᠵᠢᠯᠴᠠᠭ᠎ᠠ ᠵᠢ ᠠᠬᠢᠭᠤᠯᠪᠠ᠃ ᠣᠳᠣᠬᠠᠨ ᠳ᠋ᠤ᠂ ᠬᠣᠪᠣᠷ ᠱᠢᠷᠣᠶ ᠶ᠋ᠢᠨ ᠬᠦᠷᠢᠶᠡᠨ ᠤ᠋  ᠲᠤᠰᠭᠠᠶ  ᠠᠱᠢᠭ ᠤ᠋ᠨ ᠪᠤᠳᠠᠲᠠᠢ ᠬᠡᠷᠡᠭᠯᠡᠭᠡᠨ ᠳ᠋ᠤ ᠤᠷᠤᠬᠰᠠᠨ ᠨᠣᠷᠮ᠎ᠠ 59.7% ᠎ᠳ᠋ᠤ ᠬᠦᠷᠴᠦ᠍᠂ ᠪᠥᠬᠥ᠌ ᠤᠯᠤᠰ ᠤ᠋ᠨ ᠳᠤᠮᠳᠠᠴᠢ ᠲᠦᠪᠱᠢᠨ ᠡᠴᠡ ᠥᠨᠳᠥᠷ ᠪᠣᠯᠵᠣ᠂ ᠨᠡᠢᠲᠡ 50 ᠳ᠋ᠦᠩᠱᠢᠭᠤᠷ ᠰᠢᠬᠠᠮ ᠲᠥᠭᠥᠷᠢᠭ ᠤ᠋ᠨ ᠶᠡᠷᠦᠩᠬᠡᠢᠯᠡᠭ᠌ᠰᠡᠨ  ᠦᠷ᠎ᠡ  ᠠᠱᠢᠭ ᠢ᠋  ᠪᠡᠶᠡᠯᠡᠭᠦᠯᠪᠡ᠃

ᠲᠤᠰᠭᠠᠶ ᠠᠱᠢᠭ ᠤ᠋ᠨ ᠦᠵᠡᠭᠦᠯᠭᠡ ᠶ᠋ᠢᠨ ᠠᠵᠢᠯᠯᠠᠭ᠎ᠠ ᠵᠢ ᠵᠤᠬᠢᠶᠠᠨ ᠪᠠᠢᠭᠤᠯᠬᠤ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠪᠣᠯᠤᠨ ᠠᠵᠤ ᠠᠬᠤᠢᠯᠠᠯ ᠤ᠋ᠨ ᠲᠤᠰᠭᠠᠶ ᠠᠱᠢᠭ ᠢ᠋ᠶ᠋ᠡᠨ ᠤᠨᠳᠤᠤᠰᠢᠭᠤᠯᠬᠤ ᠵᠢ ᠵᠣᠷᠢᠭ᠍ᠵᠢᠭᠤᠯᠬᠤ ᠨᠦᠬᠦᠪᠦᠷᠢ ᠤᠯᠭᠤᠬᠤ᠂ ᠢᠲᠡᠭᠡᠮᠵᠢᠲᠦ ᠵᠢᠭᠡᠯᠡᠯᠭᠡ ᠶ᠋ᠢᠨ ᠳᠡᠮᠵᠢᠯᠭᠡ ᠬᠠᠩᠭᠠᠬᠤ ᠵᠡᠷᠭᠡ ᠤᠯᠠᠨ ᠲᠠᠯ᠎ᠠ ᠪᠡᠷ ᠬᠦᠴᠦᠯᠡᠨ ᠲᠤᠰᠬᠠᠢ ᠠᠰᠢᠭ ᠢ᠋ ᠤᠨᠳᠤᠤᠰᠢᠭᠤᠯᠬᠤ ᠪᠤᠳᠠᠳᠤ ᠦᠷ᠎ᠠ ᠪᠦᠲᠦᠮᠵᠢ ᠵᠢ ᠳᠡᠭᠡᠭᠰᠢᠯᠡᠭᠦᠯᠪᠡ᠃ 2024 ᠣᠨ ᠳ᠋ᠤ ᠲᠤᠰᠭᠠᠶ ᠠᠱᠢᠭ ᠤ᠋ᠨ ᠮᠡᠷᠭᠡᠵᠢᠯ ᠤ᠋ᠨ ᠭᠡᠷ᠎ᠡ 133 ᠵᠦᠶ᠋ᠯ ᠳ᠋ᠤ ᠬᠦᠷᠴᠦ᠍᠂ ᠵᠣᠭᠣᠰ ᠤ᠋ᠨ ᠲᠣᠭ᠎ᠠ 2.28 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋᠎ᠬᠢ ᠡᠴᠡ 68.35% ᠪᠡᠷ ᠨᠡᠮᠡᠭ᠌ᠳᠡᠪᠡ;2025 ᠣᠨ ᠤ᠋ ᠳᠡᠭᠡᠷ᠎ᠡ ᠬᠠᠭᠠᠰ ᠵᠢᠯ ᠳ᠋ᠤ ᠲᠤᠰᠭᠠᠶ ᠠᠱᠢᠭ ᠢ᠋ ᠱᠢᠯᠵᠢᠭᠦᠯᠦᠨ ᠦᠭᠭᠦᠭᠰᠡᠨ ᠪᠠ ᠰᠢᠯᠵᠢᠭᠦᠯᠦᠨ ᠠᠪᠤᠭ᠍ᠰᠠᠨ ᠲᠣᠭ᠎ᠠ 2993 ᠤᠳᠠᠭ᠎ᠠ ᠬᠦᠷᠴᠦ᠍᠂ ᠳᠡᠭᠡᠷ᠎ᠡ  ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 36% ᠪᠡᠷ ᠨᠡᠮᠡᠭ᠌ᠳᠡᠨ᠂ ᠲᠤᠰᠬᠠᠢ ᠠᠰᠢᠭ ᠢ᠋  ᠬᠡᠷᠡᠭᠯᠡᠬᠦ ᠵᠢ  ᠵᠥᠪᠱᠢᠶᠡᠷᠡᠭ᠌ᠰᠡᠨ ᠲᠣᠭ᠎ᠠ ᠨᠢ 127 ᠤᠳᠠᠭ᠎ᠠ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ᠎ᠡᠴᠡ 216% ᠪᠡᠷ ᠨᠡᠮᠡᠭ᠌ᠳᠡᠨ᠂ ᠲᠤᠰᠭᠠᠶ ᠠᠱᠢᠭ ᠢ᠋  ᠤᠨᠳᠤᠤᠰᠢᠭᠤᠯᠤᠬᠰᠠᠨ ᠦᠷ᠎ᠡ ᠪᠦᠲᠦᠮᠵᠢ  ᠢᠯᠡᠳᠲᠡ ᠳᠡᠭᠡᠭ᠌ᠰᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号