ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠵᠢᠨ 1 ᠬᠠᠮᠲᠤ ᠨᠡᠢᠳᠡ ᠪᠠ 1 ᠬᠤᠪᠢ ᠬᠥᠮᠦᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠰᠠᠢᠰᠢᠶᠠᠯ ᠬᠦᠬᠢᠬᠦᠯᠦᠯ᠎ᠢ ᠬᠦᠷᠳᠡᠪᠡ
2025-12-23 11:32:53
ᠵᠣᠬᠢᠶᠠᠭ᠍ᠴᠢ᠄
​ ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠂ ᠬᠠᠤᠯᠢ ᠴᠠᠭᠠᠵᠠ᠎ᠶ᠋ᠢᠨ ᠶᠠᠮᠤᠨ ᠡᠴᠨ 《ᠲᠣᠪᠣᠢᠮ᠎ᠠ ᠢᠯᠡᠷᠡᠯ᠎ᠲᠡᠶ ᠠᠷᠠᠳ ᠲᠦᠮᠡᠨ ᠤ᠋  ᠬᠢᠨᠠᠯᠲᠠ ᠲᠠᠯᠪᠢᠭ᠍ᠤ ᠠᠵᠢᠯ᠎ᠤᠨ ᠬᠤᠪᠢ ᠬᠦᠮᠦᠨ ᠪᠠ  ᠬᠠᠮᠲᠤ ᠨᠡᠢᠳᠡ》 ᠎ᠶ᠋ᠢ ᠰᠠᠢᠱᠢᠶᠠᠨ ᠬᠦᠬᠢᠬᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠬᠣᠶᠠᠳᠤᠭᠠᠷ ᠳᠡᠰ᠎ᠤᠨ ᠪᠠᠢᠴᠠᠭᠠᠬᠤ ᠲᠤᠱᠢᠶᠠᠯᠲᠠᠨ᠎ᠤ ᠲᠤᠰᠠᠯᠠᠭ᠍ᠴᠢ ᠢᠦᠶ ᠬᠣᠶ ᠪᠠ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠩᠯᠢᠶᠣᠤ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠬᠡᠷᠡᠭ᠎ᠦᠨ ᠬᠠᠮᠢᠶᠠᠷᠤᠯᠲᠠ᠎ᠶ᠋ᠢᠨ ᠠᠯᠪᠠᠨ ᠬᠡᠷ ᠲᠣᠰ ᠲᠣᠰ 《ᠲᠤᠪᠤᠢᠮ᠎ᠠ ᠢᠯᠡᠷᠡᠯ ᠲᠠᠢ ᠠᠷᠠᠳ ᠲᠦᠮᠡᠨ ᠤ᠋  ᠬᠢᠨᠠᠯᠲᠠ ᠲᠠᠯᠪᠢᠭ᠍ᠴᠢ》 ᠪᠠ 《ᠲᠤᠪᠤᠢᠮ᠎ᠠ ᠢᠯᠡᠷᠡᠯ ᠲᠠᠢ ᠠᠷᠠᠳ ᠲᠦᠮᠡᠨ ᠤ᠋  ᠬᠢᠨᠠᠯᠲᠠ ᠲᠠᠯᠪᠢᠭ᠍ᠴᠢ ᠎ᠶ᠋ᠢᠨ ᠠᠵᠢᠯ᠎ᠤᠨ ᠬᠠᠮᠲᠤ》 ᠪᠡᠷ ᠦᠨᠡᠯᠡᠭ᠌ᠳᠡᠪᠡ᠃

ᠣᠢᠷ᠎ᠠ᠎ᠶ᠋ᠢᠨ ᠵᠢᠯ᠎ᠦᠨ ᠲᠤᠷᠰᠢ᠂ ᠦᠪᠦᠷ ᠮᠤᠩᠭᠤᠯ ᠤ᠋ᠨ  ᠪᠠᠢᠴᠠᠭᠠᠬᠤ ᠪᠠᠢᠭᠤᠯᠭ᠎ᠠ᠎ᠨᠤᠭᠤᠳ ᠨᠠᠮ᠎ᠤᠨ ᠲᠥᠪ ᠬᠣᠷᠢᠶ᠎ᠠ ᠪᠠ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠲᠤᠭᠤᠰᠢᠯᠠᠭᠤᠯᠵᠤ᠂ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠤᠢᠯᠠᠭᠠᠬᠳᠠᠬᠤᠨ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠠᠷᠠᠳ ᠲᠦᠮᠨᠨ ᠤ᠋ ᠬᠢᠨᠠᠯᠲᠠ ᠲᠠᠯᠪᠢᠭ᠍ᠴᠢ᠎ᠶ᠋ᠢᠨ ᠲᠦᠷᠢᠮ᠎ᠦᠨ ᠲᠠᠰᠤᠷᠠᠯᠲᠠ ᠥᠬᠡᠶ ᠬᠥᠭ᠌ᠵᠢᠨ ᠲᠡᠭᠦᠯᠳᠡᠷᠵᠢᠬᠦ᠌᠎ᠶ᠋ᠢ ᠠᠬᠢᠭᠤᠯᠵᠤ᠂ ᠠᠷᠠᠳ ᠣᠯᠠᠨ᠎ᠤ ᠬᠠᠤᠯᠢ ᠶᠠᠪᠤᠭᠤᠯᠬᠤ ᠳ᠋ᠸ᠋ ᠡᠮᠬᠢ ᠵᠢᠷᠤᠮ᠎ᠲᠠᠶ᠎ᠪᠠᠷ ᠣᠷᠣᠯᠴᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠨ᠂ ᠪᠠᠢᠴᠠᠭᠠᠬᠤ ᠠᠵᠢᠯ᠎ᠳᠠᠬᠢ ᠠᠷᠠᠳ ᠣᠯᠠᠨ᠎ᠤ ᠪᠠᠢᠳᠠᠯ᠎ᠢ ᠮᠡᠳᠡᠬᠦ᠌ ᠡᠷᠬᠡ᠂ ᠣᠷᠣᠯᠴᠠᠬᠤ ᠡᠷᠬᠡ᠂ ᠢᠯᠡᠳᠭᠡᠬᠦ᠌ ᠡᠷᠬᠡ ᠪᠠ ᠬᠢᠨᠠᠯᠲᠠ ᠲᠠᠯᠪᠢᠬᠤ ᠡᠷᠬᠡ᠎ᠶ᠋ᠢ ᠪᠦᠲᠦᠮᠵᠢᠲᠡᠶ ᠪᠠᠲᠤᠯᠠᠪᠠ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠭᠦᠨᠵᠡᠭᠡᠢ ᠦᠢᠯᠡᠳᠦᠯᠭᠡᠵᠢᠭᠦᠯᠬᠦ᠌ ᠶᠠᠪᠤᠴᠠ᠎ᠳᠤ᠂ ᠪᠦᠬᠦ᠌ ᠶᠠᠪᠤᠴᠠ᠎ᠳᠤ ᠣᠷᠣᠯᠴᠠᠬᠤ᠂ ᠰᠠᠨᠠᠭᠤᠯᠭ᠎ᠠ᠎ᠶ᠋ᠢ ᠨᠠᠢᠳᠠᠪᠤᠷᠢᠵᠢᠭᠤᠯᠬᠤ᠂ ᠤᠯᠠᠨ ᠲᠠᠯ᠎ᠠ᠎ᠡᠴᠨ  ᠪᠠᠲᠤᠯᠠᠭ᠎ᠠ ᠬᠠᠩᠭᠠᠬᠤ ᠵᠡᠷᠭᠡ ᠪᠤᠳᠠᠳᠠᠢ ᠠᠷᠭ᠎ᠠ ᠬᠡᠮᠵᠢᠶ᠎ᠡ ᠠᠪᠬᠤ᠎ᠪᠠᠷ ᠲᠠᠮᠵᠢᠨ᠂ ᠬᠡᠷᠡᠭ᠎ᠦᠨ ᠡᠮᠦᠨᠡᠬᠢ 《ᠵᠢᠷᠤᠮᠵᠢᠬᠰᠠᠨ ᠬᠣᠯᠪᠣᠭ᠎ᠠ ᠠᠪᠬᠤ》᠂  ᠬᠡᠷᠡᠭ᠎ᠦᠨ ᠳᠤᠮᠳᠠᠬᠢ 《ᠴᠠᠭ ᠲᠤᠬᠠᠢ᠎ᠳᠤᠨᠢ ᠴᠤᠤᠷᠢᠶᠠᠲᠤᠨ ᠲᠠᠭᠠᠬᠤ 》 ᠪᠠ  ᠬᠡᠷᠡᠭ᠎ᠦᠨ ᠳᠠᠷᠠᠭᠠᠬᠢ 《ᠬᠣᠣᠰ ᠴᠢᠭ᠌ᠯᠡᠯ᠎ᠢᠶᠡᠷ ᠬᠠᠷᠢᠭᠤ ᠲᠤᠰᠭᠠᠬᠤ》 ᠠᠱᠢᠭ᠍ᠲᠠᠢ ᠦᠢᠯᠡᠳᠦᠯᠭᠡ᠎ᠶ᠋ᠢ ᠪᠦᠲᠦᠮᠵᠢᠲᠡᠢ ᠪᠤᠢ ᠪᠣᠯᠭᠠᠵᠤ᠂ ᠠᠷᠠᠳ ᠲᠦᠮᠡᠨ ᠤ᠋ ᠬᠢᠨᠠᠯᠲᠠ ᠲᠠᠯᠪᠢᠭ᠍ᠴᠢ᠎ᠶ᠋ᠢᠨ ᠠᠵᠢᠯ᠎ᠤᠨ 《ᠢᠯᠡ ᠬᠢᠨᠠᠯᠲᠠ》 ᠡᠴᠨ  《ᠪᠦᠲᠦᠮᠵᠢᠲᠡᠢ ᠬᠢᠨᠠᠯᠲᠠ 》 ᠲᠡᠢᠰᠢ ᠬᠤᠪᠢᠷᠠᠬᠤ᠎ᠶ᠋ᠢ ᠯᠠᠪᠳᠠᠭᠤᠨ᠎ᠢᠶᠠᠷ ᠠᠬᠢᠭᠤᠯᠵᠤ᠂ ᠠᠷᠠᠳ ᠲᠦᠮᠡᠨ ᠤ᠋ ᠬᠢᠨᠠᠯᠲᠠ᠎ᠶ᠋ᠢ ᠲᠥᠪ ᠭᠣᠣᠯᠴᠢ ᠱᠢᠳᠤᠷᠭᠤ ᠶᠣᠰᠣ᠎ᠶ᠋ᠢ  ᠬᠠᠮᠠᠭᠠᠯᠠᠬᠤ ᠬᠦᠴᠦᠷᠬᠡᠭ ᠶᠡᠬᠡ ᠬᠥᠳᠡᠯᠭᠡᠭ᠌ᠴᠢ ᠡᠨᠧᠷᠭᠢ ᠪᠤᠯᠭᠠᠵᠠᠢ᠃

ᠬᠦᠯᠦᠨ ᠪᠤᠢᠷ ᠬᠤᠳᠠ ᠠᠭᠠᠷ ᠤ᠋ᠨ ᠠᠶᠠᠯᠠᠯ᠂ ᠲᠡᠮᠦᠷ ᠵᠠᠮ᠂ ᠵᠠᠰᠠᠮᠠᠯ ᠵᠠᠮ ᠤ᠋ᠨ ᠬᠠᠮᠵᠢᠯᠴᠠᠨ ᠬᠥᠭ᠌ᠵᠢᠬᠦ᠌ ᠳ᠋ᠤ ᠲᠦᠱᠢᠭ᠌ᠯᠡᠨ《ᠥᠷᠯᠥᠭᠡ ᠦᠳᠡᠰᠢ ᠵᠢᠨ ᠬᠣᠭᠣᠷᠣᠨᠳᠣ᠂ ᠪᠥᠬᠥ᠌ ᠣᠷᠣᠨ ᠪᠦᠰᠡ ᠪᠡᠷ ᠪᠦᠷᠬᠦᠭᠦᠯᠬᠦ᠌》 ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ ᠤ᠋ ᠱᠢᠰᠲ᠋ᠧᠮ ᠢ᠋ ᠪᠠᠢᠭᠤᠯᠵᠤ᠂ ᠭᠠᠵᠠᠷ ᠣᠷᠣᠨ ᠥᠷᠭᠡᠨ ᠠᠭᠤᠳᠠᠮ᠂ ᠡᠬᠢ ᠪᠠᠶᠠᠯᠢᠭ ᠲᠠᠷᠠᠬᠠᠶ ᠪᠤᠲᠠᠷᠬᠠᠶ ᠡᠴᠡ ᠪᠤᠯᠤᠭᠰᠠᠨ ᠵᠢᠭᠤᠯᠴᠢᠯᠡᠯ ᠤ᠋ᠨ ᠦᠢᠯᠡᠰ ᠤ᠋ᠨ ᠬᠥᠭ᠌ᠵᠢᠯᠲᠡ ᠵᠢᠨ ᠪᠣᠭᠣᠮᠢ ᠵᠢ ᠪᠦᠳᠦᠮᠵᠢᠳᠠᠢ ᠰᠢᠪᠳᠤᠯᠤᠨ᠂ ᠪᠦᠬᠦ ᠤᠯᠤᠰ ᠲᠡᠷᠡᠴᠢᠯᠡᠨ ᠭᠠᠳᠠᠭᠠᠳᠦ ᠵᠢᠨ ᠵᠢᠭᠤᠯᠴᠢᠯᠠᠭᠰᠠᠳ ᠤ᠋ᠨ ᠵᠤᠷᠢᠯᠳᠠᠳᠦ ᠤᠷᠤᠨ ᠪᠤᠯᠵᠤ᠂ ᠵᠦᠪᠬᠡᠨ 2025 ᠣᠨ ᠤ᠋ ᠴᠠᠭᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭᠠᠨ ᠳ᠋ᠤ ᠪᠦᠬᠦ ᠬᠤᠳᠠ ᠪᠡᠷ ᠵᠢᠡᠨ 165.14 ᠲᠦᠮᠡᠨ ᠬᠥᠮᠦᠨ ᠤᠳᠠᠭ᠎ᠠ ᠵᠢᠨ ᠵᠢᠭᠤᠯᠴᠢᠯᠠᠭᠴᠢ ᠵᠢ ᠬᠦᠯᠢᠶᠡᠨ ᠠᠪᠴᠠᠢ᠃

ᠮᠦᠩᠬᠦᠨ ᠡᠪᠤᠯ ᠤ᠋ᠨ ᠬᠦᠯᠦᠨ ᠪᠤᠢᠷ ᠮᠦᠰᠤ ᠴᠠᠰᠤ ᠪᠡᠷ ᠵᠢᠡᠨ ᠭᠠᠢᠬᠠᠭᠳᠠᠨ᠎ᠠ᠃ ᠵᠢᠭᠤᠯᠴᠢᠯᠠᠯ ᠪᠤᠯ ᠵᠦᠪᠬᠡᠨ ᠬᠦᠯᠦᠨ ᠪᠤᠢᠷ ᠤ᠋ᠨ ᠮᠦᠰᠤ ᠴᠠᠰᠤᠨ ᠤ᠋ ᠠᠵᠤ ᠠᠬᠤᠢ ᠵᠢᠨ ᠨᠢᠬᠡ ᠲᠦᠷᠦᠯ ᠪᠠᠢᠵᠤ᠂ ᠲᠤᠰ ᠬᠤᠳᠠ ᠮᠥᠰᠥ᠍ ᠴᠠᠰᠤᠨ ᠤ᠋ ᠨᠠᠭᠠᠳᠤᠮ᠂ ᠡᠪᠦᠯ ᠤ᠋ᠨ ᠤᠯᠠᠷᠢᠯ ᠤ᠋ᠨ ᠪᠠᠭᠠᠲᠤᠷᠴᠤᠳ ᠤ᠋ᠨ ᠴᠤᠭ᠍ᠯᠠᠭᠠᠨ ᠵᠡᠷᠭᠡ ᠲᠥᠷᠥᠯ ᠲᠡᠮᠳᠡᠭ᠌ᠲᠦ᠍ ᠠᠵᠢᠯᠯᠠᠭ᠎ᠠ ᠪᠠᠷ ᠮᠥᠰᠥ᠍ ᠴᠠᠰᠤᠨ ᠤ᠋ ᠬᠠᠮᠢᠶ᠎ᠠ ᠪᠥᠬᠥᠶ ᠬᠡᠷᠡᠭ᠌ᠯᠡᠭᠡ ᠵᠢ ᠳᠠᠢᠴᠢᠯᠠᠭᠰᠠᠨ ᠵᠢᠡᠷ ᠪᠠᠷᠠᠬᠤ ᠦᠬᠡᠢ ᠬᠤᠨᠤᠭ ᠪᠠᠭᠤᠳᠠᠯ᠂ ᠢᠳᠡᠭᠡᠨ ᠤᠮᠳᠠᠭᠠᠨ᠂ ᠰᠡᠯᠪᠢᠨ ᠵᠠᠰᠠᠯᠲᠠ᠂ ᠬᠦᠶ᠋ᠲᠡᠨ ᠭᠠᠵᠠᠷ ᠤ᠋ᠨ ᠲᠤᠷᠱᠢᠯᠲᠠ ᠵᠡᠷᠭᠡ ᠢᠵᠢ ᠪᠦᠷᠢᠳᠦᠭᠰᠡᠨ ᠠᠵᠤ ᠦᠶ᠋ᠯᠡᠰ ᠤ᠋ᠨ ᠪᠦᠯᠦᠭ᠌ᠵᠢᠨ ᠬᠥᠭ᠌ᠵᠢᠬᠦ᠌ ᠵᠢ ᠳᠠᠢᠴᠢᠯᠠᠨ᠂ ᠠᠵᠤ ᠦᠶ᠋ᠯᠡᠰ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠵᠢ ᠪᠦᠳᠦᠮᠵᠢᠳᠠᠢ ᠠᠬᠢᠭᠤᠯᠵᠤ᠂ ᠬᠢᠯᠢ ᠬᠢᠵᠠᠭᠠᠷ ᠤ᠋ᠨ ᠴᠠᠰᠤᠲᠤ ᠣᠷᠣᠨ ᠤ᠋ ᠠᠮᠢ ᠠᠬᠤᠶ᠂ ᠰᠣᠶᠣᠯ᠂ ᠠᠵᠤ ᠠᠬᠤᠶ ᠬᠠᠮᠵᠢᠯᠴᠠᠨ ᠬᠦᠭᠵᠢᠵᠦ ᠬᠠᠮᠲᠤ ᠣᠷᠣᠱᠢᠬᠤ ᠳ᠋ᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃

ᠬᠦᠯᠦᠨ ᠪᠤᠢᠷ ᠲᠡᠳᠤᠢ ᠦᠬᠡᠢ ᠪᠦᠬᠦ ᠦᠪᠤᠷ ᠮᠤᠩᠭᠤᠯ ᠳ᠋ᠤ ᠶᠠᠭ ᠮᠦᠰᠤ ᠴᠠᠰᠤᠨ ᠤ᠋ ᠵᠢᠭᠤᠯᠴᠢᠯᠠᠯ ᠵᠢᠡᠷ ᠭᠠᠷᠳᠠᠴᠠ ᠪᠤᠯᠭᠠᠭᠰᠠᠨ᠂ ᠡᠵᠡᠩᠨᠡᠯᠲᠡ ᠵᠢᠨ ᠬᠡᠯᠪᠡᠷᠢ ᠪᠠᠢᠳᠠᠯ ᠤ᠋ᠨ ᠰᠢᠨ᠎ᠠ ᠵᠢ ᠡᠬᠦᠳᠴᠦ ᠠᠵᠤ ᠦᠶ᠋ᠯᠡᠰ ᠤ᠋ᠨ ᠬᠡᠯᠬᠢᠶ᠎ᠠ ᠵᠢ ᠤᠷᠲᠤᠳᠭᠠᠬᠤ᠎ᠪᠠᠷ ᠭᠤᠤᠯ ᠠᠷᠭ᠎ᠠ ᠵᠠᠮ ᠪᠣᠯᠭᠠᠭᠰᠠᠨ ᠬᠦᠶ᠋ᠲᠡᠨ᠎ᠦ ᠡᠬᠢ ᠪᠠᠶᠠᠯᠢᠭ ᠬᠢᠬᠡᠳ ᠬᠠᠯᠠᠮᠰᠢᠯ ᠠᠵᠤ ᠠᠬᠤᠢ ᠵᠢᠨ ᠬᠦᠨᠵᠡᠬᠡᠢ ᠬᠤᠪᠢᠰᠤᠯᠳᠠ ᠢᠳᠡ ᠬᠦᠴᠤᠳᠠᠢ ᠦᠷᠨᠢᠵᠤ ᠪᠤᠢ᠃ ᠡᠨᠡ ᠡᠳᠤᠷ ᠬᠦᠯᠦᠨ ᠪᠤᠢᠷ ᠲᠦ᠍ ᠡᠬᠢᠯᠡᠬᠥ  ᠬᠤᠷᠢᠨ ᠨᠢᠭᠡᠳᠤᠭᠡᠷ ᠬᠤᠭᠤᠴᠠᠭᠠᠨ ᠤ᠋ ᠦᠪᠦᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠮᠦᠰᠦ ᠴᠠᠰᠤᠨ ᠤ᠋ ᠨᠠᠭᠠᠳᠤᠮ ᠪᠤᠯ ᠮᠠᠨ ᠤ᠋ ᠤᠷᠤᠨ ᠤ᠋ ᠡᠪᠤᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠭᠤᠤᠯ ᠠᠭᠤᠯᠭ᠎ᠠ ᠵᠢᠨ ᠨᠢᠬᠡ ᠶᠤᠮ᠃ ᠡᠨᠡ ᠡᠪᠤᠯ ᠮᠠᠨ ᠤ᠋ ᠤᠷᠤᠨ 159 ᠵᠤᠢᠯ ᠤ᠋ᠨ ᠦᠪᠡᠷᠮᠢᠴᠡ ᠤᠨᠴᠠᠯᠢᠭ ᠲᠠᠢ ᠮᠦᠰᠤ ᠴᠠᠰᠤᠨ ᠤ᠋ ᠰᠤᠶᠤᠯ ᠵᠢᠭᠤᠯᠴᠢᠯᠠᠯ ᠤ᠋ᠨ ᠠᠵᠢᠯᠯᠠᠭ᠎ᠠ᠂ 48 ᠵᠤᠢᠯ ᠤ᠋ᠨ ᠮᠦᠰᠤ ᠴᠠᠰᠤᠨ ᠳ᠋ᠡᠬᠢ ᠤᠷᠤᠯᠳᠤᠭᠠᠨ᠂ 45 ᠵᠤᠷᠪᠤᠰ ᠮᠦᠰᠤ ᠴᠠᠰᠤᠨ ᠤ᠋ ᠰᠤᠳᠤᠨ ᠵᠢᠭᠤᠯᠴᠢᠯᠠᠯ ᠤ᠋ᠨ ᠵᠠᠮ ᠱᠤᠭᠤᠮ ᠵᠢᠡᠷ 《ᠠᠶᠠᠯᠭᠤᠳᠤ ᠵᠢᠭᠤᠯᠴᠢᠯᠠᠯ ᠦᠪᠤᠷ ᠮᠤᠩᠭᠤᠯ·ᠪᠠᠶᠠᠷ ᠪᠠᠶᠠᠰᠤᠯᠳᠤ ᠮᠦᠰᠤ ᠴᠠᠰᠤᠨ ᠤ᠋ ᠤᠯᠠᠷᠢᠯ》 ᠤ᠋ᠨ ᠰᠤᠶᠤᠯ ᠵᠢᠭᠤᠯᠴᠢᠯᠠᠯ ᠤ᠋ᠨ 《ᠠᠯᠳᠠᠨ ᠰᠤᠨᠳᠤᠷ》 ᠢ᠋ ᠬᠡᠯᠬᠢᠵᠤ᠂ ᠦᠪᠤᠷ ᠮᠤᠩᠭᠤᠯ ᠤ᠋ᠨ ᠮᠥᠰᠥ᠍ ᠴᠠᠰᠤᠨ ᠤ᠋ ᠠᠵᠤ ᠠᠬᠤᠶ ᠵᠢᠨ ᠳᠠᠪᠠᠯᠳᠠᠳᠤ ᠬᠦᠭᠵᠢᠯᠳᠡ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号