ᠪᠦᠬᠦ ᠤᠷᠤᠨ ᠤ᠋ ᠰᠣᠶᠣᠯ ᠵᠢᠭᠤᠯᠴᠢᠯᠠᠯ ᠤ᠋ᠨ ᠠᠵᠢᠯᠳᠠᠳ ᠤ᠋ᠨ 100 ᠡᠳᠦᠷ ᠤ᠋ᠨ ᠪᠣᠯᠪᠠᠰᠤᠷᠠᠯ ᠤ᠋ᠨ ᠠᠵᠢᠯᠯᠠᠭ᠎ᠠ ᠡᠬᠢᠯᠡᠪᠡ
2025-12-23 16:58:38
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠪᠦᠬᠦ ᠤᠷᠤᠨ ᠤ᠋ ᠰᠣᠶᠣᠯ ᠵᠢᠭᠤᠯᠴᠢᠯᠠᠯ ᠤ᠋ᠨ ᠠᠵᠢᠯᠳᠠᠳ ᠤ᠋ᠨ 100 ᠡᠳᠦᠷ ᠤ᠋ᠨ ᠪᠣᠯᠪᠠᠰᠤᠷᠠᠯ ᠤ᠋ᠨ ᠠᠵᠢᠯᠯᠠᠭ᠎ᠠ ᠡᠬᠢᠯᠡᠵᠤ᠂ 《ᠰᠦᠷᠯᠢᠭ ᠰᠠᠢᠬᠠᠨ᠂ ᠬᠠᠯᠠᠭᠤᠮᠰᠤᠭ᠂ ᠨᠠᠷᠢᠯᠢᠭ》 ᠥᠪᠥᠷ ᠮᠣᠩᠭᠣᠯ ᠤ᠋ᠨ ᠵᠢᠭᠤᠯᠴᠢᠯᠠᠯ ᠤ᠋ᠨ ᠲᠥᠷᠥᠯ ᠲᠡᠮᠳᠡᠭ ᠤ᠋ᠨ ᠳᠦᠷᠢ ᠲᠥᠷᠬᠦ᠌ ᠵᠢ ᠴᠤᠭᠴᠠᠯᠠᠨ ᠲᠠᠭᠤᠷᠢᠰᠤᠭᠤᠯᠬᠤ ᠪᠡᠷ ᠴᠢᠷᠮᠠᠢᠵᠤ ᠪᠠᠢᠨ᠎ᠠ᠃

2026 ᠣᠨ ᠤ᠋ 4 ᠰᠠᠷ᠎ᠠ ᠪᠣᠯᠲᠠᠯ᠎ᠠ ᠶᠠᠪᠤᠭᠳᠠᠬᠤ 100 ᠡᠳᠦᠷ ᠤ᠋ᠨ ᠪᠤᠯᠪᠠᠰᠤᠷᠠᠯ ᠤ᠋ᠨ ᠠᠵᠢᠯᠯᠠᠭ᠎ᠠ ᠳ᠋ᠤ ᠰᠣᠶᠣᠯ ᠪᠠ ᠵᠢᠭᠤᠯᠴᠢᠯᠠᠯ ᠤ᠋ᠨ ᠭᠥᠯᠢᠶᠡᠨ ᠠᠪᠬᠤ ᠴᠢᠳᠠᠪᠤᠷᠢ ᠬᠢᠭᠡᠳ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠡᠷ ᠭᠤᠤᠯ ᠬᠠᠷᠠᠯᠲᠠ ᠪᠣᠯᠭᠠᠵᠤ᠂ ᠵᠢᠭᠤᠯᠴᠢᠯᠠᠯ ᠤ᠋ᠨ ᠬᠥᠲᠥᠴᠢ ᠶ᠋ᠢᠨ ᠦᠶ᠋ᠯᠡᠴᠢᠯᠡᠭᠡ᠂ ᠣᠳᠣᠨ ᠲᠠᠰ ᠤ᠋ᠨ ᠪᠠᠭᠤᠳᠠᠯ ᠤ᠋ᠨ ᠮᠡᠷᠭᠡᠵᠢᠯ ᠴᠢᠳᠠᠪᠤᠷᠢ᠂ ᠲᠠᠢᠯᠪᠤᠷᠢ ᠦᠭᠡ ᠵᠣᠬᠢᠶᠠᠨ ᠪᠦᠲᠦᠭᠡᠬᠦ᠌᠂ A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠦᠶ᠋ᠯᠡᠴᠢᠯᠡᠭᠡ ᠵᠢ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠠᠷ ᠭᠤᠤᠯ ᠪᠤᠯᠭᠠᠨ᠂ ᠠᠩᠬᠠᠳᠤᠭᠠᠷ ᠬᠤᠭᠤᠴᠠᠭᠠᠨ ᠤ᠋ ᠰᠣᠶᠣᠯ ᠪᠠ ᠵᠢᠭᠤᠯᠴᠢᠯᠠᠯ ᠤ᠋ᠨ ᠠᠵᠢᠯ ᠲᠥᠷᠥᠯ ᠤ᠋ᠨ ᠦᠶ᠋ᠯᠡᠴᠢᠯᠡᠭᠡᠨ ᠤ᠋ ᠮᠡᠷᠭᠡᠵᠢᠯ ᠴᠢᠳᠠᠪᠤᠷᠢ ᠶ᠋ᠢᠨ ᠬᠠᠮᠲᠤᠷᠠᠭ᠍ᠰᠠᠨ ᠤᠷᠤᠯᠳᠤᠭᠠᠨ ᠢ᠋ ᠵᠣᠬᠢᠶᠠᠨ ᠪᠠᠢᠭᠤᠯᠤᠨ ᠥᠷᠨᠢᠭᠦᠯᠵᠦ᠍᠂ ᠤᠷᠤᠯᠳᠤᠭᠠᠨ ᠢ᠋ᠶ᠋ᠠᠷ ᠪᠣᠯᠪᠠᠰᠤᠷᠠᠯ ᠢ᠋ ᠠᠬᠢᠭᠤᠯᠬᠤ᠂ ᠤᠷᠤᠯᠳᠤᠭᠠᠨ ᠢ᠋ᠶ᠋ᠠᠷ ᠮᠡᠷᠭᠡᠵᠢᠯ ᠴᠢᠳᠠᠪᠤᠷᠢ ᠵᠢ ᠲᠠᠬᠡᠭᠰᠢᠯᠡᠬᠦᠯᠬᠦ ᠠᠷᠭ᠎ᠠ ᠬᠡᠯᠪᠡᠷᠢ ᠪᠡᠷ ᠰᠣᠶᠣᠯ ᠵᠢᠭᠤᠯᠴᠢᠯᠠᠯ ᠤ᠋ᠨ ᠠᠵᠢᠯ ᠲᠥᠷᠥᠯ ᠤ᠋ᠨ ᠴᠢᠳᠠᠪᠤᠷᠢᠲᠠᠨ ᠢ᠋ ᠬᠥᠮᠦᠵᠢᠭᠦᠯᠬᠦ᠌ ᠵᠢ ᠤᠯᠠᠮ ᠨᠢᠭᠡ ᠠᠯᠬᠤᠮ ᠴᠢᠩᠭᠠᠳᠭᠠᠨ᠎ᠠ᠃ ᠪᠤᠯᠪᠠᠰᠤᠷᠠᠯ ᠤ᠋ᠨ ᠠᠵᠢᠯᠯᠠᠭ᠎ᠠ ᠵᠢ 5 ᠱᠠᠲᠤ ᠬᠤᠪᠢᠶᠠᠨ ᠶᠠᠪᠤᠭᠳᠠᠭᠤᠯᠵᠤ᠂ ᠡᠯ᠎ᠡ ᠠᠢᠮᠠᠭ ᠬᠣᠲᠠ ᠶ᠋ᠢᠨ ᠲᠥᠰᠦᠯ ᠲᠣᠭ᠍ᠲᠠᠭᠠᠬᠤ᠂ ᠠᠭᠤᠯᠭ᠎ᠠ ᠡᠯᠰᠡᠬᠦ᠌᠂ ᠤᠷ᠎ᠠ ᠴᠢᠳᠠᠪᠤᠷᠢ ᠶ᠋ᠢᠨ ᠤᠷᠤᠯᠳᠤᠭᠠᠨ᠂ ᠤᠬᠠᠭᠤᠯᠤᠨ ᠲᠠᠢᠯᠪᠤᠷᠢᠯᠠᠬᠤ ᠬᠣᠯᠪᠣᠭᠠᠲᠤ ᠤᠷᠤᠯᠳᠤᠭᠠᠨ ᠪᠠ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠵᠡᠷᠬᠡ ᠵᠢ ᠪᠠᠭᠳᠠᠭᠠᠪᠠ᠃ ᠠᠩᠬᠠᠳᠤᠭᠠᠷ ᠬᠤᠭᠤᠴᠠᠭᠠᠨ ᠤ᠋ ᠰᠣᠶᠣᠯ ᠵᠢᠭᠤᠯᠴᠢᠯᠠᠯ ᠤ᠋ᠨ ᠠᠵᠢᠯ ᠲᠥᠷᠥᠯ ᠤ᠋ᠨ ᠦᠶ᠋ᠯᠡᠴᠢᠯᠡᠭᠡᠨ ᠤ᠋ ᠮᠡᠷᠭᠡᠵᠢᠯ ᠴᠢᠳᠠᠪᠤᠷᠢ ᠶ᠋ᠢᠨ ᠬᠣᠯᠪᠣᠭᠠᠲᠤ ᠤᠷᠤᠯᠳᠤᠭᠠᠨ ᠳ᠋ᠦ ᠠᠵᠢᠯ ᠮᠡᠷᠭᠡᠵᠢᠯ ᠤ᠋ᠨ ᠳᠤᠭᠤᠢᠯᠠᠩ ᠪᠠ ᠶᠡᠬᠡ ᠳᠡᠭᠡᠳᠦ ᠰᠤᠷᠭᠠᠭᠤᠯᠢ ᠶ᠋ᠢᠨ ᠰᠤᠷᠤᠭᠴᠢᠳ ᠤ᠋ᠨ ᠳᠤᠭᠤᠢᠯᠠᠩ᠎ᠬᠡᠬᠦ ᠬᠣᠶᠠᠷ ᠶᠡᠬᠡ ᠤᠷᠤᠯᠳᠤᠭᠠᠨ ᠤ᠋ ᠵᠠᠮ ᠢ᠋ ᠲᠣᠬᠢᠷᠠᠭᠤᠯᠪᠠ᠃ ᠡᠭᠦᠨ ᠳ᠋ᠦ ᠵᠢᠭᠤᠯᠴᠢᠯᠠᠯ ᠤ᠋ᠨ ᠬᠥᠲᠥᠴᠢ ᠪᠠ ᠣᠳᠣᠨ ᠲᠠᠰ ᠤ᠋ᠨ ᠵᠢᠭᠤᠯᠴᠢᠯᠠᠯ ᠤ᠋ᠨ ᠪᠠᠭᠤᠳᠠᠯ ᠤ᠋ᠨ ᠮᠡᠷᠭᠡᠵᠢᠯ ᠴᠢᠳᠠᠪᠤᠷᠢ ᠶ᠋ᠢᠨ ᠬᠠᠮᠲᠤᠷᠠᠭ᠍ᠰᠠᠨ ᠤᠷᠤᠯᠳᠤᠭᠠᠨ ᠨᠢ ᠵᠢᠭᠤᠯᠴᠢᠯᠠᠯ ᠤ᠋ᠨ ᠬᠥᠲᠥᠴᠢ ᠶ᠋ᠢᠨ ᠠᠵᠢᠯ ᠮᠡᠷᠭᠡᠵᠢᠯ ᠤ᠋ᠨ ᠶᠣᠰᠣ ᠮᠣᠷᠠᠯ᠂ ᠦᠶ᠋ᠯᠡᠴᠢᠯᠡᠭᠡᠨ ᠤ᠋ ᠵᠢᠷᠤᠮᠵᠢᠯ᠂ ᠶᠡᠷᠦᠩᠬᠡᠢᠯᠡᠭ᠌ᠰᠡᠨ ᠮᠡᠳᠡᠯᠭᠡ᠂ ᠭᠡᠨᠡᠳᠲᠡ ᠶ᠋ᠢᠨ ᠬᠡᠷᠡᠭ ᠢ᠋ ᠱᠢᠶ᠋ᠳᠪᠦᠷᠢᠯᠡᠬᠦ᠌ ᠵᠢᠴᠢ ᠵᠢᠭᠤᠯᠴᠢᠯᠠᠯ ᠤ᠋ᠨ ᠪᠠᠭᠤᠳᠠᠯ ᠤ᠋ᠨ ᠦᠶ᠋ᠯᠡᠴᠢᠯᠡᠭᠡ᠂ ᠵᠣᠴᠢᠳ ᠤ᠋ᠨ ᠥᠷᠥᠭᠡ ᠶ᠋ᠢᠨ ᠦᠶ᠋ᠯᠡᠴᠢᠯᠡᠭᠡ᠂ ᠬᠣᠭᠣᠯᠠᠨ ᠬᠡᠷ ᠤ᠋ᠨ ᠦᠶ᠋ᠯᠡᠴᠢᠯᠡᠭᠡ ᠵᠡᠷᠭᠡ ᠭᠤᠤᠯ ᠭᠣᠭ᠍ᠴᠣᠭ᠎ᠠ ᠳ᠋ᠦ ᠠᠩᠬᠠᠷᠤᠯ ᠵᠢᠡᠨ ᠲᠥᠪᠯᠡᠷᠡᠭᠦᠯᠵᠦ᠍᠂ 12 ᠰᠠᠷ᠎ᠠ ᠶ᠋ᠢᠨ 27 ᠤ᠋ ᠡᠳᠦᠷ ᠡᠴᠡ 2026 ᠣᠨ ᠤ᠋ 3 ᠰᠠᠷ᠎ᠠ ᠶ᠋ᠢᠨ 25 ᠤ᠋ ᠡᠳᠦᠷ ᠪᠣᠯᠲᠠᠯ᠎ᠠ ᠨᠡᠷ᠎ᠡ ᠮᠡᠳᠡᠭᠦᠯᠬᠦ ᠪᠤᠯᠤᠨ᠎ᠠ᠃

ᠪᠥᠬᠥ᠌ ᠣᠷᠣᠨ ᠤ᠋ ᠵᠢᠭᠤᠯᠴᠢᠯᠠᠯ ᠤ᠋ᠨ ᠬᠥᠲᠥᠴᠢ ᠶ᠋ᠢᠨ ᠦᠭᠡ᠂ ᠲᠠᠢᠯᠪᠤᠷᠢ ᠦᠭᠡ ᠵᠣᠬᠢᠶᠠᠨ ᠪᠦᠲᠦᠭᠡᠬᠦ᠌ ᠤᠷᠤᠯᠳᠤᠭᠠᠨ ᠨᠢ 12 ᠰᠠᠷ᠎ᠠ ᠶ᠋ᠢᠨ 1 ᠤ᠋ ᠡᠳᠦᠷ ᠡᠴᠡ 12 ᠰᠠᠷ᠎ᠠ ᠶ᠋ᠢᠨ 31 ᠤ᠋ ᠡᠳᠦᠷ ᠪᠣᠯᠲᠠᠯ᠎ᠠ ᠨᠡᠷ᠎ᠡ ᠮᠡᠳᠡᠭᠦᠯᠵᠦ᠍᠂ ᠥᠪᠥᠷ ᠮᠣᠩᠭᠣᠯ ᠤ᠋ᠨ ᠴᠢᠨᠠᠷ ᠰᠠᠢᠲᠠᠶ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠲᠦ᠍ ᠲᠦᠱᠢᠭ᠌ᠯᠡᠨ ᠵᠢᠭᠤᠯᠴᠢᠯᠠᠯ ᠤ᠋ᠨ ᠬᠥᠲᠥᠴᠢ ᠶ᠋ᠢᠨ ᠦᠭᠡ ᠪᠠ ᠲᠠᠢᠯᠪᠤᠷᠢ ᠦᠬᠡ ᠵᠢ ᠡᠯᠰᠡᠨ ᠴᠤᠭᠯᠠᠭᠤᠯᠬᠤ᠂ ᠱᠢᠯᠭᠠᠷᠠᠭᠤᠯᠬᠤ ᠪᠠ ᠤᠬᠠᠭᠤᠯᠤᠨ ᠲᠠᠢᠯᠪᠤᠷᠢᠯᠠᠬᠤ ᠬᠣᠯᠪᠣᠭᠠᠲᠤ ᠤᠷᠤᠯᠳᠤᠭᠠᠨ ᠢ᠋ᠶ᠋ᠠᠷ ᠳᠠᠮᠵᠢᠨ ᠣᠷᠣᠨ ᠨᠤᠲᠤᠭ ᠤ᠋ᠨ ᠣᠨᠴᠠᠯᠢᠭ ᠲᠠᠶ ᠰᠣᠶᠣᠯ ᠵᠢᠭᠤᠯᠴᠢᠯᠠᠯ ᠤ᠋ᠨ ᠤᠬᠠᠭᠤᠯᠭ᠎ᠠ ᠶ᠋ᠢᠨ ᠠᠭᠤᠯᠭ᠎ᠠ ᠵᠢ ᠠᠭᠤᠳᠠᠯᠤᠨ ᠳᠡᠯᠭᠡᠷᠡᠭᠦᠯᠵᠦ᠍᠂ ᠵᠢᠭᠤᠯᠴᠢᠯᠠᠯ ᠤ᠋ᠨ ᠬᠥᠲᠥᠴᠢ ᠵᠢᠴᠢ ᠰᠣᠶᠣᠯ ᠵᠢᠭᠤᠯᠴᠢᠯᠠᠯ ᠤ᠋ᠨ ᠠᠵᠢᠯ ᠬᠢᠭ᠌ᠰᠡᠳ ᠤ᠋ᠨ ᠲᠤᠰᠭᠠᠶ ᠮᠡᠷᠭᠡᠵᠢᠯ ᠤ᠋ᠨ ᠬᠡᠪ ᠪᠣᠯᠪᠠᠰᠤᠷᠠᠯ ᠢ᠋ ᠳᠡᠭᠡᠭ᠌ᠰᠢᠯᠡᠭᠦᠯᠦᠨ᠎ᠡ᠃ A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠤ᠋ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠨᠢ 《ᠬᠤᠭᠤᠯᠠ᠂ ᠬᠤᠨᠤᠭ᠂ ᠠᠶᠠᠯᠠᠯ᠂ ᠵᠢᠭᠤᠯᠴᠢᠯᠠᠯ᠂ ᠬᠤᠳᠠᠯᠳᠤᠨ ᠠᠪᠬᠤ᠂ ᠵᠤᠭ᠎ᠠ ᠴᠡᠩᠭᠡᠬᠦᠨ》 6 ᠶᠡᠬᠡ ᠵᠢᠭᠤᠯᠴᠢᠯᠠᠯ ᠤ᠋ᠨ ᠬᠦᠴᠦᠨ ᠵᠦᠶ᠋ᠯ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ 《ᠳᠤᠳᠤᠨᠤ ᠦᠶ᠋ᠯᠡᠴᠢᠯᠡᠭᠡ》᠂ 《ᠣᠶᠤᠨᠴᠢ ᠦᠵᠡᠮᠵᠢ ᠶ᠋ᠢᠨ ᠣᠷᠣᠨ》᠂ 《ᠦᠨᠡᠨᠴᠢ ᠢᠲᠡᠭᠡᠮᠵᠢᠲᠡᠶ ᠡᠵᠡᠩᠨᠡᠯᠲᠡ》 ᠵᠡᠷᠭᠡ 5 ᠶᠡᠬᠡ ᠠᠵᠢᠯᠯᠠᠭ᠎ᠠ ᠥᠷᠨᠢᠭᠦᠯᠵᠦ᠍᠂ 3 ᠰᠠᠷ᠎ᠠ ᠶ᠋ᠢᠨ ᠬᠤᠭᠤᠴᠠᠭ᠎ᠠ ᠲᠠᠶ ᠲᠥᠪᠯᠡᠷᠡᠭᠦᠯᠦᠨ ᠴᠡᠭ᠌ᠴᠡᠯᠡᠨ ᠵᠠᠰᠠᠬᠤ᠂ ᠪᠣᠯᠪᠠᠰᠤᠷᠠᠭᠤᠯᠬᠤ᠂ ᠱᠢᠯᠢᠳᠡᠭ᠌ᠵᠢᠭᠦᠯᠬᠦ᠌ ᠪᠠ ᠡᠭᠦᠳᠦᠨ ᠪᠠᠢᠭᠤᠯᠬᠤ ᠠᠵᠢᠯᠯᠠᠭ᠎ᠠ ᠪᠠᠷ ᠳᠠᠮᠵᠢᠨ ᠦᠵᠡᠮᠵᠢ ᠶ᠋ᠢᠨ ᠣᠷᠣᠨ ᠤ᠋ ᠦᠶ᠋ᠯᠡᠴᠢᠯᠡᠭᠡᠨ ᠤ᠋ ᠳᠤᠲᠠᠭᠤᠳᠠᠯ ᠪᠠ ᠪᠠᠭᠤᠷᠠᠶ ᠲᠠᠯ᠎ᠠ ᠵᠢ ᠱᠢᠰᠲ᠋ᠧᠮ ᠲᠡᠶ ᠢᠯᠡᠷᠡᠭᠦᠯᠬᠦ ᠵᠢᠨ ᠬᠠᠮᠳᠤ ᠪᠦᠳᠦᠮᠵᠢᠳᠠᠢ ᠴᠡᠭᠴᠡᠯᠡᠨ ᠰᠠᠢᠵᠢᠷᠠᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号