​《ᠪᠠᠭ᠍ᠪᠠᠭᠠᠶ ᠴᠡᠴᠡᠭ》 ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠦᠶ᠋ᠯᠡᠴᠢᠯᠡᠭᠡᠨ᠎ᠦ ᠲᠥᠷᠥᠯ ᠵᠦᠶ᠋ᠯ 《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》 ᠢ᠋ ᠭᠥᠷᠳᠡᠪᠡ
2025-12-23 19:33:43
ᠵᠣᠬᠢᠶᠠᠭ᠍ᠴᠢ᠄
​ᠬᠤᠩ ᠰᠢᠶᠠ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 《ᠬᠣᠶᠠᠳᠤᠭᠠᠷ ᠬᠤᠭᠤᠴᠠᠭᠠᠨ᠎ᠤ〈ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ〉 ᠬᠦᠷᠲᠡᠭ᠌ᠴᠢ᠎ᠶ᠋ᠢ ᠬᠥᠬᠢᠭᠦᠯᠦᠨ ᠰᠠᠢᠱᠢᠶᠠᠬᠤ ᠲᠤᠬᠠᠶ ᠲᠣᠭ᠍ᠲᠠᠭᠠᠯ》 ᠢ᠋ ᠨᠡᠢᠲᠡᠯᠡᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠲᠠᠨᠢᠯᠴᠠᠭᠤᠯᠤᠨ ᠲᠡᠪᠰᠢᠭᠦᠯᠦᠭᠰᠡᠨ 《ᠪᠠᠭ᠍ᠪᠠᠭᠠᠶ ᠴᠡᠴᠡᠭ》ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠦᠶ᠋ᠯᠡᠴᠢᠯᠡᠭᠡᠨ᠎ᠦ ᠲᠥᠷᠥᠯ ᠵᠦᠶ᠋ᠯ᠎ᠨᠢ ᠬᠣᠶᠠᠳᠤᠭᠠᠷ ᠬᠤᠭᠤᠴᠠᠭᠠᠨ᠎ᠤ《ᠥᠪᠥᠷ ᠮᠣᠩᠭᠣᠯ᠎ᠤᠨ ᠨᠢᠭᠦᠯᠡᠰᠦᠩᠭᠦᠶ᠎ᠶ᠋ᠢᠨ ᠱᠠᠩᠨᠠᠯ》 ᠤ᠋ᠨ ᠨᠢᠭᠦᠯᠡᠰᠦᠩᠭᠦᠶ᠎ᠶ᠋ᠢᠨ ᠲᠥᠷᠥᠯ ᠵᠦᠶ᠋ᠯ ᠪᠠ ᠨᠢᠭᠦᠯᠡᠰᠦᠩᠭᠦᠶ᠎ᠶ᠋ᠢᠨ ᠢᠲᠡᠭᠡᠮᠵᠢᠲᠦ ᠨᠠᠢᠳᠠᠯᠭ᠎ᠠ᠎ᠶ᠋ᠢᠨ ᠱᠠᠩᠨᠠᠯ᠎ᠢ ᠭᠥᠷᠳᠡᠭ᠌ᠰᠡᠨ ᠪᠠᠢᠨ᠎ᠠ᠃

《ᠪᠠᠭ᠍ᠪᠠᠭᠠᠶ ᠴᠡᠴᠡᠭ》 ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠦᠶ᠋ᠯᠡᠴᠢᠯᠡᠭᠡᠨ᠎ᠦ ᠲᠥᠷᠥᠯ ᠵᠦᠶ᠋ᠯ ᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠵᠢᠨ᠎ᠬᠢᠨ ᠡᠮᠡᠭ᠌ᠲᠡᠢᠴᠦᠳ ᠬᠡᠦᠬᠡᠳ ᠪᠠ ᠬᠡᠷ ᠪᠦᠯᠢ᠎ᠳᠦ ᠦᠶ᠋ᠯᠡᠴᠢᠯᠡᠬᠦ᠌ ᠱᠢᠨ᠎ᠡ ᠠᠷᠭ᠎ᠠ ᠵᠠᠮ᠎ᠢ ᠱᠢᠨᠡᠴᠢᠯᠡᠵᠦ᠍᠂ ᠬᠦᠴᠢᠷᠳᠡᠯᠲᠡᠶ ᠡᠮᠡᠭ᠌ᠲᠡᠢᠴᠦᠳ᠂ ᠬᠡᠦᠬᠡᠳ ᠵᠢᠴᠢ ᠬᠡᠷ ᠪᠦᠯᠢ᠎ᠶ᠋ᠢᠨ ᠭᠤᠤᠯ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠲᠠᠯ᠎ᠠ᠎ᠶ᠋ᠢᠨ᠂ ᠪᠣᠰᠣᠭ᠎ᠠ ᠴᠣᠭ᠍ᠴᠠᠲᠤ ᠨᠡᠢᠲᠡ᠎ᠶ᠋ᠢᠨ ᠠᠰᠠᠷᠠᠮᠵᠢ᠎ᠶ᠋ᠢᠨ ᠳᠡᠮᠵᠢᠯᠭᠡ᠎ᠶ᠋ᠢᠨ ᠱᠢᠰᠲ᠋ᠧᠮ᠎ᠢ ᠬᠠᠩᠭᠠᠵᠤ᠂ ᠬᠡᠷ᠎ᠦᠨ ᠶᠠᠪᠤᠳᠠᠯ᠎ᠤᠨ ᠡᠶᠡᠳᠡᠭᠦᠯᠭᠡ᠂ ᠬᠡᠦᠬᠡᠳ᠎ᠦᠨ ᠬᠠᠮᠠᠭᠠᠯᠠᠯᠲᠠ᠂ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠂ ᠰᠡᠳᠭᠢᠴᠡ᠎ᠶ᠋ᠢᠨ ᠬᠠᠢᠷ᠎ᠠ ᠬᠠᠯᠠᠮᠵᠢ᠂ ᠬᠡᠷ᠎ᠤᠨ ᠬᠥᠮᠦᠵᠢᠯ᠂ ᠴᠢᠳᠠᠪᠤᠷᠢ᠎ᠶ᠋ᠢᠨ ᠳᠡᠭᠡᠭ᠌ᠰᠢᠯᠡᠯᠲᠡ ᠵᠡᠷᠭᠡ ᠵᠢᠷᠭᠤᠭᠠᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠭᠡᠮ᠎ᠦᠨ ᠬᠦᠴᠦᠨ᠎ᠢ ᠣᠷᠣᠭᠤᠯᠤᠨ ᠠᠪᠴᠢᠷᠠᠵᠤ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢᠶᠠᠨ ᠬᠠᠮᠠᠭᠠᠯᠠᠬᠤ ᠬᠠᠢᠷ᠎ᠠ ᠬᠠᠯᠠᠮᠵᠢ᠎ᠶ᠋ᠢᠨ ᠦᠶ᠋ᠯᠡᠴᠢᠯᠡᠭᠡ᠎ᠳᠦ ᠣᠷᠣᠯᠴᠠᠭᠤᠯᠵᠤ᠂ ᠬᠡᠷᠡᠭ᠌ᠴᠡᠭᠡ᠎ᠲᠡᠶ ᠬᠡᠷ ᠪᠦᠯᠢ᠎ᠶ᠋ᠢ ᠬᠠᠪᠰᠤᠷᠤᠨ ᠶᠠᠷᠱᠢᠭ ᠲᠦᠪᠡᠭ᠎ᠲᠡᠶ ᠶᠠᠪᠤᠳᠠᠯ᠂ ᠰᠠᠨᠠᠭᠠᠱᠢᠷᠠᠯ᠎ᠲᠠᠶ ᠶᠠᠪᠤᠳᠠᠯ᠎ᠢ ᠱᠢᠶ᠋ᠳᠪᠦᠷᠢᠯᠡᠵᠦ᠍ ᠥᠭ᠌ᠳᠡᠭ᠃ 《ᠪᠠᠭ᠍ᠪᠠᠭᠠᠢ ᠴᠡᠴᠡᠭ》 ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠤᠨ ᠦᠢᠯᠡᠴᠢᠯᠡᠭᠡᠨ᠎ᠦ ᠲᠦᠷᠦᠯ ᠵᠦᠢᠯ ᠤᠯᠠᠨ ᠲᠠᠯ᠎ᠠ᠎ᠠᠴᠠ 1248 ᠲᠦᠮᠡᠨ ᠲᠥᠭᠥᠷᠢᠭ᠎ᠦᠨ ᠪᠡᠯᠡ ᠮᠥᠩᠭᠥ᠌ ᠴᠤᠭ᠍ᠯᠠᠭᠤᠯᠵᠤ᠂ 471 ᠬᠤᠪᠢᠶᠠᠷᠢ ᠲᠦᠷᠦᠯ ᠵᠦᠢᠯ᠎ᠢ ᠬᠡᠷᠡᠭ᠌ᠵᠢᠭᠦᠯᠵᠦ᠍᠂ ᠤᠯᠠᠨ ᠡᠱᠢᠵᠢᠭ᠌ᠰᠡᠨ ᠦᠢᠯᠡᠴᠢᠯᠡᠭᠡ᠎ᠨᠢ ᠪᠦᠬᠦ᠌ ᠣᠷᠣᠨ᠎ᠤ 12 ᠠᠢᠮᠠᠭ ᠬᠤᠳᠠ᠂ 80 ᠭᠠᠷᠤᠢ ᠬᠣᠱᠢᠭᠤ ᠱᠢᠶᠠᠨ (ᠲᠣᠭᠣᠷᠢᠭ) ᠢ᠋ ᠬᠠᠮᠤᠷᠴᠤ᠌᠂ ᠱᠢᠭᠤᠳ ᠠᠱᠢᠭ ᠬᠦᠷᠳᠡᠭ᠌ᠰᠡᠨ ᠡᠮᠡᠭ᠌ᠲᠡᠢᠴᠦᠳ ᠬᠡᠦᠬᠡᠳ ᠪᠣᠯᠤᠨ ᠭᠡᠷ ᠪᠦᠯᠢ᠎ᠶ᠋ᠢᠨ ᠬᠢᠨ 80 ᠲᠦᠮᠡᠨ ᠬᠥᠮᠦᠨ ᠤᠳᠠᠭ᠎ᠠ᠎ᠳᠤ ᠬᠦᠷᠴᠦ᠍᠂ ᠵᠢᠵᠢᠭ᠌ᠬᠡᠨ 《ᠪᠠᠭ᠍ᠪᠠᠭᠠᠢ ᠴᠡᠴᠡᠭ》 ᠤ᠋ᠨ ᠦᠷ᠎ᠡ᠎ᠶ᠋ᠢ ᠬᠠᠢᠷ᠎ᠠ ᠬᠠᠯᠠᠮᠵᠢ᠎ᠶ᠋ᠢ ᠳᠠᠮᠵᠢᠭᠤᠯᠬᠤ ᠤᠴᠢ᠎ᠶ᠋ᠢᠨ ᠦᠷ᠎ᠡ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号