ᠪᠡᠭᠡᠵᠢᠩ ᠥᠪᠥᠷ ᠮᠣᠩᠭᠣᠯ᠎ᠤᠨ ᠵᠠᠯᠠᠭᠤᠴᠤᠳ᠎ᠤᠨ 《ᠮᠢᠨᠦ᠍ ᠰᠡᠳᠭᠢᠯ᠎ᠳᠡᠬᠢ ᠮᠣᠩᠭᠣᠯ ᠮᠣᠷᠢ᠎ᠶ᠋ᠢ ᠡᠷᠢᠬᠦ᠌》 ᠭᠤᠤᠯ ᠰᠡᠳᠦᠪᠲᠦ ᠱᠢᠷᠢᠰ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠪᠠ
2025-12-23 19:38:54
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 11 ᠎ᠤ᠋ ᠡᠳᠦᠷ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠵᠠᠯᠠᠭᠤᠴᠤᠳ᠎ᠤᠨ ᠬᠣᠯᠪᠣᠭ᠎ᠠ᠎ᠠᠴᠠ ᠭᠤᠤᠯᠯᠠᠨ ᠡᠷᠭᠢᠯᠡᠭ᠌ᠰᠡᠨ 《ᠪᠡᠭᠡᠵᠢᠩ ᠥᠪᠥᠷ ᠮᠣᠩᠭᠣᠯ᠎ᠤᠨ ᠲᠤᠭᠠᠴᠢᠯᠠᠬᠰᠠᠨ ᠬᠠᠮᠵᠢᠯᠴᠠᠭ᠎ᠠ 〈ᠮᠢᠨᠦ᠍ ᠰᠡᠳᠭᠢᠯ᠎ᠳᠡᠬᠢ ᠮᠣᠩᠭᠣᠯ ᠮᠣᠷᠢ᠎ᠶ᠋ᠢ ᠡᠷᠢᠬᠦ᠌〉 ᠭᠤᠤᠯ ᠰᠡᠳᠦᠪᠲᠦ ᠠᠵᠢᠯᠯᠠᠭ᠎ᠠ》 ᠬᠥᠬᠡᠬᠣᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠲᠦ ᠶᠠᠪᠤᠬᠳᠠᠪᠠ᠃ ᠪᠡᠭᠡᠵᠢᠩ᠂ ᠥᠪᠥᠷ ᠮᠣᠩᠭᠣᠯ ᠬᠣᠶᠠᠷ ᠭᠠᠵᠠᠷ᠎ᠤᠨ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ᠎ᠶ᠋ᠢᠨ ᠲᠥᠯᠥᠭᠡᠯᠡᠭ᠌ᠴᠢ᠂ ᠵᠠᠯᠠᠭᠤᠴᠤᠳ᠎ᠤᠨ ᠬᠣᠯᠪᠣᠭ᠎ᠠ᠎ᠶ᠋ᠢᠨ ᠭᠡᠱᠢᠭᠦᠨ᠂ ᠵᠠᠯᠠᠭᠤᠴᠤᠳ᠎ᠤᠨ ᠠᠵᠤ ᠠᠬᠤᠢᠯᠠᠯ᠎ᠤᠨ ᠨᠡᠢᠭᠡᠮᠯᠢᠭ᠎ᠦᠨ ᠭᠡᠱᠢᠭᠦᠨ᠂ ᠵᠠᠯᠠᠭᠤ ᠮᠠᠷᠺᠰ᠎ᠤᠨ ᠦᠵᠡᠯᠲᠡᠨ᠎ᠤ ᠠᠩᠬᠢ᠎ᠶ᠋ᠢᠨ ᠰᠤᠷᠤᠬ᠍ᠴᠢ᠂ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠬ᠍ᠴᠢ᠎ᠶ᠋ᠢᠨ ᠲᠥᠯᠥᠭᠡᠯᠡᠭ᠌ᠴᠢ 120 ᠭᠠᠷᠤᠢ ᠬᠥᠮᠦᠨ ᠠᠵᠢᠯᠯᠠᠭ᠎ᠠ᠎ᠳᠤ ᠣᠷᠣᠯᠴᠠᠪᠠ᠃

ᠠᠵᠢᠯᠯᠠᠭ᠎ᠠ ᠨᠢ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 3 ᠵᠠᠯᠠᠭᠤ ᠠᠵᠢᠯᠲᠠᠨ᠂ ᠵᠠᠯᠠᠭᠤᠴᠤᠳ᠎ᠤᠨ ᠬᠣᠱᠢᠭᠤᠴᠢ ᠲᠥᠯᠥᠭᠡᠯᠡᠭ᠌ᠴᠢ᠎ᠶ᠋ᠢᠨ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠳᠤᠮᠳᠠ ᠬᠥᠱᠢᠭᠡ᠎ᠪᠡᠨ ᠰᠡᠬᠦᠵᠦ᠍᠂ ᠵᠠᠯᠠᠭᠤᠴᠤᠳ᠎ᠤᠨ ᠲᠥᠯᠥᠭᠡᠯᠡᠭ᠌ᠴᠢ ᠲᠣᠰ ᠪᠡᠶ᠎ᠡ᠎ᠶ᠋ᠢᠨ ᠠᠵᠢᠯ᠎ᠤᠨ ᠪᠠᠢᠷᠢ᠎ᠲᠠᠶ᠎ᠪᠠᠨ ᠤᠶᠠᠯᠳᠤᠭᠤᠯᠤᠨ᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠬᠦ᠌᠎ᠶ᠋ᠢ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠦᠶ᠋ᠯᠡᠳᠦᠯᠭᠡ᠎ᠳᠦ ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠠᠷᠢᠭᠤᠴᠠᠯᠭ᠎ᠠ ᠪᠠ ᠡᠭᠦᠷᠭᠡᠯᠡᠯ᠎ᠢ ᠲᠠᠢᠯᠪᠤᠷᠢᠯᠠᠪᠠ᠃

ᠬᠣᠶᠠᠷ ᠭᠠᠵᠠᠷ᠎ᠤᠨ 《2025 ᠣᠨ᠎ᠤ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ》 ᠱᠠᠩᠨᠠᠯ ᠭᠥᠷᠳᠡᠭ᠌ᠰᠡᠳ᠎ᠦᠨ ᠲᠥᠯᠥᠭᠡᠯᠡᠭ᠌ᠴᠢ ᠬᠦᠰᠡᠯᠡᠩ ᠢᠲᠡᠭᠡᠯ ᠪᠢᠱᠢᠷᠡᠯ ᠪᠣᠯᠤᠨ ᠲᠣᠰ ᠲᠣᠰ᠎ᠤᠨ᠎ᠢᠶᠠᠨ ᠮᠠᠷᠲᠠᠭ᠍ᠳᠠᠰᠢ ᠥᠬᠡᠶ ᠦᠰᠦᠨ ᠪᠣᠢᠵᠢᠭ᠍ᠰᠠᠨ ᠥᠩᠭᠡᠷᠡᠯᠲᠡ᠎ᠶ᠋ᠢᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠨ ᠬᠤᠪᠢᠶᠠᠯᠴᠠᠭ᠍ᠰᠠᠨ ᠪᠥᠭᠡᠳ ᠲᠤᠬᠠᠶ᠎ᠶ᠋ᠢᠨ ᠲᠠᠯᠠᠪᠠᠶ᠎ᠶ᠋ᠢᠨ ᠦᠵᠡᠭ᠌ᠴᠢᠳ᠎ᠲᠡᠶ ᠰᠠᠨᠠᠯ᠎ᠢᠶᠠᠨ ᠰᠣᠯᠢᠯᠴᠠᠵᠤ᠂ ᠬᠣᠶᠠᠷ ᠭᠠᠵᠠᠷ᠎ᠤᠨ ᠵᠠᠯᠠᠭᠤᠴᠤᠳ᠎ᠲᠤ 《ᠬᠦᠳᠡᠯᠦᠩᠭᠦᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 ᠬᠠᠩᠭᠠᠪᠠ᠃

ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠵᠠᠯᠠᠭᠤᠴᠤᠳ᠎ᠤᠨ ᠬᠣᠯᠪᠣᠭ᠎ᠠ᠎ᠶ᠋ᠢᠨ᠎ᠬᠢᠨ ᠪᠥᠬᠥ᠌ ᠣᠷᠣᠨ᠎ᠤ ᠥᠷᠭᠡᠨ ᠣᠯᠠᠨ ᠵᠠᠯᠠᠭᠤᠴᠤᠳ᠎ᠲᠤ 《ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠬᠣᠱᠢᠭᠤᠴᠢ ᠪᠣᠯᠬᠤ᠎ᠪᠠᠷ ᠴᠢᠷᠮᠠᠢᠬᠤ ᠰᠠᠨᠠᠭᠠᠴᠢᠯᠠᠭ᠎ᠠ᠎ᠶ᠋ᠢᠨ ᠪᠢᠴᠢᠭ》 ᠢ᠋ ᠲᠠᠷᠬᠠᠭᠠᠬᠤ ᠵᠢᠨ ᠬᠠᠮᠲᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 6 ᠵᠠᠯᠠᠭᠤ ᠠᠵᠢᠯᠲᠠᠨ᠎ᠢ ᠥᠪᠡᠷᠲᠡᠭᠡᠨ ᠵᠠᠰᠠᠬᠤ ᠣᠷᠣᠨ᠎ᠤ ᠵᠠᠯᠠᠭᠤᠴᠤᠳ᠎ᠤᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠤᠳᠤᠨ》 ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠢᠶᠡᠷ ᠤᠷᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号