ᠥᠪᠥᠷ ᠮᠣᠩᠭᠣᠯ᠎ᠤᠨ 《ᠵᠢᠷᠭᠤᠭᠠᠨ ᠵᠢᠵᠢᠭ ᠪᠥᠮᠪᠥᠭᠡ 》 ᠶ᠋ᠢᠨ ᠬᠣᠲᠠ᠎ᠶ᠋ᠢᠨ ᠬᠣᠯᠪᠣᠭᠠᠲᠤ ᠤᠷᠤᠯᠳᠤᠭᠠᠨ᠎ᠤ ᠲᠡᠪᠡᠭ᠎ᠦᠨ ᠲᠥᠷᠥᠯ ᠵᠦᠢᠯ᠎ᠦᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ ᠤᠢᠷ᠎ᠠ ᠵᠢᠨ ᠡᠳᠦᠷ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠥᠲᠥᠨ ᠪᠥᠮᠪᠥᠭᠡ᠎ᠶ᠋ᠢᠨ ᠣᠷᠳᠣᠨ᠎ᠳᠤ ᠶᠠᠪᠤᠬᠳᠠᠪᠠ᠃
ᠲᠤᠰ ᠤᠳᠠᠭᠠᠨ᠎ᠤ ᠤᠷᠤᠯᠳᠤᠭᠠᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠶᠡᠷᠦᠩᠬᠡᠶ ᠨᠡᠢᠭᠡᠮᠯᠢᠭ᠎ᠡᠴᠡ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠲᠡᠪᠡᠭ᠎ᠦᠨ ᠨᠡᠢᠭᠡᠮᠯᠢᠭ ᠳᠠᠭᠠᠭᠠᠴᠢᠯᠠᠨ ᠡᠷᠬᠢᠯᠡᠵᠦ᠍᠂ 11 ᠠᠢᠮᠠᠭ ᠬᠣᠲᠠ᠎ᠶ᠋ᠢᠨ ᠬᠤᠪᠢᠶᠠᠷᠢ ᠥᠷᠲᠡᠭᠡ ᠡᠴᠡ ᠴᠣᠯᠭᠣᠷᠠᠨ ᠭᠠᠷᠤᠭ᠍ᠰᠠᠨ 200 ᠭᠠᠷᠤᠶ ᠲᠠᠮᠢᠷᠴᠢᠨ ᠤᠷᠤᠯᠴᠠᠪᠠ᠃ ᠤᠷᠤᠯᠳᠤᠭᠠᠨ ᠤ ᠲᠠᠯᠠᠪᠤᠷ᠎ᠲᠤ ᠲᠠᠮᠢᠷᠴᠢᠳ ᠥᠪᠡᠷ ᠥᠪᠡᠷ ᠦᠨ ᠤᠷ᠎ᠠ ᠮᠡᠷᠭᠡᠵᠢᠯ᠎ᠢᠶᠡᠨ ᠳᠡᠯᠭᠡᠨ ᠦᠵᠡᠭᠦᠯᠵᠦ᠍᠂ ᠤᠷᠤᠯᠳᠤᠭᠠᠨ᠎ᠤ ᠳᠤᠮᠳᠠ ᠬᠠᠷᠢᠯᠴᠠᠨ ᠲᠤᠷᠱᠢᠯᠭ᠎ᠠ ᠪᠠᠨ ᠰᠣᠯᠢᠯᠴᠠᠵᠤ᠂ ᠲᠤᠬᠠᠶ ᠶ᠋ᠢᠨ ᠲᠠᠯᠠᠪᠠᠶ᠎ᠳᠤ ᠪᠠᠶᠠᠷ ᠪᠠᠶᠠᠰᠤᠯ ᠪᠠ ᠠᠮᠢᠵᠢᠷᠠᠯ ᠤᠨ ᠬᠦᠴᠦᠨ᠎ᠢᠶᠡᠷ ᠪᠢᠯᠬᠠᠮ᠎ᠠ ᠪᠠᠢᠯ᠎ᠠ᠃ ᠲᠡᠪᠡᠭ᠎ᠦᠨ ᠬᠥᠳᠡᠯᠭᠡᠭᠡᠨ ᠨᠢ ᠥᠪᠥᠷ ᠮᠣᠩᠭᠣᠯ ᠳᠤ ᠭᠦᠨ ᠵᠤᠵᠠᠭᠠᠨ ᠣᠯᠠᠨ ᠲᠦᠮᠡᠨᠴᠢ ᠰᠠᠭᠤᠷᠢ᠎ᠲᠠᠶ ᠪᠠᠢᠵᠤ᠂ ᠨᠠᠩ ᠴᠤ᠌ ᠪᠥᠬᠥ᠌ ᠠᠷᠠᠳ ᠤᠨ ᠪᠡᠶ᠎ᠡ ᠴᠢᠭᠢᠷᠠᠭ᠍ᠵᠢᠭᠤᠯᠬᠤ ᠶ᠋ᠢ ᠠᠬᠢᠭᠤᠯᠬᠤ ᠠᠮᠢᠵᠢᠷᠠᠯ᠎ᠤᠨ ᠬᠦᠴᠦᠨ᠎ᠦ ᠠᠴᠢᠶᠠᠯᠠᠪᠤᠷᠢ ᠪᠣᠯᠤᠭ᠍ᠰᠠᠨ ᠪᠠᠢᠨ᠎ᠠ᠃
ᠥᠪᠥᠷ ᠮᠣᠩᠭᠣᠯ ᠤᠨ 《ᠵᠢᠷᠭᠤᠭᠠᠨ ᠵᠢᠵᠢᠭ ᠪᠥᠮᠪᠥᠭᠡ 》 ᠶ᠋ᠢᠨ ᠬᠣᠲᠠ᠎ᠶ᠋ᠢᠨ ᠬᠣᠯᠪᠣᠭᠠᠲᠤ ᠤᠷᠤᠯᠳᠤᠭᠠᠨ᠎ᠤ ᠲᠡᠪᠡᠭ ᠤᠨ ᠲᠥᠷᠥᠯ ᠵᠦᠶ᠋ᠯ ᠨᠢ 7 ᠰᠠᠷ᠎ᠠ ᠭᠠᠷᠤᠶ ᠶᠠᠪᠤᠭ᠍ᠳᠠᠵᠤ᠂ ᠲᠦᠮᠡ ᠱᠢᠬᠠᠮ ᠲᠡᠪᠡᠭ᠎ᠤᠨ ᠬᠦᠳᠡᠯᠭᠡᠭᠡᠨ᠎ᠳᠦ ᠪᠠᠬᠠᠲᠠᠶ ᠬᠥᠮᠦᠰ ᠣᠷᠣᠯᠴᠠᠵᠠᠶ᠃ ᠤᠷᠤᠯᠳᠤᠭᠠᠨ᠎ᠨᠢ 《ᠦᠵᠡᠵᠦ᠍ ᠪᠣᠯᠬᠤ᠂ ᠨᠠᠭᠠᠳᠴᠤ᠌ ᠪᠣᠯᠬᠤ᠂ ᠬᠤᠪᠢᠶᠠᠯᠴᠠᠵᠤ ᠪᠣᠯᠬᠤ 》 ᠣᠷᠣᠯᠴᠠᠬᠤ ᠵᠠᠭ᠍ᠪᠤᠷ᠎ᠢᠶᠠᠷ ᠳᠠᠮᠵᠢᠨ᠂ ᠨᠠᠩ ᠣᠯᠠᠨ ᠬᠣᠲᠠ᠎ᠶ᠋ᠢᠨ ᠠᠷᠠᠳ ᠲᠤ ᠤᠯᠠᠮᠵᠢᠯᠠᠯᠲᠤ ᠪᠡᠶ᠎ᠡ ᠶ᠋ᠢᠨ ᠲᠠᠮᠢᠷ ᠤᠨ ᠲᠥᠷᠥᠯ ᠵᠦᠶ᠋ᠯ᠎ᠦᠨ ᠣᠲᠣ ᠦᠶ᠎ᠡ ᠶ᠋ᠢᠨ ᠷᠢᠳᠢ ᠱᠢᠳᠢ ᠶ᠋ᠢ ᠮᠡᠳᠡᠷᠡᠭᠦᠯᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠢᠯᠠᠭᠠᠭ᠍ᠳᠠᠬᠤᠨ ᠢ ᠤᠷᠤᠯᠳᠤᠭᠠᠨ ᠪᠠ ᠰᠣᠯᠢᠯᠴᠠᠭ᠎ᠠ᠎ᠶ᠋ᠢᠨ ᠳᠤᠮᠳᠠ ᠦᠢᠯᠡᠳᠦᠯᠭᠡᠵᠢᠭᠦᠯᠪᠡ᠃