《ᠢᠨᠲ᠋ᠸᠷ ᠰᠦᠯᠵᠢᠶᠡᠨ᠎ᠦ ᠲᠠᠪᠴᠠᠩ᠎ᠤᠨ ᠦᠨ᠎ᠡ ᠬᠠᠩᠰᠢ᠎ᠶ᠋ᠢᠨ ᠠᠵᠢᠯᠯᠠᠭᠠᠨ᠎ᠤ ᠲᠦᠷᠢᠮ》 ᠢ᠋ ᠨᠡᠢᠲᠡᠯᠡᠪᠡ
2025-12-24 10:49:53
ᠵᠣᠬᠢᠶᠠᠭ᠍ᠴᠢ᠄
ᠸᠧᠶ ᠬᠣᠩ ᠢ ᠸᠧᠶ ᠢᠦᠶ ᠺᠦᠨ
ᠣᠩᠱᠢᠭ᠍ᠰᠠᠨ ᠣᠳᠠᠭ᠎ᠠ᠄
★★★☆☆

ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠠᠪᠴᠠᠩ᠎ᠤᠨ ᠠᠵᠤ ᠠᠬᠤᠶ᠎ᠶ᠋ᠢᠨ ᠱᠢᠨ᠎ᠡ ᠡᠭᠦᠳᠦᠯᠲᠡ ᠪᠠ ᠡᠷᠡᠭᠦᠯ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠤᠯᠤᠰ᠎ᠤᠨ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ᠎ᠦᠨ ᠬᠠᠮᠲᠤᠷᠠᠨ ᠳᠠᠷᠤᠮᠠᠯᠯᠠᠨ ᠲᠠᠷᠬᠠᠭᠠᠭ᠍ᠰᠠᠨ《ᠢᠨᠲ᠋ᠸᠷ ᠰᠦᠯᠵᠢᠶᠡᠨ᠎ᠦ ᠲᠠᠪᠴᠠᠩ᠎ᠤᠨ ᠦᠨ᠎ᠡ ᠬᠠᠩᠰᠢ᠎ᠶ᠋ᠢᠨ ᠠᠵᠢᠯᠯᠠᠭᠠᠨ᠎ᠤ ᠲᠦᠷᠢᠮ》 ᠢ᠋ ᠤᠢᠷ᠎ᠡ ᠵᠢᠨ ᠡᠳᠦᠷ ᠨᠡᠢᠲᠡᠯᠡᠪᠡ᠃

ᠣᠢᠯᠠᠭᠠᠭ᠍ᠰᠠᠨ᠎ᠢᠶᠠᠷ᠂ ᠭᠤᠷᠪᠠᠨ ᠰᠠᠯᠠᠭ᠎ᠠ ᠮᠥᠴᠢᠷ 2025 ᠣᠨ᠎ᠤ 8 ᠰᠠᠷ᠎ᠠ᠎ᠶ᠋ᠢᠨ 23 ᠤ᠋ ᠡᠳᠦᠷ᠎ᠡᠴᠡ 9 ᠰᠠᠷ᠎ᠠ᠎ᠶ᠋ᠢᠨ 22 ᠤ᠋ᠨ ᠡᠳᠦᠷ ᠪᠣᠯᠲᠠᠯ᠎ᠠ ᠠᠵᠢᠯᠯᠠᠭ᠎ᠠ᠎ᠶ᠋ᠢᠨ ᠲᠦᠷᠢᠮ᠎ᠦᠨ ᠲᠤᠬᠠᠶ ᠨᠡᠢᠭᠡᠮ ᠡᠴᠡ ᠢᠯᠡ᠎ᠪᠡᠷ ᠰᠠᠨᠠᠯ ᠬᠤᠷᠢᠶᠠᠪᠠ᠃ ᠡᠯ᠎ᠡ ᠲᠠᠯ᠎ᠠ᠎ᠶ᠋ᠢᠨ ᠬᠢᠨ᠎ᠦ ᠰᠠᠨᠠᠯ᠎ᠢ ᠦᠨᠳᠦᠰᠦᠯᠡᠨ᠂ ᠠᠵᠢᠯᠯᠠᠭ᠎ᠠ᠎ᠶ᠋ᠢᠨ ᠲᠦᠷᠢᠮ᠎ᠳᠦ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠦᠨ᠎ᠡ ᠬᠠᠩᠰᠢ᠎ᠶ᠋ᠢᠨ ᠠᠵᠢᠯᠯᠠᠭ᠎ᠠ᠎ᠶ᠋ᠢ ᠬᠦᠴᠦᠯᠡᠨ ᠵᠢᠷᠤᠮᠵᠢᠭᠤᠯᠵᠤ᠂ ᠢᠯᠡ ᠲᠣᠳᠣ ᠪᠠᠢᠬᠤ᠎ᠶ᠋ᠢ ᠠᠬᠢᠭᠤᠯᠤᠨ᠂ ᠡᠯ᠎ᠡ ᠲᠠᠯ᠎ᠠ᠎ᠶ᠋ᠢᠨ ᠬᠢᠨ᠎ᠦ ᠬᠠᠮᠵᠢᠯᠴᠠᠭ᠎ᠠ᠎ᠶ᠋ᠢ ᠴᠢᠩᠭᠠᠳᠭᠠᠵᠤ᠂ ᠰᠠᠢᠨ ᠰᠠᠢᠬᠠᠨ ᠲᠠᠪᠴᠠᠩ᠎ᠤᠨ ᠠᠮᠢ ᠠᠬᠤᠶ᠎ᠶ᠋ᠢ ᠪᠠᠢᠭᠤᠯᠬᠤ ᠪᠤᠯᠤᠨ᠎ᠠ᠃

ᠨᠢᠭᠡ᠎ᠳᠦ᠂ ᠦᠨ᠎ᠡ ᠬᠠᠩᠰᠢ᠎ᠶ᠋ᠢᠨ ᠥᠷᠢᠰᠥᠯᠳᠦᠭᠡᠨ᠎ᠦ ᠡᠮᠬᠢ ᠵᠢᠷᠤᠮ᠎ᠢ ᠵᠢᠷᠤᠮᠵᠢᠭᠤᠯᠤᠨ᠎ᠠ᠃ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠬᠠᠤᠯᠢ ᠴᠠᠭᠠᠵᠠ ᠬᠠᠤᠯᠢ ᠲᠣᠭ᠍ᠲᠠᠭᠠᠯ᠎ᠢ ᠦᠨᠳᠦᠰᠦᠯᠡᠨ᠂ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠲᠠᠪᠴᠠᠩ᠎ᠤᠨ ᠡᠵᠡᠩᠨᠡᠭ᠌ᠴᠢ᠂ ᠲᠠᠪᠴᠠᠩ᠎ᠤᠨ ᠳᠣᠲᠣᠷᠠᠬᠢ ᠡᠵᠡᠩᠨᠡᠭ᠌ᠴᠢ᠎ᠳᠦ ᠲᠣᠳᠣᠷᠬᠠᠶ ᠦᠨ᠎ᠡ ᠬᠠᠩᠰᠢ᠎ᠶ᠋ᠢᠨ ᠦᠶ᠋ᠯᠡ ᠠᠵᠢᠯᠯᠠᠭ᠎ᠠ᠎ᠶ᠋ᠢᠨ ᠵᠢᠯᠣᠭᠣᠳᠤᠮᠵᠢ ᠬᠠᠩᠭᠠᠵᠤ᠂ ᠴᠢᠨᠠᠷ ᠰᠠᠢᠲᠠᠶ ᠪᠦᠭᠡᠳ ᠵᠦᠢ ᠵᠤᠬᠢᠰᠳᠠᠢ ᠦᠨ᠎ᠡ ᠬᠠᠩᠰᠢ᠎ᠲᠠᠶ᠂ ᠡᠷᠬᠡ ᠲᠡᠭᠰᠢ ᠥᠷᠢᠰᠥᠯᠳᠦᠬᠦ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠪᠣᠶ ᠪᠣᠯᠭᠠᠨ᠎ᠠ᠃

ᠬᠣᠶᠠᠷ᠎ᠲᠤ᠂ ᠡᠵᠡᠩᠨᠡᠭ᠌ᠴᠢ᠎ᠶ᠋ᠢᠨ ᠡᠵᠡᠨ ᠮᠡᠳᠡᠵᠦ᠍ ᠦᠨ᠎ᠡ ᠲᠣᠭ᠍ᠲᠠᠭᠠᠬᠤ ᠡᠷᠬᠡ᠎ᠶ᠋ᠢ ᠬᠠᠮᠠᠭᠠᠯᠠᠨ᠎ᠠ᠃ ᠲᠠᠪᠴᠠᠩ᠎ᠤᠨ ᠳᠣᠲᠣᠷᠠᠬᠢ ᠡᠵᠡᠩᠨᠡᠭ᠌ᠴᠢ᠎ᠶ᠋ᠢᠨ ᠡᠵᠡᠨ ᠮᠡᠳᠡᠵᠦ᠍ ᠦᠨ᠎ᠡ ᠲᠣᠭ᠍ᠲᠠᠭᠠᠬᠤ ᠡᠷᠬᠡ ᠵᠢᠨ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠲᠠᠪᠴᠠᠩ ᠤ᠋ᠨ ᠡᠵᠡᠩᠨᠡᠭᠴᠢ ᠨᠢ ᠲᠠᠪᠴᠠᠩ᠎ᠤᠨ ᠳᠣᠲᠣᠷᠠᠬᠢ ᠡᠵᠡᠩᠨᠡᠭ᠌ᠴᠢ᠎ᠶ᠋ᠢᠨ ᠦᠨ᠎ᠡ ᠬᠠᠩᠰᠢ᠎ᠶ᠋ᠢᠨ ᠠᠵᠢᠯᠯᠠᠭ᠎ᠠ᠎ᠳᠤ ᠵᠦᠶ ᠵᠣᠬᠢᠰ ᠥᠬᠡᠶ ᠬᠢᠵᠠᠭᠠᠷᠯᠠᠯ ᠶᠠᠪᠤᠭᠤᠯᠬᠤ ᠪᠤᠶᠤ ᠵᠦᠶ ᠵᠣᠬᠢᠰ ᠥᠬᠡᠶ ᠨᠥᠬᠥᠴᠡᠯ ᠳᠠᠭᠠᠯᠳᠤᠭᠤᠯᠵᠤ ᠪᠣᠯᠬᠤ ᠥᠬᠡᠶ ᠭᠡᠵᠦ᠍ ᠲᠣᠳᠣᠷᠬᠠᠢᠯᠠᠪᠠ᠃

ᠭᠤᠷᠪᠠ᠎ᠳᠤ᠂ ᠬᠡᠷᠡᠭ᠌ᠯᠡᠭ᠌ᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠎ᠠ᠃ ᠦᠨ᠎ᠡ ᠬᠠᠩᠰᠢ᠎ᠶ᠋ᠢ ᠢᠯᠡ ᠬᠠᠳᠠᠬᠤ ᠲᠦᠷᠢᠮ᠎ᠢ ᠨᠠᠢᠳᠠᠪᠤᠷᠢᠵᠢᠭᠤᠯᠵᠤ᠂ ᠬᠥᠳᠡᠯᠦᠩᠭᠦᠶ᠎ᠪᠡᠷ ᠦᠨ᠎ᠡ ᠲᠣᠭ᠍ᠲᠠᠭᠠᠬᠤ᠂ ᠢᠯᠭᠠᠭ᠎ᠠ ᠲᠠᠢ ᠪᠡᠷ ᠦᠨ᠎ᠡ ᠲᠣᠭ᠍ᠲᠠᠭᠠᠬᠤ ᠵᠡᠷᠭᠡ ᠲᠦᠷᠢᠮ᠎ᠢ ᠢᠯᠡ ᠪᠣᠯᠭᠠᠬᠤ᠎ᠶ᠋ᠢ ᠠᠬᠢᠭᠤᠯᠵᠤ᠂ ᠨᠢᠭᠤᠴᠠ ᠨᠤᠮᠸᠷ ᠦᠭᠡᠢ ᠪᠡᠷ ᠲᠣᠭᠠᠴᠠᠭ᠎ᠠ ᠬᠢᠬᠦ᠌᠂ ᠠᠦ᠋ᠲ᠋ᠣ᠋᠎ᠪᠠᠷ ᠬᠤᠭᠤᠴᠠᠭ᠎ᠠ ᠤᠷᠲᠤᠳᠭᠠᠬᠤ᠂ ᠠᠦ᠋ᠲ᠋ᠣ᠋᠎ᠪᠠᠷ ᠵᠣᠭᠣᠰ ᠬᠠᠰᠤᠬᠤ ᠵᠡᠷᠭᠡ ᠦᠶ᠋ᠯᠡᠴᠢᠯᠡᠭᠡ᠎ᠶ᠋ᠢ ᠵᠢᠷᠤᠮᠵᠢᠭᠤᠯᠵᠤ᠂ ᠬᠡᠷᠡᠭ᠌ᠯᠡᠭ᠌ᠴᠢᠳ᠎ᠦᠨ ᠪᠠᠢᠳᠠᠯ᠎ᠢ ᠮᠡᠳᠡᠬᠦ᠌ ᠡᠷᠬᠡ᠂ ᠰᠣᠩᠭᠣᠬᠤ ᠡᠷᠬᠡ᠎ᠶ᠋ᠢ ᠨᠠᠩ ᠰᠠᠢᠨ ᠬᠠᠮᠠᠭᠠᠯᠠᠨ᠎ᠠ᠃

ᠠᠵᠢᠯᠯᠠᠭᠠᠨ᠎ᠤ ᠲᠦᠷᠢᠮ ᠎ᠢ 2026 ᠣᠨ᠎ᠤ 4 ᠰᠠᠷ᠎ᠠ᠎ᠶ᠋ᠢᠨ 10 ᠤ᠋ ᠡᠳᠦᠷ᠎ᠡᠴᠡ ᠡᠬᠢᠯᠡᠨ ᠬᠡᠷᠡᠭ᠌ᠵᠢᠭᠦᠯᠵᠦ᠍᠂ ᠡᠵᠡᠩᠨᠡᠭ᠌ᠴᠢᠳ᠎ᠲᠦ ᠴᠢᠬᠤᠯᠠ ᠪᠥᠬᠥᠶ ᠲᠣᠬᠢᠷᠠᠭᠤᠯᠤᠯᠲᠠ ᠬᠢᠬᠦ᠌ ᠴᠠᠭ ᠦᠯᠡᠳᠡᠭᠡᠵᠦ᠍ ᠥᠭ᠌ᠭᠦᠨ᠎ᠡ᠃ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠤᠯᠤᠰ᠎ᠤᠨ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠬᠡᠷ ᠡᠴᠡ ᠭᠤᠤᠯ ᠲᠠᠪᠴᠠᠩ᠎ᠤᠨ ᠡᠵᠡᠩᠨᠡᠭ᠌ᠴᠢ᠎ᠶ᠋ᠢ ᠵᠣᠬᠢᠶᠠᠨ ᠪᠠᠢᠭᠤᠯᠵᠤ ᠠᠵᠢᠯᠯᠠᠭ᠎ᠠ᠎ᠶ᠋ᠢᠨ ᠲᠦᠷᠢᠮ᠎ᠦᠨ ᠡᠯ᠎ᠡ ᠵᠦᠶ᠋ᠯ᠎ᠦᠨ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠲᠠᠶ ᠬᠠᠷᠭᠤᠭᠤᠯᠤᠨ ᠪᠠᠢᠴᠠᠭᠠᠵᠤ᠂ ᠦᠨ᠎ᠡ ᠬᠠᠩᠰᠢ᠎ᠶ᠋ᠢᠨ ᠠᠵᠢᠯᠯᠠᠭ᠎ᠠ᠎ᠶ᠋ᠢ ᠤᠬᠠᠮᠰᠠᠷ ᠡᠴᠡ᠎ᠪᠠᠨ ᠵᠢᠷᠤᠮᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠨ᠎ᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号