ᠰᠤᠷᠪᠤᠯᠵᠢᠯᠠᠭ᠍ᠴᠢ 19 ᠤ᠋ ᠡᠳᠦᠷ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠳᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠡᠴᠡ 《ᠭᠠᠭ᠍ᠴᠠᠭᠠᠷ ᠡᠵᠡᠮᠱᠢᠬᠦ᠌ ᠶ᠋ᠢ ᠴᠠᠭᠠᠵᠠᠯᠠᠬᠤ ᠵᠥᠪᠯᠡᠯᠴᠡᠭᠡᠷ᠎ᠦᠨ ᠲᠣᠭ᠍ᠲᠠᠭᠠᠯ》 ᠳ᠋ᠤ ᠵᠠᠰᠠᠪᠤᠷᠢ ᠣᠷᠣᠭᠤᠯᠵᠤ᠂ ᠴᠠᠭᠠᠵᠠᠯᠠᠬᠤ ᠥᠬᠡᠶ ᠭᠤᠯᠳᠤ ᠴᠢᠭ᠌ᠯᠡᠯ᠎ᠦᠨ ᠭᠠᠭ᠍ᠴᠠᠭᠠᠷ ᠡᠵᠡᠮᠱᠢᠬᠦ᠌ ᠵᠥᠪᠯᠡᠯᠴᠡᠭᠡᠷ᠎ᠤᠨ ᠱᠠᠭᠠᠷᠳᠠᠬᠤ ᠨᠦᠬᠦᠴᠡᠯ ᠳ᠋ᠤ ᠨᠡᠢᠴᠡᠬᠦ᠌ ᠵᠠᠬ᠎ᠠ ᠳᠡᠯᠭᠡᠭᠦᠷ᠎ᠦᠨ ᠡᠵᠡᠯᠡᠬᠦ ᠬᠠᠷᠢᠴᠠᠯ ᠤᠨ ᠪᠠᠷᠢᠮᠵᠢᠶ᠎ᠠ ᠪᠣᠯᠤᠨ ᠪᠤᠰᠤᠳ ᠨᠥᠬᠥᠴᠡᠯ᠎ᠢ ᠲᠣᠳᠣᠷᠬᠠᠢᠯᠠᠵᠤ᠂ 2026 ᠣᠨ᠎ᠤ 2 ᠰᠠᠷ᠎ᠠ᠎ᠶ᠋ᠢᠨ 1 ᠤ᠋ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃
ᠲᠠᠨᠢᠯᠴᠠᠭᠤᠯᠤᠭ᠍ᠰᠠᠨ᠎ᠢᠶᠠᠷ᠂ ᠭᠠᠭ᠍ᠴᠠᠭᠠᠷ ᠡᠵᠡᠮᠱᠢᠬᠦ᠌ ᠵᠢ ᠡᠰᠡᠷᠭᠦᠴᠡᠬᠦ᠌ ᠬᠠᠤᠯᠢ᠎ᠶ᠋ᠢᠨ ᠲᠣᠭ᠍ᠲᠠᠭᠠᠯ᠎ᠢ ᠦᠨᠳᠦᠰᠦᠯᠡᠪᠡᠯ᠂ ᠵᠠᠬ᠎ᠠ ᠳᠡᠯᠭᠡᠭᠦᠷ᠎ᠦᠨ ᠡᠵᠡᠯᠡᠬᠦ ᠬᠠᠷᠢᠴᠠᠯ ᠨᠢ ᠵᠣᠬᠢᠬᠤ ᠪᠠᠷᠢᠮᠵᠢᠶ᠎ᠠ᠎ᠡᠴᠡ ᠳᠣᠣᠷ᠎ᠠ ᠪᠥᠭᠡᠳ ᠬᠣᠯᠪᠣᠭ᠍ᠳᠠᠯ ᠪᠦᠬᠦᠢ ᠨᠥᠬᠥᠴᠡᠯ᠎ᠳᠦ ᠨᠡᠢᠴᠡᠭ᠌ᠰᠡᠨ ᠡᠵᠡᠩᠨᠡᠭ᠌ᠴᠢ᠎ᠶ᠋ᠢᠨ ᠲᠣᠭ᠍ᠲᠠᠭᠠᠭ᠍ᠰᠠᠨ ᠭᠤᠯᠳᠤ ᠴᠢᠭ᠌ᠯᠡᠯ᠎ᠦᠨ ᠭᠠᠭ᠍ᠴᠠᠭᠠᠷ ᠡᠵᠡᠮᠱᠢᠬᠦ᠌ ᠵᠦᠪᠯᠡᠯᠴᠡᠭᠡᠷ᠎ᠢ ᠴᠠᠭᠠᠵᠠᠯᠠᠬᠤ ᠦᠭᠡᠢ᠃
ᠵᠠᠬ᠎ᠠ ᠳᠡᠯᠭᠡᠭᠦᠷ᠎ᠦᠨ ᠡᠵᠡᠯᠡᠬᠦ ᠬᠠᠷᠢᠴᠠᠯ᠎ᠤᠨ ᠪᠠᠷᠢᠮᠵᠢᠶ᠎ᠠ ᠪᠠ ᠨᠥᠬᠥᠴᠡᠯ᠎ᠢ ᠲᠣᠳᠣᠷᠬᠠᠢᠯᠠᠵᠤ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠤᠨ᠂ ᠵᠠᠬ᠎ᠠ ᠳᠡᠯᠭᠡᠭᠦᠷ᠎ᠦᠨ ᠡᠷᠬᠡ ᠲᠡᠭ᠌ᠰᠢ ᠥᠷᠢᠰᠥᠯᠳᠦᠭᠡᠨ᠎ᠢ ᠬᠠᠮᠠᠭᠠᠯᠠᠬᠤ᠎ᠶ᠋ᠢᠨ ᠲᠥᠯᠥᠭᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠡᠴᠡ ᠪᠣᠯᠭᠣᠮᠵᠢᠲᠠᠶ ᠰᠤᠳᠤᠯᠤᠨ ᠦᠨᠡᠯᠡᠬᠦ᠌᠎ᠶ᠋ᠢᠨ ᠬᠠᠮᠲᠤ ᠣᠯᠠᠨ ᠲᠠᠯ᠎ᠠ᠎ᠶ᠋ᠢᠨ ᠬᠢᠨ᠎ᠡᠴᠡ ᠰᠠᠨᠠᠯ ᠬᠤᠷᠢᠶᠠᠬᠤ᠎ᠪᠠᠷ ᠳᠡᠮᠵᠢᠨ᠂ ᠠᠳᠠᠯᠢ ᠪᠤᠰᠤ ᠲᠥᠷᠥᠯ ᠬᠡᠯᠪᠡᠷᠢ᠎ᠶ᠋ᠢᠨ ᠭᠤᠯᠳᠤᠴᠢᠭᠯᠡᠯᠤᠨ ᠭᠠᠭ᠍ᠴᠠᠭᠠᠷ ᠡᠵᠡᠮᠱᠢᠬᠦ᠌ ᠵᠦᠪᠯᠡᠯᠴᠡᠭᠡᠷ᠎ᠦᠨ ᠢᠯᠡᠷᠡᠯ᠎ᠦᠨ ᠬᠡᠯᠪᠡᠷᠢ ᠪᠠ ᠬᠤᠤᠷ ᠬᠥᠨᠥᠭᠡᠯ᠎ᠦᠨ ᠦᠷ᠎ᠡ ᠳ᠋ᠦᠩ᠎ᠢ ᠦᠨᠳᠦᠰᠦᠯᠡᠨ᠂ ᠵᠦᠷᠢᠶᠡᠴᠢᠯᠡᠭ᠌ᠰᠡᠨ ᠪᠠᠷᠢᠮᠵᠢᠶ᠎ᠠ ᠪᠠ ᠨᠥᠬᠥᠴᠡᠯ᠎ᠢ ᠲᠣᠰ ᠲᠣᠰ ᠲᠣᠭ᠍ᠲᠠᠭᠠᠵᠤ᠂ ᠲᠦᠷᠢᠮ᠎ᠢ ᠨᠠᠩ ᠣᠨᠣᠪᠴᠢᠲᠠᠢ᠂ ᠬᠠᠨᠳᠤᠯᠭᠠᠲᠤ ᠴᠢᠨᠠᠷᠲᠠᠢ ᠪᠠ ᠪᠣᠳᠠᠲᠤ ᠦᠷ᠎ᠡ ᠪᠦᠲᠦᠮᠵᠢᠲᠦ ᠴᠢᠨᠠᠷᠲᠠᠢ ᠪᠣᠯᠭᠠᠵᠠᠶ᠃
ᠱᠢᠨ᠎ᠡ ᠲᠣᠭ᠍ᠲᠠᠭᠠᠯ᠎ᠢ ᠦᠨᠳᠦᠰᠦᠯᠡᠪᠡᠯ᠂ ᠱᠢᠯᠵᠢᠭᠦᠯᠦᠨ ᠬᠤᠳᠠᠯᠳᠤᠬᠤ ᠲᠠᠸᠠᠷ᠎ᠤᠨ ᠦᠨ᠎ᠡ᠎ᠶ᠋ᠢ ᠲᠣᠭ᠍ᠲᠠᠮᠠᠯ ᠪᠤᠯᠭᠠᠭᠰᠠᠨ ᠪᠤᠶᠤ ᠬᠢᠵᠠᠭᠠᠷᠯᠠᠭᠰᠠᠨ ᠭᠤᠯᠳᠤ ᠴᠢᠭ᠌ᠯᠡᠯ᠎ᠦᠨ ᠵᠦᠪᠯᠡᠯᠴᠡᠭᠡᠷ᠎ᠲᠦ᠂ ᠡᠵᠡᠩᠨᠡᠭ᠌ᠴᠢᠳᠦᠨ ᠵᠦᠪᠯᠡᠯᠴᠡᠭᠡᠷ᠎ᠦᠨ ᠬᠤᠭᠤᠴᠠᠭᠠᠨ᠎ᠳᠡᠬᠢ ᠬᠣᠯᠪᠣᠭ᠍ᠳᠠᠯ ᠪᠦᠬᠦᠢ ᠵᠠᠬ᠎ᠠ ᠳᠡᠯᠭᠡᠭᠦᠷ᠎ᠲᠡᠬᠢ ᠵᠠᠬ᠎ᠠ ᠳᠡᠯᠭᠡᠭᠦᠷ᠎ᠤᠨ ᠡᠵᠡᠯᠡᠬᠦ ᠬᠠᠷᠢᠴᠠᠯ ᠨᠢ 5% ᠡᠴᠡ ᠳᠣᠣᠷ᠎ᠠ ᠪᠠᠢᠬᠤ᠎ᠶ᠋ᠢᠨ ᠬᠠᠮᠲᠤ ᠵᠦᠪᠯᠡᠯᠴᠡᠭᠡᠷ᠎ᠲᠦ ᠬᠣᠯᠪᠣᠭ᠍ᠳᠠᠭ᠍ᠰᠠᠨ ᠲᠠᠸᠠᠷ᠎ᠤᠨ ᠡᠵᠡᠩᠨᠡᠯᠲᠡ᠎ᠶ᠋ᠢᠨ ᠬᠡᠮᠵᠢᠶ᠎ᠡ ᠨᠢ 1 ᠳ᠋ᠦᠩᠱᠢᠭᠤᠷ ᠲᠥᠭᠥᠷᠢᠭ᠎ᠡᠴᠡ ᠳᠣᠣᠷ᠎ᠠ ᠪᠠᠢᠪᠠᠯ ᠴᠠᠭᠠᠵᠠᠯᠠᠬᠤ ᠦᠭᠡᠢ; ᠪᠤᠰᠤᠳ ᠭᠤᠯᠳᠤ ᠴᠢᠭ᠌ᠯᠡᠯ᠎ᠦᠨ ᠵᠦᠪᠯᠡᠯᠴᠡᠭᠡᠷ᠎ᠲᠦ᠂ ᠡᠵᠡᠩᠨᠡᠭ᠌ᠴᠢᠳᠦᠨ ᠵᠦᠪᠯᠡᠯᠴᠡᠭᠡᠷ᠎ᠦᠨ ᠬᠤᠭᠤᠴᠠᠭᠠᠨ᠎ᠳᠡᠬᠢ ᠬᠣᠯᠪᠣᠭ᠍ᠳᠠᠯ ᠪᠦᠬᠦᠢ ᠵᠠᠬ᠎ᠠ ᠳᠡᠯᠭᠡᠭᠦᠷ᠎ᠲᠡᠬᠢ ᠵᠠᠬ᠎ᠠ ᠳᠡᠯᠭᠡᠭᠦᠷ᠎ᠦᠨ ᠡᠵᠡᠯᠡᠬᠦ ᠬᠠᠷᠢᠴᠠᠯ ᠨᠢ 15% ᠡᠴᠡ ᠳᠣᠣᠷ᠎ᠠ ᠪᠠᠢᠪᠠᠯ ᠴᠠᠭᠠᠵᠠᠯᠠᠬᠤ ᠦᠭᠡᠢ᠂ ᠡᠵᠡᠩᠨᠡᠯᠲᠡ᠎ᠶ᠋ᠢᠨ ᠬᠡᠮᠵᠢᠶ᠎ᠡ ᠵᠢᠨ ᠲᠤᠬᠠᠢ ᠨᠥᠬᠥᠴᠡᠯ ᠦᠭᠡᠢ᠃
ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠂ ᠴᠠᠭᠠᠵᠠᠯᠠᠬᠤ ᠦᠭᠡᠢ ᠭᠤᠯᠳᠤ ᠴᠢᠭ᠌ᠯᠡᠯ᠎ᠦᠨ ᠭᠠᠭ᠍ᠴᠠᠭᠠᠷ ᠡᠵᠡᠮᠱᠢᠬᠦ᠌ ᠵᠦᠪᠯᠡᠯᠴᠡᠭᠡᠷ᠎ᠤᠨ ᠱᠠᠭᠠᠷᠳᠠᠬᠤ ᠨᠦᠬᠦᠴᠡᠯ ᠳ᠋ᠤ ᠨᠡᠢᠴᠡᠬᠦ᠌ ᠵᠠᠬ᠎ᠠ ᠳᠡᠯᠭᠡᠭᠦᠷ᠎ᠦᠨ ᠡᠵᠡᠯᠡᠬᠦ ᠬᠠᠷᠢᠴᠠᠯ᠎ᠤᠨ ᠪᠠᠷᠢᠮᠵᠢᠶ᠎ᠠ ᠪᠠ ᠨᠥᠬᠥᠴᠡᠯ᠎ᠢ ᠲᠣᠭ᠍ᠲᠠᠭᠠᠵᠤ᠂ ᠬᠢᠨᠠᠨ ᠲᠣᠭ᠍ᠲᠠᠭᠠᠬᠤ ᠪᠠᠷᠢᠮᠵᠢᠶ᠎ᠠ᠎ᠶ᠋ᠢ ᠲᠣᠳᠣᠷᠬᠠᠢᠯᠠᠵᠤ᠂ ᠬᠠᠤᠯᠢ ᠬᠡᠷᠡᠭ᠌ᠵᠢᠭᠦᠯᠬᠦ᠌ ᠪᠠᠷᠢᠮᠵᠢᠶ᠎ᠠ᠎ᠶ᠋ᠢ ᠨᠢᠭᠡᠳᠭᠡᠭᠰᠡᠨ ᠨᠢ ᠡᠵᠡᠩᠨᠡᠭ᠌ᠴᠢᠳᠦᠨ ᠬᠠᠤᠯᠢ ᠶᠣᠰᠣᠭᠠᠷ ᠥᠷᠢᠰᠥᠯᠳᠦᠬᠦ᠌ ᠵᠠᠭᠠᠭ ᠬᠢᠵᠠᠭᠠᠷ᠎ᠢ ᠲᠣᠳᠣᠷᠬᠠᠶ ᠪᠣᠯᠭᠠᠬᠤ᠎ᠳᠤ ᠠᠱᠢᠭ᠍ᠲᠠᠶ ᠪᠠᠢᠵᠤ᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠳᠤ ᠨᠠᠩ ᠣᠯᠠᠨ ᠠᠮᠢᠳᠤᠯᠢᠭ ᠬᠥᠭ᠌ᠵᠢᠯᠲᠡ᠎ᠶ᠋ᠢᠨ ᠣᠷᠣᠨ ᠵᠠᠶ ᠵᠢ ᠰᠤᠯᠠᠯᠠᠵᠤ ᠥᠭ᠌ᠭᠦᠭ᠌ᠰᠡᠨ ᠪᠠᠢᠨ᠎ᠠ ᠭᠡᠵᠦ ᠢᠯᠡᠳᠭᠡᠪᠡ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)