《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠋ ᠰᠠᠨᠠᠭᠠᠨ᠎ᠤ ᠴᠠᠳᠢᠭ᠋》 ᠢ᠋ ᠥᠪᠥᠷ ᠮᠣᠩᠭᠣᠯ ᠳ᠋ᠤ ᠤᠬᠠᠭᠤᠯᠤᠨ ᠲᠠᠢᠯᠪᠤᠷᠢᠯᠠᠪᠡ
2025-12-24 10:37:24
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 17᠎ᠤ᠋ ᠡᠳᠦᠷ᠂ 2025 ᠣᠨ᠎ᠤ ᠪᠥᠬᠥ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠋ ᠰᠠᠨᠠᠭᠠᠨ᠎ᠤ ᠴᠠᠳᠢᠭ᠋》 ᠢ᠋ ᠥᠪᠥᠷ ᠮᠣᠩᠭᠣᠯ᠎ᠳ᠋ᠤ ᠵᠢᠱ᠌ᠢᠶ᠎ᠡ ᠦᠵᠡᠭᠦᠯᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠳ᠋ᠤ ᠶᠠᠪᠤᠭᠳᠠᠪᠠ᠃

ᠠᠵᠢᠯᠯᠠᠭ᠎ᠠ᠎ᠶᠢ ᠰᠤᠷᠭᠠᠨ ᠬᠥᠮᠦᠵᠢᠯ᠎ᠦᠨ ᠶᠠᠮᠤᠨ᠎ᠤ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠵᠤᠷᠭᠠᠨ᠎ᠠᠴᠠ ᠵᠢᠯᠤᠭᠣᠳᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠤᠷᠭᠠᠨ ᠬᠥᠮᠦᠵᠢᠯ᠎ᠦᠨ ᠠᠵᠢᠯ᠎ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠬᠢᠯᠡᠵᠦ᠂ ᠠᠵᠢᠯᠯᠠᠭ᠎ᠠ᠎ᠶᠢ ᠰᠢᠭᠤᠳ ᠨᠡᠪᠲᠡᠷᠡᠭᠦᠯᠬᠡ ᠵᠢᠨ ᠬᠡᠯᠪᠡᠷᠢ᠎ᠪᠡᠷ ᠪᠦᠬᠦ ᠣᠷᠣᠨ᠎ᠤ ᠡᠯ᠎ᠡ ᠶᠡᠬᠡ ᠳᠡᠭᠡᠳᠦ ᠰᠤᠷᠭᠠᠭᠤᠯᠢ᠎ᠳᠤ ᠵᠡᠷᠭᠡ ᠪᠡᠷ ᠨᠡᠪᠲᠡᠷᠡᠭᠦᠯᠪᠡ᠃ ᠤᠬᠠᠭᠤᠯᠤᠨ ᠲᠠᠢᠯᠪᠤᠷᠢᠯᠠᠬᠤ ᠳᠤᠮᠳᠠ᠂ ᠳᠤᠮᠳᠠᠳᠤ ᠤᠯᠤᠰ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠶᠡᠬᠡ ᠰᠤᠷᠭᠠᠭᠤᠯᠢ᠎ᠶᠢᠨ ᠣᠨᠴᠠ ᠤᠷᠢᠭ᠍ᠰᠠᠨ ᠫᠷᠤᠹᠧᠰᠰᠤᠷ ᠵᠠᠩ ᠰᠢᠩ ᠰᠢᠩ 《ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠣᠷᠢᠭ᠋ ᠰᠠᠨᠠᠭᠠᠨ᠎ᠤ ᠴᠠᠳᠢᠭ᠎ᠢ ᠤᠯᠠᠮᠵᠢᠯᠠᠨ ᠪᠠᠳᠠᠷᠠᠭᠤᠯᠬᠤ》 ᠪᠡᠷ ᠭᠣᠣᠯ ᠰᠡᠳᠦᠪ ᠪᠣᠯᠭᠠᠵᠤ᠂ ᠥᠪᠡᠷ᠎ᠤᠨ᠎ᠢᠶᠡᠨ ᠨᠠᠢᠷᠠᠭᠤᠯᠤᠨ ᠵᠣᠬᠢᠶᠠᠭᠰᠠᠨ 50 ᠭᠠᠷᠤᠢ ᠵᠣᠬᠢᠶᠠᠯ ᠪᠦᠲᠦᠭᠡᠯ᠎ᠦᠨ ᠰᠤᠳᠤᠯᠭᠠᠨ᠎ᠤ ᠬᠤᠷᠠᠮᠳᠤᠭᠤᠯᠤᠯ ᠲᠠᠢ᠎ᠪᠠᠨ ᠤᠶᠠᠯᠳᠤᠭᠤᠯᠵᠤ᠂ ᠵᠤᠷᠢᠭ ᠰᠠᠨᠠᠭᠠᠨ᠎ᠤ ᠴᠠᠳᠢᠭ᠎ᠦᠨ ᠪᠦᠷᠢᠯᠳᠦᠯ᠎ᠦᠨ ᠰᠢᠵᠢᠮ᠎ᠢ ᠰᠢᠰᠲᠧᠮ᠎ᠲᠠᠢ ᠡᠮᠬᠢᠯᠡᠵᠦ᠂ ᠪᠠᠭ᠍ᠰᠢ ᠰᠤᠷᠤᠭ᠍ᠴᠢᠳ᠎ᠲᠤ ᠤᠨᠤᠯ᠎ᠤᠨ ᠲᠠᠨᠢᠨ ᠮᠡᠳᠡᠬᠦᠢ᠎ᠶᠢᠨ ᠲᠣᠳᠣᠷᠬᠠᠢ ᠪᠣᠷᠣ᠌ ᠲᠥᠯᠥᠪ᠎ᠢ ᠪᠦᠷᠢᠯᠳᠦᠭᠦᠯᠵᠦ ᠥᠭᠴᠡᠢ; ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠬᠠᠯ᠎ᠤᠨ ᠣᠷᠳᠣᠨ᠎ᠤ ᠳᠠᠷᠤᠭ᠎ᠠ ᠰᠢᠦᠸᠠᠢ ᠹᠧᠩ 《ᠠᠭᠤᠤ ᠶᠡᠬᠡ ᠨᠠᠮ ᠪᠠᠶ᠋ᠢᠭᠤᠯᠬᠤ ᠵᠣᠷᠢᠭ᠋ ᠰᠠᠨᠠᠭ᠎ᠠ᠎ᠠᠴᠠ ᠳᠤᠮᠳᠠᠳᠤ ᠤᠯᠤᠰ᠎ᠤᠨ ᠡᠪ ᠬᠠᠮᠲᠤ ᠨᠠᠮ ᠬᠡᠷᠬᠢᠨ ᠠᠮᠵᠢᠯᠳᠠ ᠤᠯᠤᠭᠰᠠᠨ᠎ᠢ ᠦᠵᠡᠬᠦ ᠨᠢ》 ᠭᠡᠬᠦ ᠰᠡᠳᠦᠪ᠎ᠢᠶᠡᠷ ᠨᠠᠮ᠎ᠤᠨ ᠲᠡᠦᠬᠡ᠎ᠶᠢᠨ ᠦᠯᠢᠭᠡᠷ ᠪᠣᠯᠣᠨ ᠰᠢᠨ᠎ᠡ᠎ᠶᠢ ᠡᠭᠦᠳᠦᠭᠰᠡᠨ ᠬᠡᠷᠡᠭ᠎ᠦᠨ ᠵᠢᠱ᠌ᠢᠶ᠎ᠡ᠎ᠪᠡᠷ ᠳᠠᠮᠵᠢᠭᠤᠯᠤᠨ᠂ ᠨᠠᠮ᠎ᠤᠨ ᠤᠭ ᠰᠠᠨᠠᠭ᠎ᠠ᠎ᠶᠢᠨ ᠡᠬᠢ ᠡᠭᠦᠰᠦᠯ᠎ᠢ ᠮᠥᠷᠳᠡᠵᠦ᠂ ᠠᠭᠤᠤ ᠶᠡᠬᠡ ᠨᠠᠮ ᠪᠠᠶ᠋ᠢᠭᠤᠯᠬᠤ ᠵᠣᠷᠢᠭ᠋ ᠰᠠᠨᠠᠭ᠎ᠠ᠎ᠶᠢᠨ ᠴᠠᠭ ᠦᠶ᠎ᠡ᠎ᠶᠢᠨ ᠦᠨ᠎ᠡ ᠦᠷᠳᠡᠭ᠎ᠢ ᠤᠯᠠᠮ ᠢᠯᠡ ᠲᠣᠳᠣ᠌ ᠳᠠᠢᠯᠪᠤᠷᠢᠯᠠᠵᠠᠢ᠃ ᠪᠦᠬᠦ ᠲᠠᠯ᠎ᠠ᠎ᠶᠢᠨ ᠤᠬᠠᠭᠤᠯᠤᠨ ᠲᠠᠢᠯᠪᠤᠷᠢᠯᠠᠯᠲᠠ ᠨᠢ ᠠᠳᠠᠯᠢ ᠪᠤᠰᠤ ᠬᠠᠷᠠᠭᠠᠰᠤ᠎ᠠᠴᠠ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠵᠤᠷᠢᠭ ᠰᠠᠨᠠᠭᠠᠨ᠎ᠤ ᠴᠠᠳᠢᠭ᠎ᠦᠨ ᠪᠠᠶᠠᠯᠢᠭ᠋ ᠠᠭᠤᠯᠤᠭᠳᠠᠬᠤᠨ ᠪᠣᠯᠣᠨ ᠴᠠᠭ ᠦᠶ᠎ᠡ᠎ᠶᠢᠨ ᠦᠨ᠎ᠡ ᠦᠷᠳᠡᠭ᠎ᠢ ᠭᠦᠨᠵᠡᠭᠡᠢ ᠲᠠᠢᠯᠪᠤᠷᠢᠯᠠᠵᠠᠢ᠃

ᠲᠤᠰ ᠤᠳᠠᠭ᠎ᠠ᠎ᠶᠢᠨ ᠠᠵᠢᠯᠯᠠᠭ᠎ᠠ ᠪᠣᠯ ᠰᠤᠷᠭᠠᠨ ᠬᠥᠮᠦᠵᠢᠯ᠎ᠦᠨ ᠶᠠᠮᠤᠨ᠎ᠤ ᠨᠢᠭᠡᠳᠦᠯᠲᠡᠢ ᠪᠠᠢᠷᠢᠯᠠᠭᠤᠯᠤᠭᠰᠠᠨ ᠤᠬᠠᠭᠤᠯᠤᠨ ᠲᠠᠢᠯᠪᠤᠷᠢᠯᠠᠬᠤ ᠲᠣᠭᠣᠷᠢᠨ ᠲᠠᠢᠯᠪᠤᠷᠢᠯᠠᠬᠤ ᠰᠢᠷᠢᠰ ᠠᠵᠢᠯᠯᠠᠭ᠎ᠠ᠎ᠶᠢᠨ ᠨᠢᠭᠡ ᠪᠣᠯᠣᠨ᠎ᠠ᠂ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠢ ᠤᠯᠠᠮ ᠴᠢᠨᠠᠭᠰᠢᠳᠠ ᠤᠶᠤᠨ ᠲᠠᠷᠢᠬᠢᠨ᠎ᠳᠤ ᠬᠠᠳᠠᠩᠰᠢᠭᠤᠯᠵᠤ᠂ ᠥᠷᠭᠡᠨ ᠤᠯᠠᠨ ᠵᠠᠯᠠᠭᠤᠴᠤᠳ᠎ᠢ ᠬᠥᠲᠥᠯᠥᠨ ᠵᠢᠯᠤᠭᠣᠳᠴᠤ᠂ ᠵᠣᠷᠢᠭ᠋ ᠰᠠᠨᠠᠭ᠎ᠠ᠎ᠶᠢ ᠤᠯᠠᠮᠵᠢᠯᠠᠨ ᠵᠠᠯᠭᠠᠮᠵᠢᠯᠠᠬᠤ ᠳᠤᠮᠳᠠ᠎ᠠᠴᠠ ᠡᠷᠡᠯᠬᠡᠭᠯᠡᠨ ᠤᠷᠤᠭᠰᠢᠯᠠᠬᠤ ᠬᠦᠴᠦᠨ ᠣᠯᠭᠣᠵᠤ᠂ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠶᠡᠬᠡ ᠦᠢᠯᠡᠰ᠎ᠦᠨ ᠳᠤᠮᠳᠠ ᠵᠠᠯᠠᠭᠤ ᠨᠠᠰᠤᠨ᠎ᠤ ᠬᠠᠭᠤᠳᠠᠰᠤ᠎ᠶᠢ ᠪᠢᠴᠢᠭᠯᠡᠬᠦ᠎ᠶᠢ ᠵᠤᠷᠢᠵᠠᠢ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ᠂ ᠲᠣᠰ ᠰᠤᠷᠤᠯᠭ᠎ᠠ᠎ᠶᠢᠨ ᠬᠤᠭᠤᠴᠠᠭ᠎ᠠ ᠴᠢᠯᠦᠭᠡ ᠲᠠᠯᠪᠢᠬᠤ ᠠ᠋ᠴᠠ ᠡᠮᠦᠨ᠎ᠡ᠂ ᠪᠥᠬᠥ ᠣᠷᠣᠨ᠎ᠤ ᠡᠯ᠎ᠡ ᠳᠡᠭᠡᠳᠦ ᠰᠤᠷᠭᠠᠭᠤᠯᠢ᠎ᠨᠤᠭᠤᠳ᠎ᠤᠨ ᠰᠤᠷᠭᠠᠭᠤᠯᠢ᠎ᠶᠢᠨ ᠳᠣᠲᠣᠷ᠎ᠠ ᠲᠤᠰᠬᠠᠢ ᠰᠡᠳᠦᠪᠲᠦ ᠤᠬᠠᠭᠤᠯᠤᠨ ᠲᠠᠢᠯᠪᠤᠷᠢᠯᠠᠬᠤ᠎ᠠᠵᠢᠯᠯᠠᠭ᠎ᠠ ᠥᠷᠨᠢᠭᠦᠯᠬᠦ᠎ᠶᠢᠨ ᠬᠠᠮᠲᠤ᠂ ᠨᠥᠬᠥᠴᠡᠯ᠎ᠲᠠᠢ ᠶᠡᠬᠡ ᠳᠡᠭᠡᠳᠦ ᠰᠤᠷᠭᠠᠭᠤᠯᠢ ᠨᠤᠭᠤᠳ ᠳᠤᠮᠳᠠᠳᠤ ᠪᠠᠭ᠎ᠠ ᠰᠤᠷᠭᠠᠭᠤᠯᠢ᠂ ᠵᠡᠭᠡᠯᠢ ᠭᠤᠳᠤᠮᠵᠢ ᠨᠡᠢᠭᠡᠮ ᠲᠣᠭᠣᠷᠢᠭ᠋᠂ ᠴᠡᠷᠢᠭ ᠠᠩᠭᠢ᠂ ᠰᠢᠶᠠᠩ ᠪᠠᠯᠭᠠᠰᠤ᠂ ᠠᠵᠤ ᠠᠬᠤᠢᠯᠠᠯ ᠵᠡᠷᠭᠡ ᠪᠡᠷ ᠬᠦᠷᠴᠦ ᠲᠣᠭᠣᠷᠢᠨ ᠳᠠᠢᠯᠪᠤᠷᠢᠯᠠᠬᠤ ᠵᠢ ᠰᠠᠨᠠᠭᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号