ᠡᠪᠦᠯ ᠤ᠋ᠨ ᠤᠯᠠᠷᠢᠯ ᠳ᠋ᠤ᠂ ᠮᠠᠨ ᠤ᠋ ᠣᠷᠣᠨ ᠤ᠋ ᠭᠤᠤᠯᠳᠠᠯᠭ᠎ᠠ ᠲᠠᠢ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠠᠪᠴᠠᠩ ᠢ᠋ ᠪᠣᠢᠵᠢᠭᠤᠯᠬᠤ ᠠᠵᠢᠯ ᠱᠢᠨ᠎ᠡ ᠠᠬᠢᠴᠠ ᠲᠠᠢ ᠪᠣᠯᠪᠠ᠃ ᠰᠤᠷᠪᠤᠯᠵᠢᠯᠠᠭ᠍ᠴᠢ 12 ᠰᠠᠷ᠎ᠠ ᠶ᠋ᠢᠨ 15 ᠤ᠋ ᠡᠳᠦᠷ ᠪᠤᠭᠤᠲᠤ ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ ᠬᠣᠯᠪᠣᠭ᠍ᠳᠠᠯ ᠪᠥᠬᠥᠶ ᠰᠠᠯᠠᠭ᠎ᠠ ᠮᠥᠴᠢᠷ ᠡᠴᠡ ᠣᠢᠯᠠᠭᠠᠭ᠍ᠰᠠᠨ ᠢ᠋ᠶ᠋ᠡᠷ᠂ ᠰᠠᠨᠰᠠᠷ ᠤ᠋ᠨ ᠠᠶᠠᠯᠠᠯ ᠤ᠋ᠨ ᠱᠢ ᠳ᠋ᠠᠢ ᠹᠸᠢ ᠬᠣᠩ ᠲᠤᠷᠱᠢᠯᠲᠠ ᠶ᠋ᠢᠨ ᠮᠡᠷᠭᠡᠵᠢᠯ ᠤ᠋ᠨ ᠬᠢᠵᠠᠭᠠᠷᠲᠤ ᠺᠣᠮᠫᠠᠨᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠢᠯᠠᠭᠠᠬᠳᠠᠬᠤᠨ ᠢ᠋ ᠱᠢᠯᠭᠠᠨ ᠪᠠᠲᠤᠯᠠᠬᠤ ᠲᠠᠪᠴᠠᠩ ᠢ᠋ᠶ᠋ᠡᠷ ᠵᠥᠪᠱᠢᠶᠡᠷᠡᠭ᠌ᠳᠡᠪᠡ᠃ ᠲᠣᠰ ᠲᠠᠪᠴᠠᠩ ᠨᠢ ᠬᠥᠮᠦᠨ ᠬᠡᠷᠡᠭᠰᠡᠬᠦ ᠦᠭᠡᠢ ᠱᠢᠰᠲ᠋ᠧᠮ ᠵᠡᠷᠭᠡ ᠬᠦᠷᠢᠶᠡᠨ ᠳ᠋ᠡᠬᠢ ᠮᠡᠷᠭᠡᠵᠢᠯ ᠤ᠋ᠨ ᠤᠢᠯᠠᠭᠠᠬᠳᠠᠬᠤᠨ ᠢ᠋ ᠱᠢᠯᠭᠠᠨ ᠪᠠᠲᠤᠯᠠᠬᠤ ᠪᠠ ᠦᠷ᠎ᠡ ᠪᠦᠲᠦᠭᠡᠯ ᠢ᠋ ᠤᠨᠳᠤᠤᠰᠢᠭᠤᠯᠬᠤ ᠦᠶ᠋ᠯᠡᠴᠢᠯᠡᠭᠡ ᠵᠢ ᠭᠤᠤᠯᠳᠠᠯᠭ᠎ᠠ ᠲᠠᠢ ᠥᠷᠨᠢᠭᠦᠯᠬᠦ ᠪᠤᠯᠤᠨ᠎ᠠ᠂ ᠡᠨᠡ ᠨᠢ ᠰᠠᠨᠰᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠣᠷᠣᠨ ᠨᠤᠲᠤᠭ ᠤ᠋ᠨ ᠠᠵᠤ ᠦᠶ᠋ᠯᠡᠰ ᠤ᠋ᠨ ᠠᠭᠤᠰᠤᠯᠴᠠᠯ ᠱᠢᠨ᠎ᠡ ᠠᠬᠢᠴᠠ ᠲᠠᠢ ᠪᠣᠯᠤᠭ᠍ᠰᠠᠨ ᠢ᠋ ᠬᠠᠷᠠᠭᠤᠯᠪᠠ᠃
ᠡᠨᠡ ᠬᠦ᠌ ᠴᠢᠬᠤᠯᠠ ᠲᠠᠪᠴᠠᠩ ᠤ᠋ᠨ ᠲᠦᠱᠢᠭ᠌ᠯᠡᠭ᠌ᠰᠡᠨ ᠪᠣᠳᠠᠲᠤ ᠴᠣᠭ᠍ᠴᠠ ᠪᠤᠯᠬᠤ ᠮᠠᠨ ᠤ᠋ ᠣᠷᠣᠨ ᠤ᠋ ᠠᠩᠬᠠᠳᠠᠬᠴᠢ ᠲᠤᠮᠤ ᠬᠡᠯᠪᠡᠷᠢ ᠶ᠋ᠢᠨ ᠣᠶᠤᠨᠳᠤ ᠱᠢᠰᠲ᠋ᠧᠮᠳᠦ ᠰᠤᠳᠤᠯᠭᠠᠨ ᠪᠤᠯᠪᠠᠰᠤᠷᠠᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠴᠤ᠌ ᠮᠠᠰᠢ ᠳᠦᠷᠬᠡᠨ ᠠᠭᠢᠵᠤ ᠪᠣᠶ᠃ ᠣᠳᠣᠬᠠᠨ ᠳ᠋ᠤ᠂ ᠲᠣᠰ ᠰᠠᠭᠤᠷᠢᠨ ᠤ᠋ ᠨᠢᠭᠡᠳᠦᠭᠡᠷ ᠬᠤᠭᠤᠴᠠᠭᠠᠨ ᠤ᠋ ᠢᠨᠵᠧᠨᠧᠷᠢᠩ ᠨᠢ ᠨᠢᠭᠡᠨᠲᠡ 60% ᠭᠠᠷᠤᠶ ᠵᠢ ᠪᠡᠶᠡᠯᠡᠭᠦᠯᠵᠦ᠍᠂ ᠵᠢᠱ᠌ᠢᠯᠲᠡ ᠪᠡᠷ ᠡᠨᠡ ᠵᠢᠯ ᠤ᠋ᠨ ᠰᠡᠭᠦᠯᠴᠢ ᠪᠡᠷ ᠠᠱᠢᠭ᠍ᠯᠠᠯᠲᠠ ᠳ᠋ᠤ ᠣᠷᠣᠭᠤᠯᠬᠤ ᠪᠣᠯᠤᠨ᠎ᠠ᠃ ᠪᠤᠭᠤᠲᠤ ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ ᠤ᠋ ᠪᠦᠳᠦᠭᠡᠨ ᠪᠠᠢᠭᠤᠯᠤᠯᠲᠠ ᠶ᠋ᠢᠨ ᠲᠤᠬᠠᠢ ᠶ᠋ᠢᠨ ᠲᠠᠯᠠᠪᠠᠢ ᠳ᠋ᠤ᠂ ᠪᠠᠷᠢᠯᠭ᠎ᠠ ᠶ᠋ᠢᠨ ᠠᠵᠢᠯᠲᠠᠳ ᠡᠳᠦᠷ ᠰᠦᠨᠢ ᠦᠭᠡᠢ ᠶᠠᠭᠠᠷᠠᠯᠲᠠᠢ ᠠᠵᠢᠯᠯᠠᠨ᠎ᠠ᠃ ᠣᠳᠣᠬᠠᠨ ᠳ᠋ᠤ᠂ ᠭᠤᠷᠪᠠᠳᠤᠭᠠᠷ ᠨᠣᠮᠧᠷᠲᠤ ᠵᠢᠯᠣᠭᠣᠴᠢ ᠥᠬᠡᠶ ᠨᠢᠰᠭᠡᠯ ᠤ᠋ᠨ ᠲᠣᠨᠣᠭ ᠲᠥᠬᠥᠭᠡᠷᠦᠮᠵᠢ ᠶ᠋ᠢᠨ ᠬᠥᠮᠥᠷᠭᠡ ᠶ᠋ᠢᠨ ᠭᠤᠤᠯ ᠴᠣᠭ᠍ᠴᠠ ᠶ᠋ᠢᠨ ᠢᠨᠵᠸᠨ᠋ᠸᠷᠢᠩ ᠤ᠋ᠨ ᠪᠠᠷᠢᠯᠭ᠎ᠠ ᠶ᠋ᠢᠨ ᠠᠵᠢᠯ ᠢ᠋ ᠨᠢᠭᠡᠨᠲᠡ ᠳᠠᠭᠤᠰᠭᠠᠵᠤ᠂ ᠶᠠᠭ ᠤᠭ᠍ᠰᠠᠷᠠᠨ ᠲᠣᠨᠣᠭ᠍ᠯᠠᠬᠤ ᠪᠠ ᠵᠠᠰᠠᠵᠤ ᠴᠢᠮᠡᠬᠦ ᠠᠵᠢᠯ ᠢ᠋ ᠦᠷᠨᠢᠭᠦᠯᠵᠦ ᠪᠠᠢᠨ᠎ᠠ᠃
ᠰᠠᠨᠰᠠᠷ ᠤ᠋ᠨ ᠠᠶᠠᠯᠠᠯ ᠤ᠋ᠨ ᠱᠢ ᠳ᠋ᠠᠢ ᠹᠸᠢ ᠬᠣᠩ ᠲᠤᠷᠱᠢᠯᠲᠠ ᠶ᠋ᠢᠨ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ ᠤ᠋ ᠲᠠᠨᠢᠯᠴᠠᠭᠤᠯᠤᠭ᠍ᠰᠠᠨ ᠢ᠋ᠶ᠋ᠡᠷ᠂ ᠳᠤᠰ ᠰᠠᠭᠤᠷᠢᠨ ᠨᠢᠭᠡᠨᠲᠡ ᠬᠡᠰᠡᠭ ᠲᠣᠨᠤᠭ ᠲᠦᠬᠦᠭᠡᠷᠦᠮᠵᠢ ᠶ᠋ᠢᠨ ᠬᠥᠮᠥᠷᠭᠡ ᠵᠢᠴᠢ ᠭᠦᠶᠦᠯᠲᠡ ᠶ᠋ᠢᠨ ᠵᠠᠮ ᠤ᠋ᠨ ᠢᠨᠵᠧᠨᠧᠷᠢᠩ ᠤ᠋ᠨ ᠪᠥᠲᠥᠭᠡᠨ ᠪᠠᠢᠭᠤᠯᠤᠯᠲᠠ ᠵᠢ ᠳᠠᠭᠤᠰᠬᠠᠪᠠ᠃ ᠲᠣᠰ ᠰᠠᠭᠤᠷᠢᠨ ᠤ᠋ ᠶᠡᠷᠦᠨᠭᠬᠡᠢ ᠪᠡᠯᠡ ᠤᠷᠤᠭᠤᠯᠤᠯᠲᠠ ᠨᠢ 8 ᠳ᠋ᠦᠩᠱᠢᠭᠤᠷ ᠲᠥᠭᠥᠷᠢᠭ ᠬᠦᠷᠴᠦ᠂ 7000 ᠭᠠᠷᠤᠶ ᠮᠥ᠍ ᠭᠠᠵᠠᠷ ᠡᠵᠡᠯᠡᠨ᠂ 2800 ᠮᠧᠲ᠋ᠷ ᠤ᠋ᠨ ᠭᠦᠶᠦᠯᠲᠡ ᠶ᠋ᠢᠨ ᠵᠠᠮ ᠵᠢᠴᠢ ᠥᠷᠭᠡᠨ ᠠᠭᠤᠳᠠᠮ ᠲᠤᠷᠱᠢᠯᠲᠠ ᠶ᠋ᠢᠨ ᠠᠭᠠᠷ ᠤ᠋ᠨ ᠣᠷᠣᠨ ᠲᠠᠢ ᠪᠠᠢᠵᠤ᠂ ᠰᠤᠳᠤᠯᠤᠨ ᠪᠣᠯᠪᠠᠰᠤᠷᠠᠬᠤ᠂ ᠲᠤᠷᠱᠢᠬᠤ᠂ ᠪᠣᠯᠪᠠᠰᠤᠷᠠᠭᠤᠯᠬᠤ᠂ ᠳᠡᠯᠭᠡᠨ ᠦᠵᠡᠭᠦᠯᠬᠦ᠌ ᠵᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠰᠠᠭᠤᠷᠢᠨ ᠢ᠋ ᠪᠥᠲᠥᠭᠡᠨ ᠪᠠᠢᠭᠤᠯᠬᠤ ᠪᠡᠷ ᠵᠣᠷᠢᠯᠭ᠎ᠠ ᠪᠠᠨ ᠪᠣᠯᠭᠠᠵᠠᠶ᠃ ᠲᠥᠷᠥᠯ ᠵᠦᠶ᠋ᠯ ᠪᠠᠢᠭᠤᠯᠤᠭ᠍ᠳᠠᠭ᠍ᠰᠠᠨ ᠤ᠋ ᠳᠠᠷᠠᠭ᠎ᠠ᠂ ᠵᠢᠯ ᠳ᠋ᠤ ᠲᠦᠮᠡᠨ ᠤᠳᠠᠭ᠎ᠠ ᠲᠤᠷᠱᠢᠯᠲᠠ ᠬᠢᠬᠦ᠌ ᠴᠢᠳᠠᠪᠤᠷᠢ ᠲᠠᠢ ᠪᠣᠯᠤᠨ᠎ᠠ᠃
ᠣᠢᠯᠠᠭᠠᠭ᠍ᠰᠠᠨ ᠢ᠋ᠶ᠋ᠡᠷ᠂ ᠲᠣᠰ ᠤᠳᠠᠭ᠎ᠠ ᠵᠥᠪᠱᠢᠶᠡᠷᠡᠭ᠌ᠳᠡᠭ᠌ᠰᠡᠨ ᠥᠪᠡᠷᠲᠡᠭᠡᠨ ᠵᠠᠰᠠᠬᠤ ᠣᠷᠣᠨ ᠤ᠋ ᠤᠢᠯᠠᠭᠠᠬᠳᠠᠬᠤᠨ ᠢ᠋ ᠱᠢᠯᠭᠠᠨ ᠪᠠᠲᠤᠯᠠᠬᠤ ᠲᠠᠪᠴᠠᠩ ᠨᠢ ᠣᠶᠤᠨᠳᠤ ᠱᠢᠰᠲ᠋ᠧᠮ ᠤ᠋ᠨ ᠲᠤᠷᠱᠢᠯᠲᠠ ᠬᠢᠵᠦ᠍᠂ ᠱᠢᠯᠭᠠᠨ ᠪᠠᠲᠤᠯᠠᠬᠤ ᠰᠠᠭᠤᠷᠢᠨ᠂ ᠤᠢᠷ᠎ᠠ ᠤᠬᠲᠠᠷᠭᠤᠢ ᠶ᠋ᠢᠨ ᠠᠵᠤ ᠠᠬᠤᠶ ᠶ᠋ᠢᠨ ᠲᠣᠨᠣᠭ ᠲᠥᠬᠥᠭᠡᠷᠦᠮᠵᠢ ᠶ᠋ᠢ ᠱᠢᠯᠭᠠᠨ ᠪᠠᠲᠤᠯᠠᠬᠤ ᠲᠥᠪ ᠵᠡᠷᠭᠡ ᠣᠯᠠᠨ ᠲᠥᠷᠥᠯ ᠤ᠋ᠨ ᠨᠡᠭᠡᠭᠡᠯᠲᠡᠲᠦ ᠬᠡᠯᠪᠡᠷᠢ ᠶ᠋ᠢᠨ ᠲᠠᠪᠴᠠᠩ ᠢ᠋ ᠭᠤᠤᠯᠳᠠᠯᠭ᠎ᠠ ᠲᠠᠢ ᠲᠥᠯᠥᠪᠵᠢᠭᠦᠯᠦᠨ ᠪᠠᠢᠭᠤᠯᠵᠤ᠂ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ ᠳ᠋ᠤ ᠱᠢᠯᠭᠠᠨ ᠪᠠᠲᠤᠯᠠᠵᠤ ᠱᠢᠯᠭᠠᠨ ᠲᠤᠷᠱᠢᠬᠤ ᠣᠷᠴᠢᠨ ᠨᠥᠬᠥᠴᠡᠯ ᠢ᠋ ᠬᠠᠩᠭᠠᠨ᠎ᠠ᠃ ᠣᠳᠣᠬᠠᠨ ᠳ᠋ᠤ᠂ ᠤᠭ᠍ᠰᠠᠷᠠᠬᠤ᠂ ᠲᠣᠬᠢᠷᠠᠭᠤᠯᠤᠨ ᠲᠤᠷᠱᠢᠬᠤ᠂ ᠲᠤᠷᠱᠢᠬᠤ᠂ ᠨᠢᠰᠭᠦ ᠵᠢ ᠨᠢᠭᠡ ᠴᠣᠭ᠍ᠴᠠᠵᠢᠭᠤᠯᠤᠭ᠍ᠰᠠᠨ ᠬᠡᠪᠴᠢᠶᠡᠵᠢᠭᠦᠯᠦᠨ ᠱᠢᠯᠭᠠᠨ ᠪᠠᠲᠤᠯᠠᠬᠤ ᠴᠢᠳᠠᠪᠤᠷᠢ ᠵᠢ ᠨᠢᠭᠡᠨᠲᠡ ᠪᠦᠷᠢᠯᠳᠦᠭᠦᠯᠪᠡ᠃
ᠰᠠᠨᠰᠠᠷ ᠤ᠋ᠨ ᠠᠶᠠᠯᠠᠯ ᠤ᠋ᠨ ᠱᠢ ᠳ᠋ᠠᠢ ᠹᠸᠢ ᠬᠣᠩ ᠲᠤᠷᠱᠢᠯᠲᠠ ᠶ᠋ᠢᠨ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠬᠠᠷᠢᠭᠤᠴᠠᠯᠭᠠᠲᠠᠨ᠂ ᠤᠢᠯᠠᠭᠠᠬᠳᠠᠬᠤᠨ ᠢ᠋ ᠱᠢᠯᠭᠠᠨ ᠪᠠᠲᠤᠯᠠᠬᠤ ᠲᠠᠪᠴᠠᠩ ᠤ᠋ᠨ ᠠᠮᠵᠢᠯᠲᠠ ᠲᠠᠢ ᠪᠡᠷ ᠳᠠᠩᠰᠠᠯᠠᠭᠤᠯᠤᠭ᠍ᠰᠠᠨ ᠶᠠᠪᠤᠳᠠᠯ ᠪᠣᠯ ᠺᠣᠮᠫᠠᠨᠢ ᠶ᠋ᠢᠨ ᠮᠡᠷᠭᠡᠵᠢᠯ ᠤ᠋ᠨ ᠪᠣᠳᠠᠲᠤ ᠬᠦᠴᠦᠨ ᠢ᠋ ᠮᠡᠳᠡᠷᠡᠭ᠌ᠰᠡᠨ ᠶᠠᠪᠤᠳᠠᠯ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠰᠢᠭᠤᠯᠬᠤ 《ᠪᠥᠬᠥ᠌ ᠬᠡᠯᠬᠢᠶ᠎ᠡ》 ᠶ᠋ᠢᠨ ᠪᠠᠢᠷᠢᠰᠢᠭᠤᠯᠤᠯᠲᠠ ᠳ᠋ᠤ ᠨᠡᠢᠴᠡᠵᠦ᠍ ᠪᠠᠢᠨ᠎ᠠ᠃ ᠢᠷᠡᠭᠡᠳᠦᠶ ᠳ᠋ᠤ᠂ ᠲᠠᠪᠴᠠᠩ ᠡᠴᠡ ᠲᠣᠰ ᠭᠠᠵᠠᠷ ᠤ᠋ᠨ ᠠᠭᠠᠷ ᠤ᠋ᠨ ᠣᠷᠣᠨ᠂ ᠣᠷᠣᠨ ᠪᠦᠰᠡ ᠶ᠋ᠢᠨ ᠡᠬᠢ ᠪᠠᠶᠠᠯᠢᠭ ᠵᠢᠴᠢ ᠠᠵᠤ ᠠᠬᠤᠢᠯᠠᠯ ᠤ᠋ᠨ ᠮᠡᠷᠭᠡᠵᠢᠯ ᠤ᠋ᠨ ᠳᠠᠪᠠᠭᠤᠯᠢᠭ ᠲᠦ᠍ ᠲᠦᠱᠢᠭ᠌ᠯᠡᠨ᠂ ᠤᠢᠷ᠎ᠠ ᠤᠬᠲᠠᠷᠭᠤᠢ ᠶ᠋ᠢᠨ ᠠᠵᠤ ᠠᠬᠤᠶ ᠵᠡᠷᠭᠡ ᠱᠢᠨ᠎ᠡ ᠴᠢᠨᠠᠷ ᠪᠦᠬᠦᠢ ᠦᠶ᠋ᠯᠡᠳᠪᠦᠷᠢᠯᠡᠯ ᠤ᠋ᠨ ᠬᠦᠴᠦᠨᠦ ᠪᠣᠢᠵᠢᠯᠲᠠ ᠵᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠲᠤᠷᠱᠢᠯᠲᠠ ᠶ᠋ᠢᠨ ᠲᠠᠰᠤᠭ ᠡᠴᠡ ᠵᠠᠬ᠎ᠠ ᠳᠡᠯᠭᠡᠭᠦᠷ ᠲᠦ᠍ ᠭᠠᠷᠭᠠᠬᠤ ᠵᠢ ᠠᠬᠢᠭᠤᠯᠤᠨ᠎ᠠ ᠭᠡᠪᠠ᠃