ᠥᠪᠡᠷᠲᠡᠭᠡᠨ ᠵᠠᠰᠠᠬᠤ ᠣᠷᠣᠨ᠎ᠤ 《ᠣᠨᠣᠯ᠎ᠤᠨ ᠰᠤᠷᠤᠯᠴᠠᠯᠭ᠎ᠠ ᠵᠢᠨ ᠬᠥᠩᠭᠡᠨ ᠮᠣᠷᠢᠲᠤ ᠴᠡᠷᠢᠭ》 ᠤᠬᠠᠭᠤᠯᠤᠨ ᠲᠠᠢᠯᠪᠤᠷᠢᠯᠠᠬᠤ ᠪᠦᠯᠬᠦᠮ ᠳᠥᠷᠪᠡᠨ ᠠᠢᠮᠠᠭ ᠬᠣᠲᠠ᠎ᠳᠤ ᠤᠬᠠᠭᠤᠯᠤᠨ ᠲᠠᠢᠯᠪᠤᠷᠢᠯᠠᠪᠠ
2025-12-24 09:58:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 15 ᠡᠴᠡ 19 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠣᠨᠣᠯ᠎ᠤᠨ ᠰᠤᠷᠤᠯᠴᠠᠯᠭ᠎ᠠ ᠵᠢᠨ ᠬᠦᠩᠭᠡᠨ ᠮᠣᠷᠢᠲᠤ ᠴᠡᠷᠢᠭ》 ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠣᠶᠠᠳᠤᠭᠠᠷ ᠪᠠᠭ᠎ᠠ ᠬᠤᠪᠢᠶᠠᠷᠢ ᠠᠩᠬᠢ ᠬᠥᠯᠥᠨ ᠪᠤᠢ᠌ᠷ ᠬᠤᠳᠠ᠂ ᠬᠢᠩᠭᠠᠨ ᠠᠢᠮᠠᠭ᠂ ᠲᠦᠩᠯᠢᠶᠣᠤ ᠬᠤᠳᠠ᠂ ᠮᠠᠨᠵᠤᠤᠷ ᠬᠤᠳᠠ᠎ᠳᠤ ᠭᠦᠨᠵᠡᠭᠡᠢᠷᠡᠵᠦ᠍᠂ ᠪᠠᠢᠭᠤᠯᠭ᠎ᠠ ᠪᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠺᠠᠳ᠋ᠷ ᠠᠵᠢᠯᠳᠠᠨ ᠠᠵᠢᠯᠴᠢᠨ᠎ᠳᠤ ᠬᠠᠨᠳᠤᠭᠤᠯᠤᠨ ᠳᠤᠰ ᠳᠤᠰ᠎ᠲᠤᠨᠢ  ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠪᠡ᠃

ᠬᠥᠯᠥᠨ ᠪᠣᠢᠷ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠪᠠ ᠬᠥᠯᠥᠨ ᠪᠣᠢ᠌ᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠳᠤ᠂ ᠵᠢᠨᠢᠩ᠎ᠦᠨ ᠪᠠᠭ᠍ᠰᠢ᠎ᠶ᠋ᠢᠨ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠭᠦᠸᠧ ᠶᠦᠩ ᠱᠢᠩ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠪᠦᠯᠦᠭ᠌ᠯᠡᠯ᠎ᠦᠨ ᠺᠠᠳ᠋ᠷ ᠼᠠᠢ ᠵᠢᠶᠠ ᠴᠧᠨ᠂ ᠥᠪᠥᠷ ᠮᠣᠩᠭᠣᠯ᠎ᠤᠨ ᠣᠢ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠰᠤᠷᠭᠠᠨ ᠬᠥᠮᠦᠵᠢᠯ᠎ᠦᠨ ᠬᠤᠪᠢᠶᠠᠷᠢ ᠺᠣᠮᠫᠠᠨᠢ᠎ᠶ᠋ᠢᠨ ᠪᠠᠭ᠍ᠰᠢ ᠴᠧᠨ ᠱᠢᠤᠸᠠᠢ᠂ ᠱᠢᠯᠢ᠎ᠶ᠋ᠢᠨ ᠭᠤᠤᠯ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠬᠡᠯᠲᠡᠰ᠎ᠦᠨ ᠪᠠᠭ᠍ᠰᠢ ᠠᠨ ᠨᠢ᠂ ᠬᠥᠯᠥᠨ ᠪᠣᠢᠷ ᠬᠣᠲᠠ᠎ᠶ᠋ᠢᠨ ᠤᠯᠠᠭᠠᠨ ᠵᠠᠭᠠᠯᠮᠠᠢᠲᠠᠨ᠎ᠤ ᠨᠡᠢᠭᠡᠮᠯᠢᠭ᠎ᠦᠨ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠬᠠᠮᠠᠭᠠᠯᠠᠬᠤ ᠪᠤᠯᠪᠠᠰᠤᠷᠠᠯ ᠤ᠋ᠨ ᠲᠥᠪ᠎ᠦᠨ ᠡᠷᠬᠢᠯᠡᠭ᠌ᠴᠢ ᠬᠥᠩ ᠱᠢᠶᠤᠤ ᠯᠢᠨ ᠵᠡᠷᠬᠡ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠬᠦᠷᠢᠶᠡᠨ ᠤ᠋ 5 ᠤᠬᠠᠭᠤᠯᠤᠨ ᠲᠠᠢᠯᠪᠤᠷᠢᠯᠠᠭ᠍ᠴᠢ᠂ ᠲᠣᠰ ᠲᠣᠰ 《ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢᠶᠡᠷ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠦᠷ᠎ᠢ ᠬᠦᠭᠵᠢᠭᠡᠶ᠎ᠡ》᠂ 《ᠰᠣᠶᠣᠯ᠎ᠢ 〈ᠠᠮᠢᠳᠤᠯᠢᠭ〉 ᠪᠤᠯᠭᠠᠵᠤ᠂ ᠵᠢᠭᠤᠯᠴᠢᠯᠠᠯ᠎ᠢ 〈ᠬᠥᠭ᠌ᠵᠢᠶᠡᠨᠳᠠᠢ〉 ᠪᠤᠯᠭᠠᠶ᠎ᠠ》᠂ 《ᠥᠭᠡᠷᠡᠴᠢᠯᠡᠯᠲᠡ᠎ᠪᠡᠷ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠱᠢᠨ᠎ᠡ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠶ᠎ᠡ》᠂ 《〈ᠠᠮᠢ ᠠᠬᠤᠢ᠎ᠶ᠋ᠢᠨ ᠪᠢᠷ〉 ᠵᠢᠡᠷ ᠤᠮᠠᠷᠠᠲᠤ ᠬᠢᠯᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠵᠢᠷᠤᠭ᠍ᠯᠠᠶ᠎ᠠ》᠂ 《ᠲᠦᠷᠭᠡᠨ ᠠᠪᠤᠷᠠᠯᠳᠠ᠎ᠶ᠋ᠢᠨ ᠮᠡᠳᠡᠯᠭᠡ᠎ᠶ᠋ᠢ ᠰᠤᠷᠤᠯᠴᠠᠵᠦ᠂ ᠠᠮᠢ ᠨᠠᠰᠤᠨ᠎ᠤ 〈ᠬᠠᠮᠠᠭᠠᠯᠠᠭ᠍ᠴᠢ〉 ᠪᠤᠯᠤᠶ᠎ᠠ》 ᠬᠡᠬᠦ ᠭᠣᠣᠯ ᠰᠡᠳᠦᠪ᠎ᠢᠶᠡᠷ ᠨᠠᠷᠢᠯᠢᠭ ᠤᠬᠠᠭᠤᠯᠤᠨ ᠲᠠᠢᠯᠪᠤᠷᠢᠯᠠᠵᠤ᠂ ᠺᠠᠳ᠋ᠷ ᠠᠵᠢᠯᠲᠠᠨ᠎ᠤ ᠭᠦᠨᠵᠡᠭᠡᠶ ᠣᠢᠯᠠᠭᠠᠬᠤ᠂ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠭᠤᠤᠯ ᠴᠢᠬᠤᠯᠠ ᠠᠭᠤᠯᠭ᠎ᠠ᠎ᠶ᠋ᠢ ᠣᠨᠣᠪᠴᠢᠲᠠᠶ ᠡᠵᠡᠮᠳᠡᠬᠦ᠌᠎ᠳᠦ ᠱᠢᠰᠲ᠋ᠧᠮ᠎ᠲᠡᠶ ᠵᠢᠯᠣᠭᠣᠳᠣᠯᠭ᠎ᠠ ᠬᠠᠩᠭᠠᠵᠤ᠂ ᠬᠠᠯᠠᠭᠤᠨ ᠲᠤᠰᠭᠠᠯ ᠭᠠᠷᠭᠠᠪᠠ᠃ ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠢᠭᠤᠯᠤᠮᠵᠢ ᠣᠷᠣᠨ ᠲᠣᠭ᠎ᠠ᠎ᠶ᠋ᠢᠨ ᠬᠤᠷᠢᠶᠠᠨ᠎ᠤ ᠠᠯᠪᠠᠨ ᠭᠡᠷ᠎ᠦᠨ ᠶᠡᠷᠦᠩᠬᠡᠢᠯᠡᠭ᠌ᠰᠡᠨ ᠰᠠᠯᠠᠭᠠᠨ᠎ᠤ ᠳᠠᠷᠤᠭ᠎ᠠ ᠹᠸᠩ ᠪᠤᠤ ᠬᠦᠨ ᠰᠡᠩᠬᠡᠷᠡᠬᠦᠯᠦᠯ ᠤᠯᠵᠤ ᠤᠷᠮᠠᠰᠢᠨ ᠵᠤᠷᠢᠬᠵᠢᠵᠤ᠄ 《ᠪᠠᠢᠭᠤᠯᠤᠮᠵᠢ ᠣᠷᠣᠨ ᠲᠣᠭ᠎ᠠ᠎ᠶ᠋ᠢᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠠᠷᠠᠳ᠎ᠤᠨ ᠠᠮᠢᠳᠤᠷᠠᠯ᠎ᠤᠨ ᠦᠢᠯᠡᠰ᠎ᠢ ᠪᠠᠲᠤᠯᠠᠬᠤ ᠵᠡᠷᠭᠡ ᠭᠣᠣᠯᠳᠠᠯᠭ᠎ᠠ᠎ᠲᠠᠶ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠠᠢᠭᠤᠯᠤᠮᠵᠢ ᠣᠷᠣᠨ ᠲᠣᠭ᠎ᠠ᠎ᠶ᠋ᠢᠨ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠣᠨᠣᠴᠠᠲᠠᠢ ᠱᠢᠯᠢᠳᠡᠭ᠌ᠵᠢᠭᠦᠯᠵᠦ᠍᠂ ᠪᠠᠢᠭᠤᠯᠤᠮᠵᠢ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠣᠳᠣᠬᠢᠴᠢᠯᠠᠭ᠍ᠰᠠᠨ ᠬᠥᠯᠥᠨ ᠪᠤᠢ᠌ᠷ᠎ᠤᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠬᠦ᠌ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠤᠨ᠎ᠠ》 ᠬᠡᠵᠦ ᠢᠯᠡᠷᠬᠡᠢᠯᠡᠨ᠎ᠡ᠃ ᠬᠥᠯᠥᠨ ᠪᠣᠢᠷ᠎ᠤᠨ ᠲᠠᠷᠢᠶᠠᠯᠠᠩ ᠤ᠋ᠨ  ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠲᠠᠰᠤᠭ᠎ᠤᠨ ᠲᠤᠰᠭᠠᠶ ᠲᠤᠱᠢᠶᠠᠯᠲᠠᠨ ᠯᠢᠦ ᠢᠦᠶ ᠲᠦᠩ ᠢᠯᠡᠷᠬᠡᠢᠯᠡᠬᠦ᠌᠎ᠳᠡᠭᠡᠨ᠂ ᠠᠲᠠᠷ ᠬᠠᠭᠠᠯᠪᠤᠷᠢᠯᠠᠯᠲᠠ᠎ᠶ᠋ᠢᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠠᠩ ᠥᠨᠳᠥᠷ ᠵᠣᠭ᠍ᠰᠣᠴᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠢᠴᠢᠭ᠌ᠯᠡᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠡᠶ᠃

ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠢ᠎ᠠ ᠪᠣᠯᠤᠨ ᠥᠪᠥᠷ ᠮᠣᠩᠭᠣᠯ᠎ᠤᠨ ᠡᠨᠧᠷᠭᠢ᠎ᠪᠡᠷ ᠴᠠᠬᠢᠯᠭᠠᠨ ᠭᠠᠷᠭᠠᠬᠤ ᠬᠢᠩᠭᠠᠨ ᠢᠯᠴᠢ ᠴᠠᠬᠢᠯᠭᠠᠨ᠎ᠤ ᠬᠢᠵᠠᠭᠠᠷᠲᠤ ᠺᠣᠮᠫᠠᠨᠢ᠎ᠳᠤ᠂ ᠤᠬᠠᠭᠤᠯᠤᠨ ᠲᠠᠢᠯᠪᠤᠷᠢᠯᠠᠭ᠍ᠴᠢ ᠲᠦᠬᠦᠮ ᠣᠢᠯᠠᠭᠠᠮᠵᠢᠲᠠᠢ ᠦᠭᠡ ᠬᠡᠯᠡ ᠪᠣᠯᠤᠨ ᠠᠮᠢᠳᠤᠯᠢᠭ ᠪᠣᠳᠠᠲᠠᠢ ᠵᠢᠱ᠌ᠢᠢ᠎ᠡ᠎ᠪᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠢ᠎ᠡ᠎ᠶ᠋ᠢᠨ ᠲᠤᠬᠠᠢ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠦ᠍᠂ ᠲᠤᠬᠠᠢ᠎ᠶ᠋ᠢᠨ ᠲᠠᠯᠠᠪᠠᠢ᠎ᠳᠤ ᠪᠠᠢᠭ᠎ᠠ ᠺᠠᠳ᠋ᠷ ᠠᠵᠢᠯᠳᠠᠨ ᠠᠵᠢᠯᠴᠢᠨ᠎ᠤ ᠤᠢᠯᠠᠭᠠᠵᠦ ᠳᠡᠢᠯᠬᠦ᠂ ᠪᠠᠲᠤ ᠴᠡᠭᠡᠵᠢᠯᠡᠭᠦᠯᠬᠦ᠂ ᠰᠠᠢᠲᠤᠷ ᠬᠡᠷᠡᠭ᠌ᠯᠡᠭᠦ ᠵᠢ ᠠᠬᠢᠭᠤᠯᠪᠠ᠃ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠶᠠᠨ᠎ᠤ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠲᠥᠪ᠎ᠦᠨ ᠵᠠᠯᠠᠭᠤ ᠺᠠᠳ᠋ᠷ ᠱᠠᠨ ᠮᠧᠢ ᠵᠢᠶ᠍ᠸ᠄ 《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ᠎ᠠᠴᠠ ᠪᠢ 〈ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠬᠦ᠌〉 ᠪᠠᠢᠯᠳᠤᠬᠤ ᠪᠤᠳᠤᠯᠭ᠎ᠠ᠎ᠶ᠋ᠢᠨ ᠠᠴᠢ ᠬᠣᠯᠪᠣᠭ᠍ᠳᠠᠯ᠎ᠢ ᠨᠡᠩ ᠭᠦᠨᠵᠡᠭᠡᠢ ᠣᠢᠯᠠᠭᠠᠵᠤ᠂ ᠡᠨᠡ ᠪᠣᠯ ᠦᠨᠳᠦᠰᠦᠨ ᠱᠠᠲᠤᠨ᠎ᠤ ᠮᠠᠯ ᠠᠵᠤ ᠠᠬᠤᠢ᠎ᠶ᠋ᠢᠨ ᠠᠵᠢᠯ᠎ᠤᠨ ᠦᠨᠳᠦᠰᠦᠨ ᠵᠢᠷᠤᠮᠯᠠᠯ ᠪᠣᠯᠬᠤ᠎ᠶ᠋ᠢ ᠨᠡᠩ ᠲᠣᠳᠣᠷᠬᠠᠢ ᠣᠢᠯᠠᠭᠠᠪᠠ᠃ ᠪᠢ ᠦᠷᠭᠦᠯᠵᠢᠯᠡᠨ ᠱᠢᠨᠵᠢᠯᠡᠬᠦ᠌ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ᠌᠂ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠮᠡᠳᠡᠯᠭᠡ᠎ᠶ᠋ᠢ ᠠᠪᠴᠤ᠌ ᠮᠠᠯᠵᠢᠬᠤ ᠡᠷᠦᠭᠡ᠎ᠳᠦ ᠭᠦᠨᠵᠡᠭᠡᠢᠷᠡᠨ᠂ ᠤᠯᠠᠨ ᠲᠦᠮᠡᠨ᠎ᠳᠦ ᠦᠢᠯᠡᠴᠢᠯᠡᠵᠦ᠍᠂ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ᠎ᠢ ᠮᠠᠯᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ》 ᠬᠡᠵᠤ ᠬᠡᠯᠡᠪᠠ᠃

ᠮᠠᠨᠵᠤᠤᠷ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠪᠠ ᠡᠳ᠋᠎ᠦᠨ ᠵᠠᠰᠠᠭ ᠎ᠤᠨ ᠲᠣᠪᠴᠢᠶ᠎ᠠ᠎ᠳᠤ᠂ ᠤᠬᠠᠭᠤᠯᠤᠨ ᠲᠠᠢᠯᠪᠤᠷᠢᠯᠠᠭ᠍ᠴᠢ ᠪᠠ ᠺᠠᠳ᠋ᠷ ᠠᠵᠢᠯᠲᠠᠨ ᠠᠵᠢᠯᠴᠢᠨ ᠰᠠᠨᠠᠯ᠎ᠢᠶᠠᠨ ᠰᠣᠯᠢᠯᠴᠠᠵᠤ᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠵᠠᠳᠠᠯᠬᠤ᠂ ᠲᠥᠷᠥ᠎ᠶ᠋ᠢᠨ ᠪᠣᠳᠣᠯᠭ᠎ᠠ᠎ᠶ᠋ᠢᠨ ᠭᠤᠤᠯᠳᠠᠯᠭ᠎ᠠ ᠎ᠶ᠋ᠢ ᠲᠠᠢᠯᠪᠤᠷᠢᠯᠠᠬᠤ᠎ᠪᠠᠷ ᠳᠠᠮᠵᠢᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠣᠳᠣᠷᠬᠠᠢᠯᠠᠨ ᠲᠠᠢᠯᠪᠤᠷᠢᠯᠠᠪᠠ᠃ ᠮᠠᠨᠵᠤᠤᠷ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠤᠯᠤᠰ ᠲᠥᠷᠥ᠎ᠶ᠋ᠢᠨ ᠬᠡᠯᠲᠡᠰ ᠎ᠦᠨ ᠡᠷᠬᠢᠯᠡᠭ᠌ᠴᠢ ᠱᠢᠤᠢ ᠴᠢᠩ ᠯᠢ ᠬᠡᠯᠡᠬᠦ ᠳ᠋ᠡᠭᠡᠨ᠄ 《ᠠᠮᠢᠳᠤᠯᠢᠭ ᠪᠤᠳᠠᠳᠠᠢ ᠣᠨᠣᠯ᠎ᠤᠨ ᠤᠬᠠᠭᠤᠯᠭ᠎ᠠ᠎ᠨᠢ ᠪᠢᠳᠡᠨ᠎ᠦ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ᠂ ᠰᠤᠷᠤᠯᠴᠠᠬᠤ ᠪᠠ ᠬᠡᠷᠡᠭ᠌ᠯᠡᠬᠦ᠌᠎ᠶ᠋ᠢ ᠤᠶᠠᠯᠳᠤᠭᠤᠯᠬᠤ᠂ ᠰᠤᠷᠤᠯᠴᠠᠬᠤ᠎ᠪᠠᠷ ᠠᠵᠢᠯᠯᠠᠬᠤ᠎ᠶ᠋ᠢ ᠠᠬᠢᠭᠤᠯᠬᠤ᠎ᠳᠤ ᠬᠦᠴᠦᠲᠡᠶ ᠵᠢᠯᠣᠭᠣᠳᠣᠯᠭ᠎ᠠ ᠬᠠᠩᠭᠠᠪᠠ᠃ ᠪᠢᠳᠡ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠰᠠᠭᠤᠷᠢᠯᠠᠨ᠂ ᠬᠠᠤᠯᠢ ᠶᠣᠰᠣᠭᠠᠷ ᠢᠳᠡᠪᠬᠢᠲᠡᠢ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠷᠢᠯᠢᠭ ᠣᠨᠣᠴᠠᠲᠠᠢ ᠎ᠪᠠᠷ ᠬᠢᠨᠠᠯᠲᠠ ᠲᠠᠯᠪᠢᠬᠤ᠎ᠶ᠋ᠢ ᠴᠢᠩᠭᠠᠳᠭᠠᠨ᠂ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠢᠴᠠᠭᠠᠬᠤ ᠦᠢᠯᠡᠳᠦᠯᠭᠡ᠎ᠶ᠋ᠢᠨ ᠳᠤᠮᠳᠠ ᠲᠤᠭᠤᠱᠢᠯᠠᠭᠤᠯᠤᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ》 ᠭᠡᠪᠡ᠃ ᠮᠠᠨᠵᠤᠤᠷ ᠬᠣᠲᠠ᠎ᠶ᠋ᠢᠨ ᠪᠣᠭᠣᠮᠲᠠ᠎ᠶ᠋ᠢᠨ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠠᠵᠢᠯ᠎ᠤᠨ ᠠᠵᠢᠯᠲᠠᠨ ᠯᠢᠦ ᠱᠢᠶᠤᠤ ᠮᠧᠶ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠲᠠᠷᠠᠭ᠎ᠠ᠂ ᠪᠢ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠡᠭᠦᠷᠭᠡ ᠬᠠᠷᠢᠭᠤᠴᠠᠯᠭ᠎ᠠ ᠪᠣᠯᠤᠨ ᠬᠥᠭ᠌ᠵᠢᠯᠲᠡ᠎ᠶ᠋ᠢᠨ ᠴᠢᠭ᠌ᠯᠡᠯ᠎ᠦᠨ ᠲᠤᠬᠠᠢ ᠨᠡᠩ ᠲᠣᠳᠣᠷᠬᠠᠢ ᠲᠠᠨᠢᠯᠲᠠ᠎ᠲᠠᠶ ᠪᠣᠯᠪᠠ᠃ ᠪᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠤ ᠠᠬᠤᠢᠯᠠᠯ᠎ᠤᠨ ᠲᠣᠭᠠᠴᠢᠯᠠᠭ᠍ᠰᠠᠨ ᠬᠡᠯᠪᠡᠷᠢ᠎ᠪᠡᠨ ᠬᠤᠪᠢᠷᠠᠭᠤᠯᠬᠤ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠦᠶ᠋ᠯᠡᠳᠦᠯᠭᠡ᠎ᠳᠦ ᠰᠠᠨᠠᠭᠠᠴᠢᠯᠠᠭ᠎ᠠ ᠡᠴᠠ ᠪᠠᠨ ᠠᠭᠤᠰᠤᠯᠴᠠᠭᠤᠯᠵᠤ᠂ 〈ᠬᠠᠳᠠᠭᠠᠰᠤ ᠬᠠᠳᠠᠬᠤ〉 ᠵᠣᠷᠢᠭ ᠰᠠᠨᠠᠭ᠎ᠠ ᠪᠠᠷ ᠪᠣᠳᠠᠲᠠᠶ ᠨᠠᠢᠳᠠᠪᠤᠷᠢᠵᠢᠭᠤᠯᠤᠨ᠎ᠠ》 ᠭᠡᠵᠡᠶ᠃

ᠲᠦᠩᠯᠢᠶᠣᠤ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠪᠣᠯᠤᠨ ᠲᠦᠩᠯᠢᠶᠣᠤ ᠬᠣᠲᠠ᠎ᠶ᠋ᠢᠨ ᠱᠦᠶ ᠱᠧᠩ ᠪᠦᠯᠦᠭ᠌ᠯᠡᠯ᠎ᠳᠦ᠂ ᠤᠬᠠᠭᠤᠯᠤᠨ ᠲᠠᠢᠯᠪᠤᠷᠢᠯᠠᠭ᠍ᠴᠢ᠎ᠠᠴᠠ ᠠᠯᠢ ᠣᠯᠠᠨ ᠠᠮᠢᠳᠤᠯᠢᠭ ᠪᠣᠳᠠᠲᠠᠶ ᠬᠡᠷᠡᠭ᠎ᠦᠨ ᠵᠢᠱ᠌ᠢᠶ᠎ᠡ᠂ ᠲᠣᠭ᠎ᠠ ᠪᠠᠷᠢᠮᠲᠠ᠎ᠶ᠋ᠢ ᠵᠠᠳᠠᠯᠠᠬᠤ ᠪᠡᠷ ᠲᠠᠮᠵᠢᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤ ᠦᠶ᠋ᠯᠡᠳᠦᠯᠭᠡ᠎ᠲᠡᠶ ᠤᠶᠠᠯᠳᠤᠭᠤᠯᠤᠨ ᠤᠬᠠᠭᠤᠯᠤᠨ ᠲᠠᠢᠯᠪᠤᠷᠢᠯᠠᠵᠤ᠂ ᠣᠯᠠᠨ᠎ᠤ ᠬᠦᠷᠢᠶᠡᠯᠡᠯ᠎ᠢ ᠤᠯᠪᠠ᠃ ᠣᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠪᠠᠷ ᠳᠡᠮᠵᠢᠨ᠂ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠲᠤᠬᠠᠶ ᠣᠢᠯᠠᠭᠠᠯᠲᠠ᠎ᠪᠠᠨ ᠳᠠᠬᠢᠨ ᠭᠦᠨᠵᠡᠭᠡᠢᠷᠡᠭᠦᠯᠵᠦ᠍᠂ ᠳᠠᠬᠢᠨ ᠳᠡᠭᠡᠭ᠌ᠰᠢᠯᠡᠭᠦᠯᠵᠦ᠍᠂ ᠵᠠᠯᠭᠠᠭᠠᠳ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠳᠦᠷ ᠲᠤᠲᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠦᠶ᠋ᠯᠡᠴᠢᠯᠡᠭᠡᠨ᠎ᠦ ᠦᠷ᠎ᠡ ᠪᠦᠲᠦᠮᠵᠢ ᠪᠣᠯᠤᠨ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠦᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃ 

(ᠰᠤᠷᠪᠤᠯᠵᠢᠯᠠᠭ᠍ᠴᠢ ᠯᠢ ᠱᠢᠨ ᠵᠢᠶᠦ᠋ᠨ   ᠭᠤᠤ ᠮᠢᠨ ᠨᠠ   ᠯᠢ ᠵᠢᠶᠠ ᠢᠦᠢ   ᠴᠧᠨ ᠴᠦᠨ ᠶᠠᠨ   ᠴᠢᠮᠡᠭᠡᠯᠡᠭ᠌ᠴᠢ  ᠰᠤᠷᠤᠨ᠎ᠠ  ᠮᠸᠩ ᠴᠢᠩ ᠯᠢ  ᠶᠡᠷᠦᠩᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号