ᠦᠪᠦᠷ ᠮᠤᠩᠭᠤᠯ ᠡᠮ ᠤ᠋ᠨ ᠵᠦᠢᠯᠡᠰ ᠢ᠋ ᠳᠠᠬᠢᠨ ᠳᠠᠩᠰᠠᠯᠠᠭᠤᠯᠬᠤ ᠠᠵᠢᠯ ᠢ᠋ ᠠᠮᠵᠢᠯᠳᠠ ᠲᠠᠢ ᠪᠡᠶᠡᠯᠡᠭᠦᠯᠪᠡ
2025-12-24 10:40:52
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

 ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ  ᠳ᠋ᠤ   ᠪᠦᠬᠦ  ᠤᠷᠤᠨ ᠤ᠋ ᠡᠮ ᠤ᠋ᠨ  ᠵᠦᠢᠯᠡᠰ  ᠦᠢᠯᠡᠳᠪᠤᠷᠢᠯᠡᠬᠦ  55 ᠠᠵᠤ ᠠᠬᠤᠢᠯᠠᠯ ᠤ᠋ᠨ 2530 ᠵᠦᠢᠯ ᠤ᠋ᠨ ᠦᠢᠯᠡᠳᠭᠦᠨ ᠢ᠋ ᠳᠠᠬᠢᠨ ᠳᠠᠩᠰᠠᠯᠠᠭᠤᠯᠬᠤ ᠪᠠ ᠲᠦᠪᠯᠡᠷᠡᠭᠦᠯᠦᠨ ᠬᠢᠨᠠᠨ ᠵᠦᠪᠰᠢᠶᠡᠷᠡᠬᠦ ᠠᠵᠢᠯ ᠢ᠋ ᠭᠦᠢᠴᠡᠳᠭᠡᠵᠤ᠂ 5 ᠵᠢᠯ ᠳ᠋ᠤ ᠨᠢᠭᠡ ᠤᠳᠠᠭ᠎ᠠ ᠶᠠᠪᠤᠭᠳᠠᠬᠤ ᠡᠮ ᠤ᠋ᠨ ᠵᠦᠢᠯᠡᠰ ᠢ᠋ ᠳᠠᠬᠢᠨ ᠳᠠᠩᠰᠠᠯᠠᠭᠤᠯᠬᠤ ᠪᠠ ᠲᠦᠪᠯᠡᠷᠡᠭᠦᠯᠦᠨ ᠬᠢᠨᠠᠨ ᠵᠦᠪᠰᠢᠶᠡᠷᠡᠬᠦ ᠠᠵᠢᠯ ᠢ᠋ ᠠᠮᠵᠢᠯᠳᠠ ᠲᠠᠢ ᠪᠡᠶᠡᠯᠡᠭᠦᠯᠪᠠ᠃

ᠲᠤᠰ ᠤᠳᠠᠭ᠎ᠠ ᠵᠢᠨ ᠳᠠᠬᠢᠨ ᠳᠠᠩᠰᠠᠯᠠᠭᠤᠯᠬᠤ ᠠᠵᠢᠯ ᠪᠤᠯ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠶ᠋ᠢᠨ 《ᠲᠠᠯᠪᠢᠬᠤ ᠬᠠᠮᠢᠶᠠᠷᠬᠤ ᠦᠢᠯᠡᠴᠢᠯᠡᠬᠦ 》 ᠦᠭᠡᠷᠡᠴᠢᠯᠡᠯᠳᠡ ᠶ᠋ᠢ ᠭᠦᠨᠵᠡᠭᠡᠢᠷᠡᠭᠦᠯᠦᠭᠰᠡᠨ ᠠᠮᠢᠳᠤᠯᠢᠭ ᠦᠢᠯᠡᠳᠦᠯᠭᠡ ᠪᠤᠯᠤᠨ᠎ᠠ᠃ ᠡᠭᠦᠨ ᠳ᠋ᠤ ᠠᠵᠢᠯ ᠤ᠋ᠨ ᠦᠷ᠎ᠠ ᠪᠦᠲᠦᠮᠵᠢ ᠶ᠋ᠢ ᠳᠡᠭᠡᠭᠰᠢᠯᠡᠭᠦᠯᠬᠦ ᠲᠠᠯ᠎ᠠ ᠪᠡᠷ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠤᠤᠯ ᠤ᠋ᠨ ᠠᠳᠠᠯᠢ ᠪᠤᠰᠤ ᠬᠡᠯᠳᠡᠰ ᠲᠤ᠌ ᠬᠠᠷᠢᠶᠠᠯᠠᠭᠳᠠᠵᠤ ᠪᠠᠢᠭᠰᠠᠨ ᠵᠠᠰᠠᠭ ᠵᠠᠬᠢᠷᠭᠠᠨ ᠤ᠋ ᠬᠢᠨᠠᠨ ᠵᠦᠪᠰᠢᠶᠡᠷᠡᠬᠦ ᠪᠠ ᠳᠠᠩᠰᠠᠯᠠᠭᠤᠯᠬᠤ ᠠᠵᠢᠯ ᠢ᠋ ᠨᠢᠭᠡ ᠬᠡᠯᠳᠡᠰ ᠲᠤ᠌ ᠨᠡᠢᠯᠡᠭᠦᠯᠦᠨ ᠭᠦᠢᠴᠡᠳᠭᠡᠬᠦ ᠪᠤᠯᠭᠠᠵᠤ᠂ ᠬᠢᠨᠡᠨ ᠵᠦᠪᠰᠢᠶᠡᠷᠡᠬᠦ ᠴᠢᠬᠤᠯᠠᠲᠠᠢ ᠠᠵᠢᠯ ᠢ᠋ ᠪᠦᠷ ᠦᠪᠡᠷᠳᠡᠭᠡᠨ ᠵᠠᠰᠠᠬᠤ ᠤᠷᠤᠨ ᠤ᠋ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠲᠦᠪ ᠲᠤ᠌ ᠤᠷᠤᠭᠤᠯᠵᠤ᠂ ᠰᠦᠯᠵᠢᠶᠡᠨ ᠳᠡᠭᠡᠷ᠎ᠠ ᠪᠠ ᠠᠬᠤᠢ ᠲᠠᠯᠠᠪᠠᠢ ᠳ᠋ᠤ ᠨᠢᠭᠡ ᠯᠡ ᠴᠤᠩᠬᠤᠪᠴᠢ ᠪᠡᠷ ᠭᠦᠢᠴᠡᠳᠭᠡᠬᠦ ᠶ᠋ᠢ ᠬᠡᠷᠡᠭᠵᠢᠭᠦᠯᠪᠡ; ᠠᠵᠤ ᠠᠬᠤᠢᠯᠠᠯ ᠤ᠋ᠨ ᠪᠠᠴᠢᠮ ᠬᠡᠷᠡᠭᠴᠡᠭᠡ ᠶ᠋ᠢ ᠰᠢᠢᠳᠪᠤᠷᠢᠯᠡᠬᠦ ᠲᠠᠯ᠎ᠠ ᠪᠡᠷ᠂ 2025 ᠤᠨ ᠳ᠋ᠤ ᠳᠠᠬᠢᠨ ᠳᠠᠩᠰᠠᠯᠠᠭᠤᠯᠬᠤ ᠠᠵᠢᠯ ᠲᠦᠪᠯᠡᠷᠡᠨ ᠪᠦᠭᠡᠮᠨᠡᠷᠡᠬᠦ ᠪᠠᠢᠳᠠᠯ ᠳ᠋ᠤ ᠴᠢᠭᠯᠡᠭᠦᠯᠦᠨ᠂ ᠠᠵᠤ ᠠᠬᠤᠢᠯᠠᠯ ᠤ᠋ᠨ ᠳᠠᠬᠢᠨ ᠳᠠᠩᠰᠠᠯᠠᠭᠤᠯᠬᠤ ᠴᠢᠬᠤᠯᠠᠲᠠᠢ ᠡᠮ ᠤ᠋ᠨ ᠵᠦᠢᠯᠡᠰ ᠢ᠋ ᠤᠷᠢᠳᠴᠢᠯᠡᠨ ᠡᠮᠬᠢᠯᠡᠵᠦ᠂ ᠨᠠᠷᠢᠨ ᠳᠠᠩᠰᠠ ᠪᠠᠢᠭᠤᠯᠤᠨ᠂ ᠲᠤᠰᠬᠠᠢ ᠮᠡᠷᠭᠡᠵᠢᠯ ᠤ᠋ᠨ ᠵᠢᠯᠤᠭᠤᠳᠤᠯᠭ᠎ᠠ ᠬᠠᠩᠭᠠᠬᠤ ᠪᠦᠯᠬᠦᠮ ᠪᠠ ᠳᠠᠬᠢᠨ ᠳᠠᠩᠰᠠᠯᠠᠭᠤᠯᠬᠤ ᠳ᠋ᠠᠢᠲ᠋ᠠ ᠶ᠋ᠢᠨ ᠬᠦᠮᠦᠷᠭᠡ ᠪᠠᠢᠭᠤᠯᠵᠤ᠂ ᠠᠵᠤ ᠠᠬᠤᠢᠯᠠᠯ ᠳᠠᠩᠰᠠᠯᠠᠭᠤᠯᠬᠤ ᠠᠵᠢᠯ ᠢ᠋ ᠭᠠᠷᠳᠠᠨ ᠬᠢᠬᠦ ᠡᠴᠡ ᠡᠮᠦᠨ᠎ᠠ ᠨᠢᠭᠡᠳ ᠨᠢᠭᠡ ᠪᠡᠷ ᠬᠠᠷᠢᠯᠴᠠᠵᠤ᠂ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠮᠡᠷᠭᠡᠵᠢᠯ ᠤ᠋ᠨ ᠳᠡᠮᠵᠢᠯᠭᠡ ᠬᠠᠩᠭᠠᠨ᠂ ᠪᠤᠷᠤᠭᠤ ᠮᠡᠳᠡᠭᠦᠯᠬᠦ ᠨᠤᠷᠮ᠎ᠠ ᠶ᠋ᠢ ᠪᠦᠲᠦᠮᠵᠢᠳᠠᠢ ᠪᠠᠭᠠᠰᠬᠠᠪᠠ; ᠲᠤᠭᠠᠴᠢᠯᠠᠭᠰᠠᠨ ᠦᠢᠯᠡᠴᠢᠯᠡᠭᠡ ᠬᠠᠩᠭᠠᠬᠤ ᠲᠠᠯ᠎ᠠ ᠪᠡᠷ᠂ 《ᠪᠦᠬᠦ ᠶᠠᠪᠤᠴᠠ ᠪᠡᠷ ᠰᠦᠯᠵᠢᠶ᠎ᠠ ᠪᠡᠷ ᠭᠦᠢᠴᠡᠳᠭᠡᠬᠦ 》 ᠪᠠ ᠡᠯᠧᠺᠲ᠋ᠷᠤᠨ ᠦᠨᠡᠮᠯᠡᠯ ᠤᠯᠭᠤᠬᠤ ᠦᠢᠯᠡᠴᠢᠯᠡᠭᠡ ᠬᠠᠩᠭᠠᠵᠤ᠂ ᠬᠤᠯᠪᠤᠭᠳᠠᠯ ᠪᠦᠬᠦᠢ ᠰᠦᠢᠳᠭᠡᠯ ᠢ᠋ ᠬᠠᠰᠤᠵᠤ ᠬᠡᠯᠳᠦᠷᠢᠭᠦᠯᠬᠦ ᠲᠦᠷᠦ ᠶ᠋ᠢᠨ ᠪᠤᠳᠤᠯᠭ᠎ᠠ ᠶ᠋ᠢ ᠨᠠᠢᠳᠠᠪᠤᠷᠢᠵᠢᠭᠤᠯᠤᠨ᠂ ᠠᠵᠤ ᠠᠬᠤᠢᠯᠠᠯ ᠳ᠋ᠤ 《ᠳᠦᠭᠦᠮ ᠲᠦᠳᠡ᠂ ᠦᠨᠳᠦᠷ ᠪᠦᠲᠦᠮᠵᠢᠳᠠᠢ᠂ ᠵᠠᠷᠤᠯᠭ᠎ᠠ ᠪᠠᠭᠠᠳᠠᠢ 》 ᠦᠢᠯᠡᠴᠢᠯᠡᠭᠡ ᠬᠦᠷᠳᠡᠭᠡᠭᠰᠡᠨ ᠪᠠᠢᠨ᠎ᠠ᠃ ᠡᠭᠦᠨ ᠤ᠋ ᠬᠠᠮᠳᠤ ᠰᠦᠯᠵᠢᠶ᠎ᠠ ᠪᠡᠷ ᠬᠠᠷᠢᠯᠴᠠᠬᠤ ᠵᠡᠷᠭᠡ ᠤᠯᠠᠨ ᠠᠷᠭ᠎ᠠ ᠵᠠᠮ ᠤ᠋ᠨ ᠤᠯᠤᠯᠴᠠᠬᠤ ᠳᠠᠪᠴᠠᠩ ᠢ᠋ ᠪᠠᠢᠭᠤᠯᠵᠤ᠂ ᠠᠵᠤ ᠠᠬᠤᠢᠯᠠᠯ ᠤ᠋ᠨ ᠬᠢᠨ ᠳ᠋ᠤ ᠰᠦᠯᠵᠢᠶ᠎ᠠ ᠪᠡᠷ ᠪᠤᠯᠪᠠᠰᠤᠷᠠᠯ ᠬᠦᠷᠳᠡᠭᠡᠨ᠂ ᠤᠯᠤᠰ ᠤ᠋ᠨ ᠰᠢᠨ᠎ᠠ ᠳᠤᠭᠳᠠᠭᠠᠯ ᠢ᠋ ᠲᠠᠢᠯᠪᠤᠷᠢᠯᠠᠬᠤ  ᠶ᠋ᠢᠨ ᠬᠠᠮᠳᠤ ᠲᠦᠪᠯᠡᠷᠡᠭᠦᠯᠦᠨ ᠠᠰᠠᠭᠤᠯᠳᠠ ᠬᠠᠷᠢᠭᠤᠯᠬᠤ ᠪᠠ ᠴᠠᠭ ᠲᠤᠬᠠᠢ ᠳ᠋ᠤᠨᠢ ᠵᠦᠪᠯᠡᠯᠭᠡ ᠦᠭᠬᠦ ᠵᠡᠷᠭᠡ ᠬᠡᠯᠪᠡᠷᠢ ᠪᠡᠷ ᠲᠤᠰᠬᠠᠢ ᠮᠡᠷᠭᠡᠵᠢᠯ ᠤ᠋ᠨ ᠵᠢᠯᠤᠭᠤᠳᠤᠮᠵᠢ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号