ᠮᠠᠨ᠎ᠤ ᠤᠯᠤᠰ᠎ᠤᠨ ᠲᠡᠯᠡᠶ ᠳᠡᠭᠡᠷᠡᠬᠢ ᠬᠠᠮᠤᠭ᠎ᠤᠨ ᠲᠣᠮᠣ ᠴᠢᠯᠠᠭᠤᠨ ᠲᠣᠰᠣᠨ᠎ᠤ ᠠᠢ ᠰᠠᠪᠠ᠎ᠶᠢᠨ ᠵᠢᠯ᠎ᠦᠨ ᠲᠣᠰᠣ ᠬᠡᠢ᠎ᠶᠢᠨ ᠭᠠᠷᠤᠯᠲᠠ 4000 ᠲᠦᠮᠡᠨ ᠲᠣᠨ᠎ᠢ ᠳᠠᠪᠠᠵᠠᠢ
2025-12-24 10:51:12
ᠵᠣᠬᠢᠶᠠᠭ᠍ᠴᠢ᠄
​ ᠸᠠᠩ ᠶᠤᠸᠠᠢ ᠶᠠᠩ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠲᠠᠯᠠᠢ᠎ᠶ᠋ᠢᠨ ᠴᠢᠯᠠᠭᠤᠨ ᠲᠤᠰᠤᠨ᠎ᠤ ᠪᠥᠯᠦᠭᠯᠡᠯ ᠤᠢᠷ᠎ᠡ ᠵᠢᠨ ᠡᠳᠦᠷ᠂ ᠮᠠᠨ᠎ᠤ ᠤᠯᠤᠰ᠎ᠤᠨ ᠲᠠᠯᠠᠢ ᠳᠡᠭᠡᠷᠡᠬᠢ ᠬᠠᠮᠤᠭ᠎ᠤᠨ ᠲᠤᠮᠤ ᠴᠢᠯᠠᠭᠤᠨ ᠲᠤᠰᠤᠨ᠎ᠤ ᠠᠢ ᠰᠠᠪᠠ — ᠪᠦᠸᠧᠬᠠᠢ ᠲᠠᠩᠭᠢᠰ᠎ᠤᠨ ᠴᠢᠯᠠᠭᠤᠨ ᠲᠤᠰᠤᠨ᠎ᠤ ᠠᠢ ᠰᠠᠪᠠ᠎ᠶ᠋ᠢᠨ 2025 ᠣᠨ᠎ᠳᠤ ᠦᠢᠯᠡᠳᠪᠦᠷᠢᠯᠡᠭ᠌ᠰᠡᠨ ᠲᠤᠰᠤ ᠬᠡᠢ᠎ᠶ᠋ᠢᠨ ᠬᠡᠮᠵᠢᠶ᠎ᠡ ᠨᠡᠢ᠌ᠳᠡ 4000 ᠲᠦᠮᠡᠨ ᠲᠣᠨ᠎ᠢ ᠳᠠᠪᠠᠵᠤ᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠪᠣᠯᠤᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠵᠠᠢ ᠭᠡᠵᠦ᠍ ᠨᠡᠢᠲᠡᠯᠡᠪᠡ᠃

ᠪᠦᠸᠧᠬᠠᠶ ᠲᠠᠩᠭᠢᠰ᠎ᠤᠨ ᠴᠢᠯᠠᠭᠤᠨ ᠲᠣᠰᠣᠨ᠎ᠤ ᠠᠢ ᠰᠠᠪᠠ ᠪᠣᠯ ᠮᠠᠨ᠎ᠤ ᠤᠯᠤᠰ᠎ᠤᠨ ᠳᠠᠯᠠᠶ ᠳᠡᠭᠡᠷᠡᠬᠢ ᠭᠠᠷᠤᠯᠲᠠ᠎ᠪᠠᠷ ᠬᠠᠮᠤᠭ᠎ᠤᠨ ᠥᠨᠳᠥᠷ᠂ ᠬᠡᠪᠴᠢᠶ᠎ᠡ᠎ᠪᠡᠷ ᠬᠠᠮᠤᠭ᠎ᠤᠨ ᠶᠡᠬᠡ ᠭᠣᠣᠯ ᠪᠣᠯᠬᠤ ᠴᠢᠯᠠᠭᠤᠨ ᠲᠣᠰᠣᠨ᠎ᠤ ᠠᠢ ᠰᠠᠪᠠ ᠪᠣᠯᠤᠨ᠎ᠠ᠂ ᠣᠳᠣ 60 ᠭᠠᠷᠤᠶ ᠲᠣᠰᠣ ᠬᠡᠢ᠎ᠶᠢᠨ ᠠᠢ ᠰᠠᠪᠠ᠂ 200 ᠭᠠᠷᠤᠶ ᠦᠢᠯᠡᠳᠪᠦᠷᠢᠯᠡᠯ᠎ᠦᠨ ᠲᠥᠬᠥᠭᠡᠷᠦᠮᠵᠢ᠎ᠲᠡᠶ ᠪᠠᠢᠵᠤ᠂ ᠲᠦᠭᠦᠬᠡᠶ ᠴᠢᠯᠠᠭᠤᠨ ᠲᠣᠰᠣ᠎ᠶ᠋ᠢ ᠨᠡᠢᠲᠡ 6 ᠳ᠋ᠦᠩᠱᠢᠭᠤᠷ ᠲᠣᠨ ᠦᠢᠯᠡᠳᠪᠦᠷᠢᠯᠡᠵᠦ᠍ ᠪᠠᠢᠨ᠎ᠠ᠃ ᠤᠢ᠍ᠢᠷ᠎ᠠ᠎ᠶ᠋ᠢᠨ ᠲᠠᠪᠤᠨ ᠵᠢᠯ᠎ᠳᠦ᠂ ᠪᠦᠸᠸᠬᠠᠢ ᠲᠠᠩᠭᠢᠰ᠎ᠤᠨ ᠴᠢᠯᠠᠭᠤᠨ ᠲᠤᠰᠤᠨ᠎ᠤ ᠠᠢ ᠰᠠᠪᠠ᠎ᠶ᠋ᠢᠨ ᠲᠤᠰᠤ ᠭᠡᠢ᠎ᠶ᠋ᠢᠨ ᠭᠠᠷᠤᠯᠲᠠ ᠵᠢᠯ ᠳᠤᠮᠳᠠᠴᠢ᠎ᠪᠠᠷ 5% ᠪᠡᠷ ᠨᠡᠮᠡᠭ᠌ᠳᠡᠵᠦ᠍᠂ ᠲᠦᠭᠦᠬᠡᠢ ᠴᠢᠯᠠᠭᠤᠨ ᠲᠤᠰᠤᠨ᠎ᠤ ᠨᠡᠮᠡᠭ᠌ᠳᠡᠯ᠎ᠦᠨ ᠬᠡᠮᠵᠢᠶ᠎ᠡ ᠪᠠᠷᠤᠭ ᠪᠦᠬᠦ᠌ ᠤᠯᠤᠰ᠎ᠤᠨ ᠶᠡᠷᠦᠩᠬᠡᠢ ᠨᠡᠮᠡᠭ᠌ᠳᠡᠯ᠎ᠦᠨ ᠬᠡᠮᠵᠢᠶ᠎ᠡ᠎ᠶ᠋ᠢᠨ 40% ᠱᠢᠬᠠᠮ᠎ᠢ ᠡᠵᠡᠯᠡᠪᠡ᠃

ᠳᠤᠮᠳᠠᠳᠤ ᠤᠯᠤᠰ᠎ᠤᠨ ᠳᠠᠯᠠᠢ᠎ᠶ᠋ᠢᠨ ᠲᠤᠰᠤᠨ᠎ᠤ ᠲᠢᠶᠠᠨᠵᠢᠨ᠎ᠤ ᠬᠤᠪᠢᠶᠠᠷᠢ ᠺᠣᠮᠫᠠᠨᠢ᠎ᠶ᠋ᠢᠨ ᠬᠣᠯᠪᠣᠭ᠍ᠳᠠᠯ ᠪᠦᠬᠦᠢ ᠬᠠᠷᠢᠭᠤᠴᠠᠯᠭᠠᠲᠠᠨ᠂ 2025 ᠣᠨ᠎ᠳᠤ᠂ ᠪᠦᠸᠧᠬᠠᠢ ᠳᠠᠨᠭᠬᠢᠰ᠎ᠤᠨ ᠴᠢᠯᠠᠭᠤᠨ ᠲᠤᠰᠤᠨ᠎ᠤ ᠠᠢ ᠰᠠᠪᠠ᠎ᠶ᠋ᠢᠨ ᠦᠢᠯᠡᠳᠪᠦᠷᠢᠯᠡᠯ᠎ᠦᠨ ᠴᠢᠳᠠᠪᠤᠷᠢ᠎ᠶ᠋ᠢᠨ ᠪᠦᠲᠦᠭᠡᠨ ᠪᠠᠢᠭᠤᠯᠤᠯᠲᠠ ᠪᠦᠬᠦ᠌ ᠲᠠᠯ᠎ᠠ᠎ᠪᠠᠷ ᠲᠦᠷᠭᠡᠰᠴᠦ᠍᠂ ᠪᠦᠬᠦ᠌ ᠵᠢᠯ᠎ᠦᠨ ᠬᠤᠳᠳᠤᠭ ᠥᠷᠥᠮᠳᠡᠵᠦ᠍ ᠳᠠᠭᠤᠰᠭᠠᠭ᠍ᠰᠠᠨ ᠬᠡᠮᠵᠢᠶ᠎ᠡ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠺᠸᠨ ᠯᠢ᠎ᠶᠢᠨ10 — 2᠂ ᠪᠥᠸᠧ ᠵᠦᠩ᠎ᠦᠨ 26 — 6 ᠵᠡᠷᠭᠡ ᠳ᠋ᠦᠩᠱᠢᠭᠤᠷ ᠲᠣᠨ᠎ᠤ ᠳᠡᠰ᠎ᠤᠨ ᠴᠢᠯᠠᠭᠤᠨ ᠲᠤᠰᠤᠨ᠎ᠤ ᠠᠢ ᠰᠠᠪᠠ᠎ᠶ᠋ᠢ ᠪᠠᠭ᠍ᠲᠠᠭᠠᠭ᠍ᠰᠠᠨ ᠤᠯᠠᠨ ᠭᠣᠣᠯᠳᠠᠯᠭ᠎ᠠ᠎ᠲᠠᠶ ᠲᠦᠷᠦᠯ ᠵᠦᠢᠯ᠎ᠢ ᠲᠦᠷᠭᠡᠨ ᠪᠠᠢᠭᠤᠯᠵᠤ ᠠᠱᠢᠭ᠍ᠯᠠᠯᠲᠠ᠎ᠳᠤ ᠣᠷᠣᠭᠤᠯᠬᠤ᠎ᠵᠢ ᠦᠨᠳᠦᠷ ᠪᠦᠲᠦᠮᠵᠢᠲᠡᠢ᠎ᠪᠡᠷ ᠠᠬᠢᠭᠤᠯᠵᠠᠢ ᠭᠡᠵᠦ ᠢᠯᠡᠳᠭᠡᠪᠡ᠃

ᠱᠢᠨ᠎ᠡ ᠴᠢᠯᠠᠭᠤᠨ ᠲᠣᠰᠣᠨ᠎ᠤ ᠠᠢ ᠰᠠᠪᠠ᠎ᠶ᠋ᠢᠨ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠪᠥᠬᠥ᠌ ᠬᠦᠴᠦᠨ᠎ᠢᠶᠡᠷ᠎ᠢᠶᠡᠨ ᠥᠷᠭᠡᠳᠭᠡᠬᠦ᠌᠎ᠶ᠋ᠢᠨ ᠬᠠᠮᠲᠤ᠂ 2025 ᠣᠨ᠎ᠳᠤ ᠪᠦᠸᠧᠬᠠᠶ ᠳᠠᠨᠭᠬᠢᠰ᠎ᠤᠨ ᠴᠢᠯᠠᠭᠤᠨ ᠲᠣᠰᠣᠨ᠎ᠤ ᠠᠢ ᠰᠠᠪᠠ᠎ᠶ᠋ᠢᠨ ᠬᠠᠭᠤᠴᠢᠨ ᠴᠢᠯᠠᠭᠤᠨ ᠲᠣᠰᠣᠨ᠎ᠤ ᠠᠢ ᠰᠠᠪᠠ᠎ᠶ᠋ᠢᠨ ᠵᠢᠯ᠎ᠦᠨ ᠲᠦᠭᠦᠬᠡᠶ ᠴᠢᠯᠠᠭᠤᠨ ᠲᠣᠰᠣᠨ᠎ᠤ ᠭᠠᠷᠤᠯᠲᠠ 3200 ᠲᠦᠮᠡᠨ ᠲᠣᠨ᠎ᠢ ᠳᠠᠪᠠᠵᠤ᠂ ᠭᠠᠷᠤᠯᠲᠠ᠎ᠶ᠋ᠢᠨ 《ᠦᠨᠳᠦᠰᠦᠨ ᠪᠠᠢᠳᠠᠯ》 ᠢ᠋ ᠲᠣᠭ᠍ᠲᠠᠪᠤᠷᠢᠵᠢᠭᠤᠯᠪᠠ᠃

ᠪᠦᠸᠧᠬᠠᠶ ᠲᠠᠩᠭᠢᠰ᠎ᠤᠨ ᠴᠢᠯᠠᠭᠤᠨ ᠲᠣᠰᠣᠨ᠎ᠤ ᠠᠢ ᠰᠠᠪᠠ᠎ᠨᠢ ᠲᠣᠭᠠᠴᠢᠯᠠᠭ᠍ᠰᠠᠨ ᠣᠶᠤᠨᠴᠢᠯᠠᠭ᠍ᠰᠠᠨ ᠬᠡᠯᠪᠡᠷᠢ᠎ᠪᠡᠨ ᠬᠤᠪᠢᠷᠠᠭᠤᠯᠬᠤ ᠪᠠ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠵᠠᠩᠭᠢᠯᠠᠭ᠎ᠠ᠎ᠶ᠋ᠢᠨ ᠲᠣᠨᠣᠭ᠍ᠯᠠᠯ᠎ᠢ ᠤᠯᠤᠰ᠎ᠲᠠᠭᠠᠨ ᠦᠶ᠋ᠯᠡᠳᠪᠦᠷᠢᠯᠡᠬᠦ᠌ ᠲᠠᠯ᠎ᠠ᠎ᠪᠠᠷ ᠴᠢᠬᠤᠯᠠ ᠶᠡᠬᠡ ᠱᠢᠪᠲᠤᠯᠤᠯᠲᠠ᠎ᠲᠠᠶ ᠪᠣᠯᠵᠣ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠠᠩᠬᠠᠳᠠᠭ᠍ᠴᠢ ᠢᠵᠢ ᠭᠦᠢᠬᠡᠨ ᠤᠰᠤᠨ ᠳᠤᠤᠷᠠᠬᠢ ᠦᠶ᠋ᠯᠡᠳᠪᠦᠷᠢᠯᠡᠯ᠎ᠦᠨ ᠱᠢᠰᠲ᠋ᠧᠮ᠎ᠢ ᠠᠮᠵᠢᠯᠲᠠ᠎ᠲᠠᠶ᠎ᠪᠠᠷ ᠠᠱᠢᠭ᠍ᠯᠠᠯᠲᠠ᠎ᠳᠤ ᠣᠷᠣᠭᠤᠯᠪᠠ᠃ ᠴᠢᠨ ᠬᠤᠸᠠᠩ ᠳ᠋ᠤᠤ 32 — 6 ᠤᠶᠤᠨᠲᠤ ᠴᠢᠯᠠᠭᠤᠨ ᠲᠣᠰᠣᠨ᠎ᠤ ᠠᠢ ᠰᠠᠪᠠ ᠨᠢ ᠬᠥᠮᠦᠨ ᠦᠭᠡᠢ ᠪᠤᠶᠤ ᠬᠦᠮᠦᠨ᠎ᠤ ᠲᠤᠭ᠎ᠠ᠎ᠵᠢ ᠪᠠᠭᠠᠰᠬᠠᠬᠤ᠂ ᠦᠶ᠋ᠯᠡᠳᠪᠦᠷᠢᠯᠡᠯ ᠡᠵᠡᠩᠨᠡᠯᠲᠡ ᠬᠠᠮᠵᠢᠯᠴᠠᠬᠤ ᠵᠡᠷᠭᠡ ᠮᠡᠷᠭᠡᠵᠢᠯ᠎ᠢᠶᠡᠷ ᠤᠯᠠᠮᠵᠢᠯᠠᠯᠲᠤ ᠲᠣᠰᠣ ᠬᠡᠢ᠎ᠶ᠋ᠢᠨ ᠦᠶ᠋ᠯᠡᠳᠪᠦᠷᠢᠯᠡᠯ᠎ᠳᠦ ᠬᠦᠴᠦᠨ ᠤᠯᠭᠤᠵᠤ ᠪᠠᠢᠨ᠎ᠠ᠃ ᠡᠭᠦᠨ᠎ᠡᠴᠡ ᠭᠠᠳᠠᠨ᠎ᠠ᠂ ᠮᠠᠨ᠎ᠤ ᠤᠯᠤᠰ᠎ᠤᠨ ᠬᠠᠮᠤᠭ᠎ᠤᠨ ᠶᠡᠬᠡ ᠬᠡᠪᠴᠢᠶᠡᠨ᠎ᠦ ᠲᠡᠯᠡᠶ ᠳᠡᠭᠡᠷᠡᠬᠢ ᠴᠢᠯᠠᠭᠤᠨ ᠲᠣᠰᠣᠨ᠎ᠤ ᠠᠶ ᠰᠠᠪᠠ᠎ᠶ᠋ᠢᠨ ᠪᠦᠯᠥᠭ ᠡᠷᠭᠢ᠎ᠶ᠋ᠢᠨ ᠴᠠᠬᠢᠯᠭᠠᠨ ᠬᠡᠷᠡᠭ᠌ᠯᠡᠯᠲᠡ᠎ᠶ᠋ᠢᠨ ᠢᠨᠵᠧᠨᠧᠷᠢᠩ ᠪᠥᠬᠥ᠌ ᠲᠠᠯ᠎ᠠ᠎ᠪᠠᠷ ᠳᠠᠭᠤᠰᠴᠤ᠌᠂ 80% ᠭᠠᠷᠤᠶ ᠴᠢᠯᠠᠭᠤᠨ ᠲᠣᠰᠣᠨ᠎ᠤ ᠠᠶ ᠰᠠᠪᠠ᠎ᠶ᠋ᠢ ᠡᠷᠭᠢ᠎ᠶᠢᠨ ᠴᠠᠬᠢᠯᠭᠠᠨ᠎ᠳᠤ ᠵᠠᠯᠭᠠᠵᠤ ᠣᠷᠣᠭᠤᠯᠪᠠ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号