ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠤᠢᠷ᠎ᠡ ᠵᠢᠨ ᠡᠳᠦᠷ ᠨᠡᠢᠲᠡᠯᠡᠭ᠌ᠰᠡᠨ ᠲᠣᠭ᠎ᠠ ᠪᠠᠷᠢᠮᠳᠠ ᠵᠢ ᠦᠨᠳᠦᠰᠦᠯᠡᠪᠡᠯ᠂ 2025 ᠣᠨ᠎ᠤ 11 ᠰᠠᠷ᠎ᠠ᠎ᠳᠤ᠂ ᠮᠠᠨ᠎ᠤ ᠤᠯᠤᠰ᠎ᠤᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 26.1%᠎ᠪᠡᠷ ᠨᠡᠮᠡᠭ᠌ᠳᠡᠪᠡ᠃ ᠲᠦᠷᠦᠭᠦᠦ 11 ᠰᠠᠷ᠎ᠠ᠎ᠳᠤ᠂ ᠮᠠᠨ᠎ᠤ ᠤᠯᠤᠰ᠎ᠤᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ᠎ᠶ᠋ᠢᠨ ᠲᠣᠭ᠎ᠠ 6931.8 ᠳ᠋ᠦᠩᠱᠢᠭᠤᠷ ᠲᠥᠭᠥᠷᠢᠭ᠎ᠲᠦ ᠬᠦᠷᠴᠦ᠍᠂ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 7.5% ᠪᠡᠷ ᠪᠠᠭᠤᠷᠠᠵᠤ᠂ ᠲᠦᠷᠦᠭᠦᠦ 10 ᠰᠠᠷ᠎ᠠ᠎ᠶ᠋ᠢᠨ ᠬᠢ ᠲᠠᠢ ᠬᠠᠷᠢᠴᠠᠭᠤᠯᠪᠠᠯ ᠪᠠᠭᠤᠷᠠᠯᠲᠠ᠎ᠶ᠋ᠢᠨ ᠬᠡᠮᠵᠢᠶ᠎ᠡ᠎ᠨᠢ ᠵᠠᠭᠤᠨ ᠤ᠋ ᠬᠠᠷᠢᠴᠠᠯ ᠵᠢᠡᠷ 2.8 ᠬᠤᠪᠢ ᠪᠠᠭᠠᠰᠴᠤ᠌᠂ ᠭᠠᠳᠠᠭᠠᠳᠤ ᠪᠠᠯᠠ᠎ᠶ᠋ᠢ ᠱᠢᠩᠭᠡᠭᠡᠨ ᠠᠪᠤᠭ᠍ᠰᠠᠨ ᠪᠠᠭᠤᠷᠠᠯᠲᠠ᠎ᠶ᠋ᠢᠨ ᠬᠡᠮᠵᠢᠶ᠎ᠡ᠎ᠨᠢ ᠪᠠᠭᠠᠰᠪᠠ᠃
ᠪᠣᠳᠠᠲᠠᠢ᠎ᠪᠠᠷ ᠦᠵᠡᠪᠡᠯ᠂ ᠱᠢᠨ᠎ᠡ᠎ᠪᠡᠷ ᠪᠠᠢᠭᠤᠯᠤᠭ᠍ᠰᠠᠨ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠭ᠍ᠰᠠᠨ ᠠᠵᠤ ᠠᠬᠤᠢᠯᠠᠯ᠎ᠤᠨ ᠲᠣᠭ᠎ᠠ ᠨᠡᠯᠢᠶᠡᠳ ᠲᠦᠷᠭᠡᠨ ᠨᠡᠮᠡᠭ᠌ᠳᠡᠬᠦ᠌ ᠪᠠᠢᠳᠠᠯ᠎ᠲᠠᠶ ᠪᠠᠢᠨ᠎ᠠ᠃ ᠲᠦᠷᠦᠭᠦᠦ 11 ᠰᠠᠷ᠎ᠠ᠎ᠳᠤ᠂ ᠪᠥᠬᠥ᠌ ᠤᠯᠤᠰ᠎ᠲᠤ ᠱᠢᠨ᠎ᠡ᠎ᠪᠡᠷ ᠪᠠᠢᠭᠤᠯᠤᠭ᠍ᠰᠠᠨ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠭ᠍ᠰᠠᠨ ᠠᠵᠤ ᠠᠬᠤᠢᠯᠠᠯ 61207 ᠪᠣᠯᠵᠣ᠂ ᠠᠳᠠᠯᠢ ᠬᠤᠭᠤᠴᠠᠭᠠᠨ᠎ᠤ ᠬᠢ᠎ᠡᠴᠡ 16.9% ᠪᠡᠷ ᠨᠡᠮᠡᠭ᠌ᠳᠡᠪᠡ;11 ᠰᠠᠷ᠎ᠠ᠎ᠳᠤ ᠱᠢᠨ᠎ᠡ᠎ᠪᠡᠷ ᠪᠠᠢᠭᠤᠯᠤᠭ᠍ᠰᠠᠨ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠭ᠍ᠰᠠᠨ ᠠᠵᠤ ᠠᠬᠤᠢᠯᠠᠯ 7425 ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ 35.3% ᠪᠡᠷ ᠨᠡᠮᠡᠭ᠌ᠳᠡᠪᠡ᠃
ᠪᠠᠯᠠ ᠲᠠᠲᠠᠬᠤ ᠪᠦᠲᠦᠴᠡ ᠦᠷᠭᠦᠯᠵᠢᠯᠡᠨ ᠱᠢᠯᠢᠳᠡᠭ᠌ᠵᠢᠪᠡ᠃ ᠲᠦᠷᠦᠭᠦᠦ 11 ᠰᠠᠷ᠎ᠠ᠎ᠳᠤ᠂ ᠦᠶ᠋ᠯᠡᠳᠬᠦ᠌ ᠦᠶ᠋ᠯᠡᠰ ᠤ᠋ᠨ ᠪᠤᠳᠠᠳᠠᠢ ᠬᠡᠷᠡᠭᠯᠡᠭᠰᠡᠨ ᠭᠠᠳᠠᠭᠠᠳᠤ ᠪᠡᠯᠡ 1717.2 ᠳ᠋ᠦᠩᠱᠢᠭᠤᠷ ᠲᠥᠭᠥᠷᠢᠭ ᠲᠤ᠌ ᠬᠦᠷᠴᠤ᠂ ᠦᠶ᠋ᠯᠡᠴᠢᠯᠡᠭᠡᠨ᠎ᠦ ᠦᠶ᠋ᠯᠡᠰ ᠤ᠋ᠨ ᠪᠤᠳᠠᠳᠠᠢ ᠬᠡᠷᠡᠭᠯᠡᠭᠰᠡᠨ ᠭᠠᠳᠠᠭᠠᠳᠤ ᠪᠡᠯᠡ 5062.9 ᠳ᠋ᠦᠩᠱᠢᠭᠤᠷ ᠲᠥᠭᠥᠷᠢᠭ ᠲᠤ᠌ ᠬᠦᠷᠴᠠᠢ; ᠦᠶ᠋ᠯᠡᠳᠪᠦᠷᠢᠯᠡᠯ᠎ᠦᠨ ᠴᠢᠨᠠᠷᠲᠠᠶ ᠦᠶ᠋ᠯᠡᠴᠢᠯᠡᠭᠡᠨ᠎ᠦ ᠦᠶ᠋ᠯᠡᠰ᠎ᠦᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ 4401.2 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠥᠬᠥ᠌ ᠤᠯᠤᠰ᠎ᠤᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ᠎ᠶ᠋ᠢᠨ 63.5% ᠶ᠋ᠢ ᠡᠵᠡᠯᠡᠵᠦ᠍᠂ 2024 ᠣᠨ᠎ᠤ ᠠᠳᠠᠯᠢ ᠬᠤᠭᠤᠴᠠᠭᠠᠨ᠎ᠤ᠎ᠬᠢ᠎ᠡᠴᠡ ᠵᠠᠭᠤᠨ ᠤ᠋ ᠬᠠᠷᠢᠴᠠᠯ ᠵᠢᠡᠷ 4.7 ᠬᠤᠪᠢ ᠳᠡᠭᠡᠭ᠌ᠰᠢᠯᠡᠪᠡ; ᠳᠡᠭᠡᠳᠦ ᠮᠡᠷᠭᠡᠵᠢᠯ᠎ᠦᠨ ᠠᠵᠤ ᠦᠶ᠋ᠯᠡᠰ᠎ᠦᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ 2212.6 ᠳ᠋ᠦᠩᠱᠢᠭᠤᠷ ᠲᠥᠭᠥᠷᠢᠭ᠎ᠲᠦ ᠬᠦᠷᠴᠤ᠂ ᠡᠭᠦᠨ᠎ᠳᠦ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠦᠶ᠋ᠯᠡᠴᠢᠯᠡᠭᠡᠨ᠎ᠦ ᠦᠶ᠋ᠯᠡᠰ᠂ ᠡᠮᠴᠢᠯᠡᠭᠡᠨ᠎ᠦ ᠪᠠᠭᠠᠵᠢ ᠲᠥᠬᠥᠭᠡᠷᠦᠮᠵᠢ ᠵᠢᠴᠢ ᠪᠠᠭᠠᠵᠢ ᠬᠡᠷᠡᠭ᠌ᠰᠡᠯ ᠦᠶ᠋ᠯᠡᠳᠬᠦ᠌ ᠦᠶ᠋ᠯᠡᠰ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠪᠠᠭᠠᠵᠢ ᠬᠡᠷᠡᠭ᠌ᠰᠡᠯ ᠵᠢᠴᠢ ᠲᠥᠬᠥᠭᠡᠷᠦᠮᠵᠢ ᠦᠶ᠋ᠯᠡᠳᠬᠦ᠌ ᠦᠶ᠋ᠯᠡᠰ᠎ᠦᠨ ᠪᠣᠳᠠᠲᠠᠶ ᠬᠡᠷᠡᠭ᠌ᠯᠡᠭ᠌ᠰᠡᠨ ᠭᠠᠳᠠᠭᠠᠳᠤ ᠪᠠᠯᠠ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 127%᠂ 46.5%᠂ 41.9% ᠪᠡᠷ ᠨᠡᠮᠡᠭ᠌ᠳᠡᠪᠡ᠃
ᠪᠠᠯᠠ ᠲᠠᠲᠠᠬᠤ ᠢᠷᠡᠯᠲᠡ ᠨᠢ ᠨᠠᠩ ᠡᠰᠢᠵᠢᠪᠡ᠃ ᠰᠸᠢᠰ᠂ ᠠᠷᠠᠪ᠎ᠤᠨ ᠬᠣᠯᠪᠣᠭᠠᠲᠤ ᠠᠬᠠᠮᠠᠳᠳᠦ ᠤᠯᠤᠰ᠂ ᠠᠨᠭ᠌ᠭ᠌ᠯᠢ᠎ᠶ᠋ᠢᠨ ᠳᠤᠮᠳᠠᠳᠤ ᠤᠯᠤᠰ᠎ᠲᠠᠬᠢ ᠪᠣᠳᠠᠲᠠᠶ ᠪᠠᠯᠠ ᠣᠷᠣᠭᠤᠯᠤᠯᠲᠠ ᠳᠡᠭᠡᠷ᠎ᠠ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 67%᠂ 47.6%᠂ 19.3% (ᠴᠢᠯᠥᠭᠡᠲᠦ ᠭᠠᠷᠠᠮ᠎ᠢᠶᠠᠷ ᠳᠡᠮᠵᠢᠨ ᠪᠠᠯᠠ ᠣᠷᠣᠭᠤᠯᠤᠭ᠍ᠰᠠᠨ ᠲᠣᠭ᠎ᠠ ᠪᠠᠷᠢᠮᠲᠠ᠎ᠶ᠋ᠢ ᠪᠠᠭ᠍ᠲᠠᠭᠠᠨ᠎ᠠ) ᠪᠡᠷ ᠨᠡᠮᠡᠭ᠌ᠳᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)