ᠣᠢᠷ᠎ᠠ ᠳ᠋ᠤ᠂ ᠤᠯᠤᠰᠤᠨ ᠪᠠᠢᠭᠤᠯᠭ᠎ᠠ ᠵᠢᠨ ᠬᠡᠷᠡᠭ ᠶᠠᠪᠤᠳᠠᠯ ᠤ᠋ᠨ ᠬᠠᠮᠢᠶᠠᠷᠤᠯᠲᠠ ᠵᠢᠨ ᠲᠣᠪᠴᠢᠶ᠎ᠠ᠂ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋ᠦᠨ ᠵᠠᠰᠠᠭ ᠤ᠋ᠨ ᠶᠠᠮᠤᠨ ᠬᠠᠮᠲᠤᠷᠠᠨ 2023 — 2024 ᠣᠨ ᠤ᠋ ᠠᠷᠪᠢᠯᠠᠨ ᠭᠠᠮᠨᠠᠬᠤ ᠬᠡᠯᠪᠡᠷᠢ ᠵᠢᠨ ᠣᠯᠠᠨ ᠨᠡᠢᠲᠡ ᠵᠢᠨ ᠪᠠᠢᠭᠤᠯᠤᠮᠵᠢ ᠵᠢᠨ ᠵᠢᠱ᠌ᠢᠶ᠎ᠡ ᠦᠵᠡᠭᠦᠯᠬᠦ᠌ ᠨᠢᠭᠡᠴᠢ ᠪᠠ ᠡᠨᠧᠷᠭᠢ ᠵᠢᠨ ᠠᠱᠢᠭ᠍ᠯᠠᠮᠵᠢ ᠵᠢᠨ ᠳᠠᠭᠠᠭᠤᠯᠤᠭ᠍ᠴᠢ ᠵᠢᠨ ᠨᠡᠷᠡᠰ ᠢ᠋ ᠨᠡᠢᠲᠡᠯᠡᠪᠡ᠂ ᠡᠭᠦᠨᠳᠦ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ ᠤᠯᠤᠰ ᠤ᠋ᠨ ᠲᠠᠰ ᠤ᠋ᠨ 《 ᠠᠷᠪᠢᠯᠠᠨ ᠭᠠᠮᠨᠠᠬᠤ ᠬᠡᠯᠪᠡᠷᠢ ᠵᠢᠨ ᠣᠯᠠᠨ ᠨᠡᠢᠲᠡ ᠵᠢᠨ ᠪᠠᠢᠭᠤᠯᠤᠮᠵᠢ ᠵᠢᠨ ᠵᠢᠱ᠌ᠢᠶ᠎ᠡ ᠦᠵᠡᠭᠦᠯᠬᠦ᠌ ᠨᠢᠭᠡᠴᠢ 》 ᠵᠢᠨ ᠢᠷᠠᠭᠤ ᠠᠯᠳᠠᠷ ᠢ᠋ ᠭᠥᠷᠳᠡᠵᠠᠢ᠃
ᠣᠢᠷ᠎ᠠ ᠵᠢᠨ ᠵᠢᠯᠦᠨ ᠲᠤᠷᠰᠢ᠂ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶ᠎ᠠ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠢᠨ ᠤᠢᠯᠠᠭᠠᠭᠳᠠᠬᠤᠨ ᠢ᠋ ᠢᠮᠠᠭ᠍ᠲᠠ ᠪᠠᠲᠤ ᠪᠠᠬᠢ ᠪᠣᠶ ᠪᠣᠯᠭᠠᠵᠤ᠂ ᠣᠯᠠᠨ ᠨᠡᠢᠲᠡ ᠵᠢᠨ ᠪᠠᠢᠭᠤᠯᠤᠮᠵᠢ ᠵᠢᠨ ᠭᠤᠤᠯᠳᠠᠯᠭᠠᠲᠠᠶ ᠡᠨᠧᠷᠭᠢ ᠬᠡᠷᠡᠭ᠌ᠯᠡᠬᠦ᠌ ᠬᠦᠷᠢᠶ᠎ᠡ ᠴᠠᠷᠠᠭ᠎ᠠ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠤᠰᠤ ᠬᠠᠩᠭᠠᠬᠤ ᠬᠣᠭᠣᠯᠠᠶ ᠲᠤᠤᠷ ᠢ᠋ ᠰᠡᠯᠪᠢᠨ ᠵᠠᠰᠠᠵᠤ ᠥᠭᠡᠷᠡᠴᠢᠯᠡᠬᠦ᠌ ᠠᠵᠢᠯ ᠢ᠋ ᠥᠷᠨᠢᠭᠦᠯᠵᠤ᠂ ᠤᠰᠤ ᠠᠷᠪᠢᠯᠠᠬᠤ ᠬᠡᠯᠪᠡᠷᠢ ᠵᠢᠨ ᠪᠠᠭᠠᠵᠢ ᠬᠡᠷᠡᠭ᠌ᠰᠡᠯ ᠢ᠋ ᠰᠣᠯᠢᠵᠤ᠂ ᠬᠠᠭᠤᠴᠢᠷᠠᠭ᠍ᠰᠠᠨ ᠵᠠᠮ ᠱᠤᠭᠤᠮ ᠢ᠋ ᠲᠠᠰ ᠳᠡᠪᠱᠢᠭᠦᠯᠵᠦ᠂ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠳ᠋ᠧᠩ ᠬᠡᠷᠡᠭ᠌ᠰᠡᠯ ᠢ᠋ ᠲᠦᠭᠡᠮᠡᠯᠵᠢᠭᠦᠯᠵᠦ᠍᠂ ᠡᠨᠧᠷᠭᠢ ᠵᠢᠨ ᠬᠣᠷᠣᠭ᠍ᠳᠠᠯ ᠢ᠋ ᠪᠦᠷᠢᠳᠭᠡᠨ ᠵᠠᠳᠠᠯᠬᠤ ᠶ᠋ᠢ ᠰᠠᠢᠲᠤᠷ ᠬᠢᠵᠦ᠍᠂ ᠡᠨᠧᠷᠭᠢ ᠠᠷᠪᠢᠯᠠᠵᠤ ᠬᠣᠷᠣᠭ᠍ᠳᠠᠯ ᠢ᠋ ᠪᠠᠭᠠᠰᠭᠠᠬᠤ ᠶ᠋ᠢ ᠦᠨᠡᠨᠬᠦ ᠪᠣᠳᠠᠲᠠᠶ ᠳ᠋ᠤ ᠨᠠᠢᠳᠠᠪᠤᠷᠢᠵᠢᠭᠤᠯᠪᠠ᠃ 2024 ᠣᠨ ᠤ᠋ ᠪᠥᠬᠥ᠌ ᠲᠠᠯ᠎ᠠ ᠵᠢᠨ ᠴᠠᠬᠢᠯᠭᠠᠨ ᠬᠡᠷᠡᠭ᠌ᠯᠡᠭ᠌ᠰᠡᠨ ᠬᠡᠮᠵᠢᠶ᠎ᠡ ᠠᠳᠠᠯᠢ ᠬᠤᠭᠤᠴᠠᠭᠠᠨ ᠤ᠋ᠬᠢ ᠡᠴᠡ 1.18% ᠪᠡᠷ ᠪᠠᠭᠤᠷᠠᠵᠤ᠂ ᠬᠥᠮᠦᠨ ᠳᠤᠮᠳᠠᠴᠢ ᠵᠢᠨ ᠴᠠᠬᠢᠯᠭᠠᠨ ᠬᠡᠷᠡᠭ᠌ᠯᠡᠭ᠌ᠰᠡᠨ ᠬᠡᠮᠵᠢᠶ᠎ᠡ 7.45% ᠪᠡᠷ ᠪᠠᠭᠤᠷᠠᠨ᠂ ᠬᠥᠮᠦᠨ ᠳᠤᠮᠳᠠᠴᠢ ᠵᠢᠨ ᠤᠰᠤ ᠬᠡᠷᠡᠭ᠌ᠯᠡᠭ᠌ᠰᠡᠨ ᠬᠡᠮᠵᠢᠶ᠎ᠡ 0.2% ᠵᠢᠨᠷ ᠪᠠᠭᠤᠷᠠᠵᠤ᠂ ᠬᠥᠮᠦᠨ ᠳᠤᠮᠳᠠᠴᠢ ᠵᠢᠨ ᠶᠡᠷᠦᠩᠬᠡᠢᠯᠡᠭ᠌ᠰᠡᠨ ᠡᠨᠧᠷᠭᠢ ᠵᠢᠨ ᠬᠣᠷᠣᠭ᠍ᠳᠠᠯ 6.65% ᠪᠡᠷ ᠪᠠᠭᠤᠷᠠᠨ᠂ ᠨᠢᠭᠡᠴᠢ ᠪᠠᠷᠢᠯᠭ᠎ᠠ ᠵᠢᠨ ᠲᠠᠯᠠᠪᠠᠶ ᠵᠢᠨ ᠡᠨᠧᠷᠭᠢ ᠵᠢᠨ ᠬᠣᠷᠣᠭ᠍ᠳᠠᠯ ᠠᠳᠠᠯᠢ ᠬᠤᠭᠤᠴᠠᠭᠠᠨ ᠤ᠋ᠬᠢ ᠡᠴᠡ 0.2% ᠵᠢᠨᠷ ᠪᠠᠭᠤᠷᠠᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号