ᠤᠯᠤᠰ᠎ᠤᠨ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠯᠪᠠᠨ ᠭᠡᠷ᠎ᠦᠨ ᠤᠢᠷ᠎ᠡ ᠵᠢᠨ ᠡᠳᠦᠷ ᠨᠡᠢᠲᠡᠯᠡᠭ᠌ᠰᠡᠨ ᠲᠣᠭᠠᠴᠢᠯᠠᠭ᠍ᠰᠠᠨ ᠪᠣᠬᠢᠷᠲᠤᠯ ᠦᠬᠡᠢ ᠬᠠᠮᠵᠢᠯᠴᠠᠨ ᠬᠡᠯᠪᠡᠷᠢ᠎ᠪᠡᠨ ᠬᠤᠪᠢᠷᠠᠭᠤᠯᠬᠤ ᠬᠥᠭ᠌ᠵᠢᠯᠲᠡ᠎ᠶᠢᠨ ᠮᠡᠳᠡᠭᠦᠯᠦᠯᠲᠡ(2025) ᠡᠴᠡ ᠦᠵᠡᠪᠡᠯ᠂ 2024 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ ᠤᠯᠤᠰ᠎ᠤᠨ ᠪᠣᠬᠢᠷᠲᠤᠯ ᠦᠬᠡᠢ ᠳ᠋ᠠᠢᠲ᠋ᠠ᠎ᠶ᠋ᠢᠨ ᠲᠥᠪ᠎ᠢ ᠨᠡᠢ᠌ᠳᠡ 246 ᠪᠠᠢᠭᠤᠯᠵᠤ᠂ 300 ᠭᠠᠷᠤᠢ ᠵᠦᠢᠯ᠎ᠦᠨ ᠳ᠋ᠠᠢᠲ᠋ᠠ᠎ᠶ᠋ᠢᠨ ᠲᠥᠪ᠂ ᠴᠢᠮᠡᠭᠡ ᠬᠣᠯᠪᠣᠭᠠᠨ᠎ᠤ ᠰᠠᠭᠤᠷᠢ ᠦᠷᠳᠡᠭᠡ ᠵᠡᠷᠭᠡ ᠲᠣᠭᠠᠴᠢᠯᠠᠭ᠍ᠰᠠᠨ ᠰᠠᠭᠤᠷᠢ ᠲᠥᠬᠥᠭᠡᠷᠦᠮᠵᠢ ᠶ᠋ᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ᠎ᠶᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠮᠡᠷᠭᠡᠵᠢᠯ᠎ᠢ ᠳᠡᠯᠭᠡᠷᠡᠭᠦᠯᠵᠦ᠍᠂ ᠲᠡᠷᠢᠭᠦᠨ᠎ᠦ ᠲᠤᠬᠢᠷᠠᠬᠤ ᠮᠡᠷᠭᠡᠵᠢᠯ᠎ᠦᠨ ᠬᠡᠷᠡᠭ᠌ᠯᠡᠭᠡ᠎ᠶ᠋ᠢ ᠲᠦᠷᠭᠡᠳᠭᠡᠵᠡᠢ᠃
ᠮᠡᠳᠡᠭᠦᠯᠦᠯᠲᠡ᠎ᠳᠦ᠂ 2024 ᠣᠨ᠎ᠳᠤ᠂ ᠮᠠᠨ᠎ᠤ ᠤᠯᠤᠰ᠎ᠤᠨ ᠲᠣᠭᠠᠴᠢᠯᠠᠭ᠍ᠰᠠᠨ ᠪᠣᠬᠢᠷᠲᠤᠯ ᠥᠬᠡᠶ ᠬᠠᠮᠵᠢᠯᠴᠠᠨ ᠬᠡᠯᠪᠡᠷᠢ᠎ᠪᠡᠨ ᠬᠤᠪᠢᠷᠠᠭᠤᠯᠬᠤ ᠬᠥᠭ᠌ᠵᠢᠯᠲᠡ ᠯᠠᠪᠳᠠᠭᠤᠨ ᠪᠠᠲᠤᠲᠠᠶ ᠠᠭᠢᠵᠤ᠂ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ ᠦᠷᠭᠦᠯᠵᠢᠯᠡᠨ ᠪᠦᠷᠢᠨᠰᠢᠵᠦ᠍᠂ ᠰᠠᠭᠤᠷᠢ ᠴᠢᠳᠠᠪᠤᠷᠢ ᠲᠠᠰᠤᠷᠠᠯᠲᠠ ᠥᠬᠡᠶ ᠪᠡᠬᠢᠵᠢᠵᠦ᠍᠂ ᠮᠡᠷᠭᠡᠵᠢᠯ᠎ᠦᠨ ᠱᠢᠨ᠎ᠡ ᠡᠭᠦᠳᠦᠯᠲᠡ ᠲᠦᠷᠭᠡᠨ ᠱᠢᠪᠲᠤᠯᠤᠯᠲᠠ᠎ᠲᠠᠶ ᠪᠣᠯᠵᠣ᠂ ᠦᠶ᠋ᠯᠡᠳᠦᠯᠭᠡ᠎ᠶ᠋ᠢᠨ ᠬᠡᠷᠡᠭ᠌ᠯᠡᠭᠡ ᠭᠦᠨᠵᠡᠭᠡᠶ ᠥᠷᠭᠡᠵᠢᠵᠦ᠍᠂ ᠶᠠᠰᠤ ᠴᠢᠨᠠᠷ ᠦᠷ᠎ᠡ ᠠᠱᠢᠭ ᠪᠥᠬᠥ᠌ ᠲᠠᠯ᠎ᠠ᠎ᠪᠠᠷ ᠳᠡᠭᠡᠭ᠌ᠰᠢᠯᠡᠵᠠᠢ ᠭᠡᠵᠦ ᠵᠢᠭᠠᠵᠤ ᠭᠠᠷᠭᠠᠪᠠ᠃
2024 ᠣᠨ᠎ᠳᠤ᠂ ᠲᠣᠭᠠᠴᠢᠯᠠᠭ᠍ᠰᠠᠨ ᠪᠣᠬᠢᠷᠲᠤᠯ ᠥᠬᠡᠶ ᠬᠠᠮᠵᠢᠯᠴᠠᠬᠤ ᠬᠦᠷᠢᠶᠡᠨ᠎ᠳᠦ ᠲᠤᠰᠭᠠᠶ ᠠᠱᠢᠭ᠎ᠤᠨ ᠭᠤᠶᠤᠴᠢᠯᠠᠯ 2.69 ᠲᠦᠮᠡ ᠭᠠᠷᠤᠶ ᠱᠢᠨ᠎ᠡ᠎ᠪᠡᠷ ᠨᠡᠮᠡᠭ᠌ᠳᠡᠵᠦ᠍᠂ ᠡᠷᠬᠡ ᠣᠯᠭᠣᠭ᠍ᠰᠠᠨ ᠬᠡᠮᠵᠢᠶᠡᠱᠢᠨᠡ ᠪᠡᠷ 6405 ᠨᠡᠮᠡᠭ᠌ᠳᠡᠪᠡ᠃ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠂ ᠨᠡᠭᠦᠷᠡᠰᠦᠲᠥ᠋ᠷᠥᠭ᠌ᠴᠢ ᠦᠭᠡᠢ ᠮᠡᠳᠡᠭᠡ ᠵᠠᠩᠭᠢ ᠴᠢᠮᠡᠭᠡ ᠬᠣᠯᠪᠣᠭᠠᠨ᠎ᠤ ᠲᠣᠣᠷ᠂ ᠣᠶᠤᠨᠴᠢ ᠡᠨᠧᠷᠭᠢ᠂ ᠪᠣᠬᠢᠷᠲᠤᠯ ᠦᠭᠡᠢ ᠣᠶᠤᠨᠴᠢ ᠦᠢᠯᠡᠳᠭᠡᠯ᠂ ᠠᠮᠢ ᠠᠬᠤᠢ ᠣᠷᠴᠢᠨ ᠲᠣᠭᠣᠷᠢᠨ᠎ᠤ ᠣᠶᠤᠨᠴᠢ ᠵᠠᠰᠠᠯᠲᠠ᠂ ᠬᠠᠶᠠᠭ᠍ᠳᠠᠮᠠᠯ ᠪᠣᠳᠠᠰ᠎ᠢ ᠣᠶᠤᠨᠴᠢ᠎ᠪᠠᠷ ᠳᠠᠬᠢᠨ ᠬᠤᠷᠢᠶᠠᠨ ᠠᠪᠴᠤ᠌ ᠠᠱᠢᠭ᠍ᠯᠠᠬᠤ ᠵᠡᠷᠭᠡ ᠬᠦᠷᠢᠶᠡᠨ᠎ᠦ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠡᠨᠧᠷᠭᠢ ᠲᠦᠷᠭᠡᠨ ᠢᠯᠡᠷᠡᠪᠡ᠃ 2024 ᠣᠨ᠎ᠤ ᠡᠴᠦᠰ ᠪᠣᠯᠲᠠᠯ᠎ᠠ᠂ ᠨᠢᠭᠡᠨᠲᠡ ᠨᠡᠢᠲᠡᠯᠡᠭ᠌ᠰᠡᠨ ᠪᠠ ᠲᠤᠭᠲᠠᠭᠠᠵᠤ ᠪᠠᠢᠭ᠎ᠠ ᠲᠣᠭᠠᠴᠢᠯᠠᠭ᠍ᠰᠠᠨ ᠪᠣᠬᠢᠷᠲᠤᠯ ᠥᠬᠡᠶ ᠬᠠᠮᠵᠢᠯᠴᠠᠬᠤ ᠬᠤᠯᠪᠤᠭᠳᠠᠯ ᠪᠥᠬᠥᠶ ᠤᠯᠤᠰ᠎ᠤᠨ ᠪᠠᠷᠢᠮᠵᠢᠶ᠎ᠠ 170 ᠭᠠᠷᠤᠶ ᠵᠦᠶ᠋ᠯ᠎ᠳᠦ ᠬᠦᠷᠴᠦ᠍᠂ ᠲᠣᠭᠠᠴᠢᠯᠠᠭ᠍ᠰᠠᠨ ᠠᠵᠤ ᠦᠶ᠋ᠯᠡᠰ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠂ ᠲᠣᠭᠠᠴᠢᠯᠠᠯᠲᠠ ᠤᠯᠠᠮᠵᠢᠯᠠᠯᠲᠤ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠳᠤ ᠬᠦᠴᠦᠨ ᠤᠯᠭᠤᠬᠤ᠂ ᠠᠮᠢ ᠠᠬᠤᠶ ᠣᠷᠴᠢᠨ ᠲᠣᠭᠣᠷᠢᠨ᠎ᠤ ᠲᠣᠭᠠᠴᠢᠯᠠᠭ᠍ᠰᠠᠨ ᠵᠠᠰᠠᠯᠲᠠ᠂ ᠪᠣᠬᠢᠷᠲᠤᠯ ᠥᠬᠡᠶ ᠤᠶᠤᠨᠲᠤ ᠬᠣᠲᠠ᠎ᠶ᠋ᠢᠨ ᠪᠥᠲᠥᠭᠡᠨ ᠪᠠᠢᠭᠤᠯᠤᠯᠲᠠ ᠵᠡᠷᠭᠡ ᠳᠥᠷᠪᠡᠨ ᠲᠥᠷᠥᠯ᠎ᠢ ᠬᠠᠮᠤᠷᠴᠠᠶ᠃
(ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)