ᠲᠦᠷᠦᠭᠦᠭᠡᠨ᠂ ᠤᠯᠤᠰ ᠤ᠋ᠨ ᠶᠠᠰᠤᠨ ᠤ᠋ ᠰᠠᠯᠠᠭ᠎ᠠ ᠬᠢᠭᠡᠳ ᠬᠥᠳᠡᠯᠭᠡᠭᠡᠨ ᠵᠢᠡᠷ ᠡᠷᠡᠭᠦᠯᠵᠢᠭᠦᠯᠬᠦ ᠡᠮᠴᠢᠯᠡᠭᠡᠨ ᠤ᠋ ᠠᠨᠠᠭᠠᠬᠤ ᠤᠬᠠᠭᠠᠨ ᠤ᠋ ᠰᠤᠳᠤᠯᠭᠠᠨ ᠤ᠋ ᠲᠥᠪ ᠤ᠋ᠨ ᠥᠪᠥᠷ ᠮᠣᠩᠭᠣᠯ ᠤ᠋ᠨ ᠬᠤᠪᠢᠶᠠᠷᠢ ᠲᠥᠪ ᠪᠠᠢᠭᠤᠯᠤᠭᠳᠠᠬᠤ ᠶᠣᠰᠣᠯᠠᠯ ᠬᠥᠬᠡᠬᠣᠲᠠ ᠳ᠋ᠤ᠌ ᠶᠠᠪᠤᠭᠳᠠᠪᠠ᠃ ᠲᠤᠰ ᠬᠤᠪᠢᠶᠠᠷᠢ ᠲᠥᠪ ᠤ᠋ᠨ ᠪᠠᠢᠭᠤᠯᠤᠭᠳᠠᠭᠰᠠᠨ ᠨᠢ ᠮᠠᠨ ᠤ᠋ ᠤᠯᠤᠰ ᠤ᠋ᠨ ᠶᠠᠰᠤᠨ ᠤ᠋ ᠰᠠᠯᠠᠭ᠎ᠠ ᠬᠢᠭᠡᠳ ᠬᠥᠳᠡᠯᠭᠡᠭᠡᠨ ᠵᠢᠡᠷ ᠡᠷᠡᠭᠦᠯᠵᠢᠭᠦᠯᠬᠦ ᠬᠦᠷᠢᠶ᠎ᠡ ᠬᠡᠪᠴᠢᠶᠡᠨ ᠳ᠋ᠡᠬᠢ ᠤᠯᠤᠰ ᠤ᠋ᠨ ᠳᠡᠰ ᠤ᠋ᠨ ᠰᠢᠯᠢᠳᠡᠭ ᠡᠮᠴᠢᠯᠡᠭᠡᠨ ᠤ᠋ ᠡᠬᠢ ᠪᠠᠶᠠᠯᠢᠭ ᠢ᠋ ᠬᠢᠯᠢ ᠬᠢᠵᠠᠭᠠᠷ ᠣᠷᠣᠨ ᠳᠠᠢᠰᠢ ᠬᠦᠨᠵᠡᠭᠡᠢᠷᠡᠭᠦᠯᠵᠤ᠂ ᠥᠪᠥᠷ ᠮᠣᠩᠭᠣᠯ ᠵᠢᠴᠢ ᠡᠷᠭᠢᠨ ᠲᠣᠭᠣᠷᠢᠨ ᠤ᠋ ᠭᠠᠵᠠᠷ ᠣᠷᠣᠨ ᠤ᠋ ᠶᠠᠰᠤᠨ ᠤ᠋ ᠰᠠᠯᠠᠭ᠎ᠠ ᠵᠢᠨ ᠣᠨᠣᠰᠢᠯᠠᠨ ᠡᠮᠨᠡᠬᠦ ᠮᠡᠷᠭᠡᠵᠢᠯ ᠤ᠋ᠨ ᠳᠡᠭᠡᠭᠰᠢᠯᠡᠯᠲᠡ ᠬᠢᠭᠡᠳ ᠰᠤᠳᠤᠯᠭᠠᠨ ᠤ᠋ ᠬᠥᠭᠵᠢᠯᠲᠡᠳᠤ ᠬᠦᠴᠤᠳᠠᠢ ᠠᠬᠢᠭᠤᠯᠬᠤ ᠦᠢᠯᠡᠳᠤᠯ ᠦᠵᠡᠬᠦᠯᠬᠦ ᠪᠤᠯᠤᠨ᠎ᠠ᠃
ᠤᠢᠯᠠᠭᠠᠭᠰᠠᠨ ᠵᠢᠡᠷ᠂ ᠤᠯᠤᠰ ᠤ᠋ᠨ ᠶᠠᠰᠤᠨ ᠤ᠋ ᠰᠠᠯᠠᠭ᠎ᠠ ᠪᠣᠯᠤᠨ ᠬᠥᠳᠡᠯᠭᠡᠭᠡᠨ ᠵᠢᠡᠷ ᠡᠷᠡᠭᠦᠯᠵᠢᠭᠦᠯᠬᠦ ᠡᠮᠴᠢᠯᠡᠭᠡᠨ ᠤ᠋ ᠠᠨᠠᠭᠠᠬᠤ ᠤᠬᠠᠭᠠᠨ ᠤ᠋ ᠰᠤᠳᠤᠯᠭᠠᠨ ᠤ᠋ ᠲᠥᠪ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠶᠠᠮᠤᠨ᠂ ᠤᠯᠤᠰ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠵᠡᠷᠭᠡ ᠰᠠᠯᠠᠭ᠎ᠠ ᠮᠥᠴᠢᠷ ᠡᠴᠡ ᠬᠠᠮᠲᠤᠷᠠᠨ ᠴᠣᠬᠣᠯᠠᠪᠣᠷᠢᠯᠠᠵᠤ ᠪᠠᠢᠭᠤᠯᠤᠭᠰᠠᠨ ᠶᠤᠮ᠃ ᠥᠪᠥᠷ ᠮᠣᠩᠭᠣᠯ ᠤ᠋ᠨ ᠬᠤᠪᠢᠶᠠᠷᠢ ᠲᠥᠪ ᠨᠢ ᠤᠯᠤᠰ ᠤ᠋ᠨ ᠳᠡᠰ ᠤ᠋ᠨ ᠲᠠᠪᠴᠠᠩ ᠤ᠋ᠨ ᠳ᠋ᠠᠢᠲ᠋ᠠ ᠬᠥᠮᠥᠷᠭᠡ᠂ ᠣᠶᠤᠨᠴᠢ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠰᠢᠰᠲ᠋ᠧᠮ᠂ ᠮᠡᠷᠭᠡᠵᠢᠯ ᠤ᠋ᠨ ᠰᠢᠨ᠎ᠡ ᠵᠢ ᠡᠭᠦᠳᠬᠦ ᠠᠴᠢᠶᠠᠯᠠᠪᠤᠷᠢ ᠵᠡᠷᠭᠡ ᠳ᠋ᠦ᠍ ᠲᠦᠰᠢᠭᠯᠡᠨ᠂ ᠣᠷᠣᠨ ᠪᠦᠰᠡ ᠵᠢᠨ ᠶᠠᠰᠤᠨ ᠤ᠋ ᠰᠠᠯᠠᠭ᠎ᠠ ᠵᠢᠨ ᠡᠪᠡᠳᠴᠢᠨ ᠡᠮᠭᠡᠭ ᠢ᠋ ᠰᠡᠷᠭᠡᠢᠯᠡᠨ ᠵᠠᠰᠠᠬᠤ ᠬᠡᠷᠡᠭᠴᠡᠭᠡ ᠱᠠᠭᠠᠷᠳᠠᠯᠭ᠎ᠠ ᠳ᠋ᠤ᠌ ᠬᠠᠨᠳᠤᠭᠤᠯᠵᠤ᠂ ᠡᠮᠴᠢᠯᠡᠭᠡᠨ ᠤ᠋ ᠰᠤᠳᠤᠯᠭᠠᠨ᠂ ᠮᠡᠷᠭᠡᠵᠢᠯ ᠤ᠋ᠨ ᠤᠨᠳᠤᠤᠰᠢᠭᠤᠯᠤᠯᠳᠠ᠂ ᠴᠢᠳᠠᠪᠤᠷᠢᠲᠠᠨ ᠢ᠋ ᠬᠥᠮᠦᠵᠢᠭᠦᠯᠬᠦ ᠠᠵᠢᠯ ᠢ᠋ ᠥᠷᠨᠢᠭᠦᠯᠵᠦ᠂ ᠣᠷᠣᠨ ᠨᠤᠲᠤᠭ ᠤ᠋ᠨ ᠶᠠᠰᠤᠨ ᠤ᠋ ᠰᠠᠯᠠᠭ᠎ᠠ ᠵᠢᠨ ᠣᠨᠣᠰᠢᠯᠠᠨ ᠡᠮᠨᠡᠬᠦ ᠦᠢᠯᠡᠴᠢᠯᠡᠭᠡᠨ ᠤ᠋ ᠲᠦᠪᠰᠢᠨ ᠢ᠋ ᠬᠦᠴᠦᠯᠡᠨ ᠳᠡᠭᠡᠭᠰᠢᠯᠡᠭᠦᠯᠵᠤ᠂ ᠮᠡᠷᠭᠡᠵᠢᠯ ᠵᠢᠡᠷ ᠬᠠᠪᠰᠤᠷᠤᠨ ᠲᠡᠳᠬᠦᠬᠦ᠂ ᠠᠯᠤᠰ ᠡᠴᠡ ᠬᠠᠮᠵᠢᠯᠴᠠᠬᠤ᠂ ᠨᠡᠢᠲᠡ ᠵᠢᠨ ᠠᠰᠠᠷᠠᠮᠵᠢ ᠵᠢᠨ ᠴᠢᠨᠠᠷᠳᠠᠢ ᠠᠯᠪᠠᠨ ᠵᠢᠷᠤᠮ ᠤ᠋ᠨ ᠡᠮᠴᠢᠯᠡᠭᠡ ᠵᠢ ᠦᠷᠨᠢᠭᠦᠯᠬᠦ ᠪᠡᠷ ᠳᠠᠮᠵᠢᠨ᠂ ᠬᠢᠯᠢ ᠬᠢᠵᠠᠭᠠᠷ ᠤ᠋ᠨ ᠣᠯᠠᠨ ᠲᠦᠮᠡᠨ ᠳ᠋ᠦ᠍ ᠤᠯᠤᠰ ᠤ᠋ᠨ ᠳᠡᠰ ᠤ᠋ᠨ ᠣᠨᠣᠰᠢᠯᠠᠨ ᠡᠮᠨᠡᠬᠦ ᠦᠢᠯᠡᠴᠢᠯᠡᠭᠡ ᠬᠦᠷᠲᠡᠭᠡᠬᠦ ᠪᠤᠯᠤᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号