ᠤᠮᠠᠷᠠᠲᠤ ᠬᠢᠯᠢ ᠎ᠶ᠋ᠢᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠣᠯᠪᠠᠰᠤᠷᠠᠯ ᠶᠠᠪᠤᠬᠳᠠᠵᠠᠢ
2025-12-24 11:00:07
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠴᠡᠷᠢᠭ ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ ᠎ᠤᠨ ᠲᠢᠩᠬᠢᠮ᠎ᠡᠴᠡ ᠭᠤᠤᠯᠯᠠᠨ ᠡᠷᠭᠢᠯᠡᠭ᠌ᠰᠡᠨ ᠤᠮᠠᠷᠠᠲᠤ ᠬᠢᠯᠢ ᠎ᠶ᠋ᠢᠨ ᠠᠬᠠᠮᠠᠳ ᠴᠡᠷᠢᠭ ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠣᠯᠪᠠᠰᠤᠷᠠᠯ᠎ᠤᠨ ᠠᠩᠭᠢ ᠲᠦᠷᠦᠭᠦᠬᠡᠨ ᠬᠥᠬᠡᠬᠣᠲᠠ᠎ᠳᠤ ᠶᠠᠪᠤᠭ᠍ᠳᠠᠪᠠ᠃ ᠤᠮᠠᠷᠠᠲᠤ ᠬᠢᠯᠢ᠎ᠶ᠋ᠢᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠡᠯ᠎ᠡ ᠠᠢᠮᠠᠭ ᠬᠤᠳᠠ᠎ᠶ᠋ᠢᠨ ᠨᠠᠮ᠎ᠤᠨ ᠬᠣᠷᠢᠶ᠎ᠠ ᠵᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠪᠠᠰᠤᠷᠠᠯ ᠳ᠋ᠤ ᠤᠷᠤᠯᠴᠠᠵᠠᠢ᠃

ᠲᠤᠰ ᠤᠳᠠᠭ᠎ᠠ᠎ᠶ᠋ᠢᠨ ᠪᠣᠯᠪᠠᠰᠤᠷᠠᠯ᠎ᠨᠢ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠎ᠦᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠱᠢᠰᠲ᠋ᠧᠮ᠎ᠲᠡᠶ ᠣᠨᠣᠯ᠎ᠤᠨ ᠲᠠᠢᠯᠤᠮᠵᠢ ᠬᠢᠬᠦ᠌᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠰᠤᠳᠤᠯᠤᠨ ᠰᠤᠷᠤᠯᠴᠠᠵᠤ ᠤᠯᠤᠯᠳᠠ ᠪᠠᠨ ᠰᠣᠯᠢᠯᠴᠠᠬᠤ᠎ᠪᠠᠷ ᠳᠠᠮᠵᠢᠨ᠂ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠦᠶ᠋ᠯᠡᠳᠦᠯᠭᠡ᠎ᠶ᠋ᠢᠨ ᠱᠢᠨ᠎ᠡ ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠵᠤ᠂ ᠴᠢᠨᠠᠷ ᠰᠠᠢᠲᠠᠶ ᠤᠬᠠᠭᠤᠯᠤᠨ ᠲᠠᠢᠯᠪᠤᠷᠢᠯᠠᠯᠳᠠ᠎ᠳᠤ ᠪᠠᠲᠤ ᠰᠠᠭᠤᠷᠢ ᠲᠠᠯᠪᠢᠬᠤ᠎ᠶ᠋ᠢ ᠵᠤᠷᠢᠪᠠ᠃ ᠪᠣᠯᠪᠠᠰᠤᠷᠠᠯ᠎ᠳ᠋ᠤ᠂ ᠥᠪᠡᠷᠲᠡᠭᠡᠨ ᠵᠠᠰᠠᠬᠤ ᠣᠷᠣᠨ ᠎ᠤ ᠨᠡᠢᠭᠡᠮ ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠣᠯᠪᠣᠭᠠᠲᠤ ᠬᠤᠷᠠᠯ᠂ ᠦᠪᠡᠷᠳᠡᠭᠡᠨ ᠵᠠᠰᠠᠬᠤ ᠤᠷᠤᠨ ᠤ᠋ ᠡᠪᠯᠡᠯ᠎ᠦᠨ ᠬᠣᠷᠢᠶ᠎ᠠ ᠵᠡᠷᠭᠡ ᠭᠠᠵᠠᠷ ᠤ᠋ᠨ ᠲᠤᠰᠭᠠᠶ ᠮᠡᠷᠭᠡᠵᠢᠯᠲᠡᠨ᠎ᠢ ᠤᠷᠢᠵᠤ᠂ ᠤᠬᠠᠭᠤᠯᠤᠨ ᠲᠠᠢᠯᠪᠤᠷᠢᠯᠠᠬᠤ ᠤᠷ᠎ᠠ ᠮᠡᠷᠭᠡᠵᠢᠯ᠎ᠢ ᠳᠡᠭᠡᠭ᠌ᠰᠢᠯᠡᠭᠦᠯᠬᠦ᠌᠂ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠪᠠᠨ ᠴᠢᠡᠭᠭᠠᠳᠬᠠᠬᠤ᠂ ᠤᠬᠠᠭᠤᠯᠤᠨ ᠲᠠᠢᠯᠪᠤᠷᠢᠯᠠᠬᠤ ᠡᠭᠡ ᠪᠢᠴᠢᠭ ᠲᠤᠭᠤᠷᠪᠢᠬᠤ ᠵᠡᠷᠭᠡ ᠠᠭᠤᠯᠭ᠎ᠠ᠎ᠪᠡᠷ ᠲᠠᠢᠯᠤᠮᠵᠢ ᠬᠢᠯᠭᠡᠵᠦ᠂ ᠪᠤᠯᠪᠠᠰᠤᠷᠠᠯ ᠳ᠋ᠤ ᠤᠷᠤᠯᠴᠠᠬᠰᠠᠳ ᠤ᠋ᠨ ᠤᠬᠠᠭᠤᠯᠤᠨ ᠲᠠᠢᠯᠪᠤᠷᠢᠯᠠᠬᠤ ᠳᠤᠮᠳᠠᠬᠢ ᠬᠦᠴᠢᠷᠳᠡᠯ ᠢ᠋ ᠨᠢ ᠱᠢᠢᠳᠪᠦᠷᠢᠯᠡᠪᠡ᠃

ᠤᠢᠯᠠᠭᠠᠬᠰᠠᠨ ᠵᠢᠡᠷ᠂ ᠤᠮᠠᠷᠠᠲᠤ ᠬᠢᠯᠢ᠎ᠶ᠋ᠢᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠤᠭ᠍ᠳᠠᠭ᠍ᠰᠠᠨ᠎ᠠᠴᠠ ᠨᠠᠭᠠᠰᠢ᠂ 《ᠴᠡᠷᠢᠭ᠎ᠦᠨ ᠠᠯᠪᠠ᠎ᠠᠴᠠ ᠬᠠᠯᠠᠬᠳᠠᠬᠰᠠᠨ ᠴᠤ᠌ ᠦᠩᠭᠡ ᠨᠢ ᠬᠤᠪᠢᠷᠠᠬᠤ ᠦᠭᠡᠢ᠂ ᠴᠡᠷᠢᠭ ᠤ᠋ᠨ ᠠᠯᠪᠠ᠎ᠡᠴᠡ ᠱᠢᠯᠵᠢᠭ᠌ᠰᠡᠨ ᠴᠦ᠍ ᠵᠣᠷᠢᠭ ᠨᠢ ᠬᠤᠪᠢᠷᠠᠬᠤ ᠦᠭᠡᠢ ᠪᠠᠢᠬᠤ》 ᠵᠢ ᠪᠠᠳᠤ ᠪᠠᠷᠢᠮᠳᠠᠯᠠᠵᠤ᠂ ᠤᠬᠠᠭᠤᠯᠤᠨ ᠲᠠᠢᠯᠪᠤᠷᠢᠯᠠᠯᠳᠠ ᠵᠢ 《 ᠪᠠᠢᠭᠤᠯᠭ᠎ᠠ᠎ᠳᠤ ᠣᠷᠣᠭᠤᠯᠬᠤ᠂ ᠠᠵᠤ ᠠᠬᠤᠢᠯᠠᠯ᠎ᠳᠤ ᠣᠷᠣᠭᠤᠯᠬᠤ᠂ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠨᠡᠢᠭᠡᠮ ᠲᠣᠭᠣᠷᠢᠭ ᠎ᠲᠤ ᠣᠷᠣᠭᠤᠯᠬᠤ᠂ ᠴᠡᠷᠢᠭ ᠠᠩᠬᠢ᠎ᠳᠤ ᠣᠷᠣᠭᠤᠯᠬᠤ 》 ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠥᠪᠡᠷ᠎ᠦᠨ ᠥᠩᠭᠡᠷᠡᠯᠲᠡ ᠎ᠪᠡᠷ ᠎ᠢᠶᠡᠨ ᠦᠨᠡᠨᠴᠢ ᠱᠢᠳᠤᠷᠭᠤ ᠢᠲᠡᠭᠡᠯ ᠪᠢᠱᠢᠷᠡᠯ᠎ᠢ ᠲᠠᠢᠯᠪᠤᠷᠢᠯᠠᠵᠤ᠂ ᠬᠤᠪᠢᠰᠭᠠᠯᠲᠤ ᠤᠳᠤᠮᠱᠢᠯ ᠎ᠢ  ᠦᠶ᠎ᠡ᠎ᠵᠠᠯᠭᠠᠮᠵᠢᠯᠠᠨ ᠤᠯᠠᠮᠵᠢᠯᠠᠪᠠ᠃

ᠤᠮᠠᠷᠠᠲᠤ ᠬᠢᠯᠢ᠎ᠶ᠋ᠢᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ ᠪᠣᠯᠪᠠᠰᠤᠷᠠᠯ ᠳ᠋ᠤ ᠰᠤᠷᠤᠯᠴᠠᠬᠰᠠᠨ ᠠᠭᠤᠯᠭ᠎ᠠ ᠵᠢ ᠤᠬᠠᠭᠤᠯᠤᠨ ᠲᠠᠢᠯᠪᠤᠷᠢᠯᠠᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠡᠯᠪᠡᠷᠢ ᠎ᠪᠡᠨ ᠱᠢᠨᠡᠴᠢᠯᠡᠵᠦ᠍᠂ ᠠᠭᠤᠯᠭ᠎ᠠ᠎ᠪᠠᠨ ᠪᠠᠶᠠᠯᠢᠭ᠍ᠵᠢᠭᠤᠯᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠬᠥᠮᠦᠰ ᠎ᠦᠨ ᠰᠡᠳᠭᠢᠯ᠎ᠳᠦ ᠬᠠᠳᠠᠩᠱᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠴᠡᠷᠢᠭ ᠠᠷᠠᠳ᠎ᠤᠨ ᠬᠠᠮᠲᠤᠷᠠᠯ ᠬᠦᠴᠦᠨ᠎ᠢ ᠨᠠᠡᠭ ᠨᠢᠭ᠍ᠲᠠᠷᠠᠭᠤᠯᠬᠤ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号