ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠲᠦᠷᠦᠭᠦᠬᠡᠨ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ᠋᠎ᠲᠤ ᠭᠠᠷᠤᠨ
ᠥᠰᠥᠭ ᠵᠢᠷᠤᠵᠤ᠂ 《ᠵᠠᠰᠠᠭ ᠵᠠᠬᠢᠷᠭᠠᠨ᠎ᠤ ᠬᠠᠤᠯᠢ
ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠳᠦᠷᠢᠮ》 (ᠳᠣᠷᠣᠭ᠍ᠰᠢ 《ᠳᠦᠷᠢᠮ》 ᠭᠡᠵᠦ ᠲᠣᠪᠴᠢᠯᠠᠨ᠎ᠠ)᠎ᠢ ᠨᠡᠢᠲᠡᠯᠡᠪᠡ᠂
ᠲᠤᠰ ᠲᠦᠷᠢᠮ᠎ᠢ 2026 ᠣᠨ᠎ᠤ 2 ᠰᠠᠷ᠎ᠠ᠎ᠶᠢᠨ 1 ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃
《ᠳᠦᠷᠢᠮ》 ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ
ᠬᠢᠨᠠᠯᠲᠠ ᠲᠠᠯᠪᠢᠬᠤ ᠠᠵᠢᠯ᠎ᠢ ᠴᠢᠩᠭᠠᠳᠬᠠᠨ ᠵᠢᠷᠤᠮᠵᠢᠭᠤᠯᠵᠤ᠂ ᠴᠢᠩᠭ᠎ᠠ ᠵᠢᠷᠤᠮᠵᠢᠭᠤᠨ ᠲᠥᠪ ᠭᠣᠥᠯᠴᠢ ᠪᠣᠯᠪᠠᠰᠤᠨ᠎ᠢᠶᠠᠷ
ᠬᠠᠤᠯᠢ ᠬᠡᠷᠡᠭᠵᠢᠭᠦᠯᠬᠦ᠎ᠶᠢ ᠠᠬᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ᠎ᠢ ᠳᠡᠭᠡᠭᠰᠢᠯᠡᠭᠦᠯᠵᠦ᠂
ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢ ᠴᠢᠩᠭᠠᠳᠬᠠᠬᠤ᠎ᠶᠢ ᠵᠤᠷᠢᠪᠠ᠃ 《ᠳᠦᠷᠢᠮ》 ᠨᠢ ᠨᠡᠶ᠋ᠢᠲᠡ 7 ᠪᠦᠯᠦᠭ 44 ᠵᠦᠢᠯ᠎ᠲᠠᠢ ᠪᠠᠢᠵᠥ᠂ ᠭᠣᠣᠯᠳᠠᠭᠤ ᠳᠣᠣᠷᠠᠬᠢ ᠠᠭᠤᠯᠭ᠎ᠠ᠎ᠶᠢ
ᠲᠣᠭᠲᠠᠭᠠᠵᠠᠢ᠃
ᠨᠢᠭᠡ᠎ᠳᠦ᠂ ᠶᠡᠷᠦᠩᠬᠡᠢ ᠱᠠᠭᠠᠷᠳᠠᠯᠭ᠎ᠠ᠎ᠶᠢ ᠲᠣᠳᠣᠷᠬᠠᠢᠯᠠᠪᠠ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ
ᠪᠣᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠦᠨᠳᠦᠰᠦᠨ ᠠᠷᠭ᠎ᠠ
ᠮᠠᠶᠢᠭ᠋ ᠮᠥᠨ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠰᠢᠰᠲᠧᠮ᠎ᠦᠨ ᠴᠢᠬᠤᠯᠠ ᠪᠦᠷᠢᠯᠳᠦᠭᠦᠨ ᠬᠡᠰᠡᠭ ᠮᠥᠨ
ᠬᠡᠵᠥ ᠳᠤᠬᠳᠠᠭᠠᠪᠠ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠠᠵᠢᠯ᠎ᠳᠤ
ᠵᠢᠷᠤᠮᠵᠢᠭᠤᠯᠬᠤ ᠪᠠ ᠵᠢᠯᠤᠭᠣᠳᠬᠤ᠎ᠶᠢ ᠵᠡᠷᠭᠡ ᠳ᠋ᠦ᠍ᠨᠢ ᠴᠢᠬᠤᠯᠠᠴᠢᠯᠠᠬᠤ᠂ ᠰᠡᠷᠭᠡᠢᠯᠡᠬᠦ ᠪᠠ ᠪᠤᠷᠤᠭᠤ᠎ᠶᠢ
ᠵᠠᠯᠠᠷᠠᠭᠤᠯᠬᠤ᠎ᠶᠢ ᠵᠡᠷᠭᠡ ᠳ᠋ᠦ᠍ᠨᠢ ᠴᠢᠬᠤᠯᠠᠴᠢᠯᠠᠬᠤ᠂ ᠬᠢᠨᠠᠯᠲᠠ ᠲᠠᠯᠪᠢᠬᠤ ᠪᠠ ᠪᠠᠲᠤᠯᠠᠬᠤ᠎ᠶᠢ ᠵᠡᠷᠭᠡ ᠳ᠋ᠦ᠍ᠨᠢ
ᠴᠢᠬᠤᠯᠠᠴᠢᠯᠠᠬᠤ ᠵᠠᠷᠴᠢᠮ᠎ᠢ ᠵᠢᠷᠤᠮᠯᠠᠵᠥ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠰᠠᠭᠤᠳᠠᠯ᠎ᠢ
ᠱᠠᠯᠠᠪᠳᠠᠭᠤᠯᠤᠨ ᠵᠠᠯᠠᠷᠠᠭᠤᠯᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ᠎ᠶᠢ
ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠣᠶᠠᠷ᠎ᠲᠤ᠂ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠎ᠶᠢ ᠲᠣᠳᠣᠷᠬᠠᠢᠯᠠᠪᠠ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠶᠢᠨ ᠬᠢᠨ ᠤ᠋
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ
ᠬᠣᠷᠢᠶ᠎ᠠ ᠵᠢᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ
ᠨᠠᠢᠳᠠᠪᠤᠷᠢᠵᠢᠭᠤᠯᠵᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠡᠯ᠎ᠡ ᠵᠦᠢᠯ᠎ᠦᠨ ᠳᠦᠷᠢᠮ᠎ᠢ ᠨᠠᠢᠳᠠᠪᠤᠷᠢᠵᠢᠭᠤᠯᠵᠤ᠂
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢ ᠬᠠᠤᠯᠢ ᠶᠣᠰᠣᠭᠠᠷ ᠥᠷᠨᠢᠭᠦᠯᠬᠦ ᠵᠡᠷᠭᠡ᠎ᠳᠦ ᠬᠢᠨᠠᠯᠲᠠ
ᠲᠠᠯᠪᠢᠨ᠎ᠠ ᠭᠡᠵᠦ ᠲᠣᠭᠲᠠᠭᠠᠪᠠ ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠪᠣᠯᠣᠨ ᠠᠵᠢᠯᠲᠠᠨ᠎ᠤ
ᠬᠢᠷᠢ ᠬᠡᠮ᠎ᠦᠨ ᠬᠠᠮᠢᠶᠠᠷᠤᠯᠲᠠ᠎ᠶᠢ ᠴᠢᠩᠭᠠᠳᠬᠠᠨ᠎ᠠ᠃ ᠲᠣᠭᠲᠠᠭᠠᠯ᠎ᠠᠴᠠ ᠵᠥᠷᠢᠴᠡᠨ ᠣᠨᠳᠣᠣ ᠭᠠᠵᠠᠷ ᠬᠠᠤᠯᠢ ᠬᠡᠷᠡᠭᠵᠢᠭᠦᠯᠬᠦ᠂
ᠠᠰᠢᠭ᠋ ᠬᠠᠷᠠᠬᠤ ᠴᠢᠨᠠᠷᠲᠠᠢ ᠬᠠᠤᠯᠢ ᠬᠡᠷᠡᠭᠵᠢᠭᠦᠯᠬᠦ ᠵᠢᠴᠢ ᠳᠤᠷ᠎ᠠ᠎ᠪᠠᠷ᠎ᠢᠶᠠᠨ ᠰᠦᠢᠳᠬᠡᠯ ᠬᠤᠷᠢᠶᠠᠬᠤ᠂ ᠳᠤᠷ᠎ᠠ᠎ᠪᠠᠷ᠎ᠢᠶᠠᠨ
ᠵᠣᠭᠣᠰ ᠲᠣᠷᠭᠠᠬᠤ᠂ ᠳᠤᠷ᠎ᠠ᠎ᠪᠠᠷ᠎ᠢᠶᠠᠨ ᠪᠠᠢᠴᠠᠭᠠᠬᠤ᠂ ᠳᠤᠷ᠎ᠠ᠎ᠪᠠᠷ᠎ᠢᠶᠠᠨ ᠪᠠᠢᠴᠠᠭᠠᠨ ᠪᠢᠲᠡᠭᠦᠮᠵᠢᠯᠡᠬᠦ ᠵᠡᠷᠭᠡ
ᠦᠢᠯᠡ ᠠᠵᠢᠯᠯᠠᠭ᠎ᠠ ᠣᠷᠣᠰᠢᠵᠤ ᠪᠠᠢᠬᠤ ᠡᠰᠡᠬᠦ᠎ᠳᠦ ᠬᠢᠨᠠᠯᠲᠠ ᠲᠠᠯᠪᠢᠬᠤ᠎ᠪᠠᠨ ᠴᠢᠩᠭᠠᠷᠠᠭᠤᠯᠤᠨ᠎ᠠ᠃
ᠭᠤᠷᠪᠠ᠎ᠳᠤ᠂ ᠬᠢᠨᠠᠯᠲᠠ ᠲᠠᠯᠪᠢᠬᠤ ᠠᠷᠭ᠎ᠠ ᠬᠡᠯᠪᠡᠷᠢ᠎ᠶᠢ ᠲᠡᠭᠦᠯᠳᠡᠷᠵᠢᠭᠦᠯᠦᠨ᠎ᠡ᠃ ᠡᠳᠦᠷ ᠲᠤᠲᠤᠮ᠎ᠤᠨ ᠬᠢᠨᠠᠯᠲᠠ ᠲᠠᠯᠪᠢᠬᠤ᠂ ᠭᠣᠣᠯᠳᠠᠯᠭ᠎ᠠ᠎ᠲᠠᠢ ᠬᠢᠨᠠᠯᠲᠠ ᠲᠠᠯᠪᠢᠬᠤ᠂
ᠲᠤᠰᠬᠠᠢ ᠵᠦᠢᠯ᠎ᠦᠨ ᠬᠢᠨᠠᠯᠲᠠ ᠲᠠᠯᠪᠢᠬᠤ ᠵᠡᠷᠭᠡ ᠠᠷᠭ᠎ᠠ ᠮᠠᠶᠢᠭ᠋᠎ᠢ ᠶᠡᠷᠦᠩᠬᠡᠢᠯᠡᠨ ᠬᠡᠷᠡᠭᠯᠡᠵᠦ ᠬᠢᠨᠠᠯᠲᠠ
ᠲᠠᠯᠪᠢᠨ᠎ᠠ ᠭᠡᠵᠦ ᠲᠣᠭᠲᠠᠭᠠᠪᠠ᠃ ᠫᠠᠢᠰᠠ ᠡᠯᠭᠦᠨ ᠱᠠᠯᠠᠪᠳᠠᠭᠤᠯᠤᠨ ᠭᠦᠢᠴᠡᠳᠬᠡᠯᠭᠡᠬᠦ᠂ ᠱᠠᠲᠤ ᠳᠡᠪᠰᠢᠭᠦᠯᠦᠨ
ᠬᠢᠨᠠᠯᠲᠠ ᠲᠠᠯᠪᠢᠬᠤ ᠵᠡᠷᠭᠡ ᠠᠷᠭ᠎ᠠ ᠮᠠᠶᠢᠭ᠋᠎ᠢ ᠠᠪᠴᠤ᠂ ᠠᠵᠤ ᠠᠬᠤᠢᠯᠠᠯ ᠪᠠ ᠣᠯᠠᠨ ᠲᠦᠮᠡᠨ᠎ᠦ ᠲᠤᠰᠬᠠᠯ ᠴᠢᠩᠭ᠎ᠠ᠂
ᠴᠢᠬᠤᠯᠠ ᠶᠡᠬᠡ ᠨᠡᠢᠭᠡᠮ᠎ᠦᠨ ᠨᠥᠯᠥᠭᠡ ᠭᠠᠷᠭᠠᠭᠰᠠᠨ ᠨᠡᠢᠲᠡᠯᠢᠭ ᠴᠢᠨᠠᠷᠲᠠᠢ᠂ ᠲᠥᠯᠥᠭᠡᠯᠡᠬᠦ ᠴᠢᠨᠠᠷᠲᠠᠢ ᠵᠠᠰᠠᠭ
ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠲᠣᠪᠣᠢᠮ᠎ᠠ ᠠᠰᠠᠭᠤᠳᠠᠯ᠎ᠳᠤ ᠭᠣᠣᠯᠳᠠᠯᠭ᠎ᠠ᠎ᠲᠠᠢ ᠬᠢᠨᠠᠯᠲᠠ
ᠲᠠᠯᠪᠢᠬᠤ ᠬᠡᠷᠡᠭᠲᠡᠢ ᠭᠡᠵᠦ ᠲᠣᠳᠣᠷᠬᠠᠢᠯᠠᠪᠠ᠃ ᠮᠤᠵᠢ᠎ᠶᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ
ᠣᠷᠳᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠪᠠᠢᠭᠤᠯᠤᠮᠵᠢ᠎ᠠᠴᠠ
ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ ᠪᠠ ᠠᠷᠠᠳ ᠣᠯᠠᠨ᠎ᠤ ᠲᠣᠰ ᠪᠡᠶ᠎ᠡ᠎ᠶᠢᠨ ᠠᠰᠢᠭ᠋ ᠲᠤᠰᠠ᠎ᠳᠤ
ᠬᠣᠯᠪᠣᠭᠳᠠᠬᠤ ᠣᠨᠴᠠᠭᠠᠶ ᠬᠦᠷᠢᠶ᠎ᠡ᠂ ᠣᠨᠴᠠᠭᠠᠶ ᠠᠰᠠᠭᠤᠳᠠᠯ᠎ᠳᠤ ᠲᠤᠰᠬᠠᠢ ᠬᠢᠨᠠᠯᠲᠠ ᠥᠷᠨᠢᠭᠦᠯᠦᠨ᠎ᠡ ᠭᠡᠵᠦ
ᠲᠣᠭᠲᠠᠭᠠᠪᠠ᠃
ᠳᠥᠷᠪᠡ᠎ᠳᠦ᠂ ᠬᠢᠨᠠᠯᠲᠠ ᠲᠠᠯᠪᠢᠵᠤ ᠰᠢᠢᠳᠪᠦᠷᠢᠯᠡᠬᠦ᠎ᠶᠢ ᠵᠢᠷᠤᠮᠵᠢᠭᠤᠯᠤᠨ᠎ᠠ᠃ ᠬᠢᠨᠠᠯᠲᠠ ᠲᠠᠯᠪᠢᠬᠤ ᠳᠤᠮᠳᠠ ᠣᠯᠵᠤ
ᠮᠡᠳᠡᠭᠰᠡᠨ ᠠᠰᠠᠭᠤᠳᠠᠯ᠎ᠢ ᠠᠳᠠᠯᠢ ᠪᠤᠰᠤ ᠪᠠᠢᠳᠠᠯ᠎ᠢ ᠦᠨᠳᠦᠰᠦᠯᠡᠨ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ
ᠬᠢᠨᠠᠯᠲᠠ ᠲᠠᠯᠪᠢᠵᠤ ᠰᠢᠪᠠᠳᠠᠨ ᠰᠢᠢᠳᠪᠦᠷᠢᠯᠡᠭᠦᠯᠬᠦ ᠵᠠᠬᠢᠳᠠᠯ᠂ ᠰᠠᠨᠠᠯ᠎ᠤᠨ ᠪᠢᠴᠢᠭ ᠪᠤᠶᠤ ᠲᠣᠭᠲᠠᠭᠠᠯ᠎ᠤᠨ
ᠪᠢᠴᠢᠭ ᠦᠭᠬᠦ ᠵᠡᠷᠭᠡ ᠠᠷᠭ᠎ᠠ ᠮᠠᠶᠢᠭ᠋᠎ᠢᠶᠠᠷ ᠰᠢᠪᠠᠳᠠᠨ ᠵᠠᠯᠠᠷᠠᠭᠤᠯᠤᠨ᠎ᠠ ᠭᠡᠵᠦ ᠲᠣᠭᠲᠠᠭᠠᠵᠠᠢ᠃ ᠬᠢᠨᠠᠨ
ᠪᠠᠢᠴᠠᠭᠠᠵᠤ ᠬᠢᠨᠠᠯᠲᠠ ᠲᠠᠯᠪᠢᠬᠤ ᠯᠤᠭ᠎ᠠ ᠨᠡᠪᠲᠡᠷᠡᠯᠴᠡᠨ ᠬᠠᠮᠵᠢᠯᠴᠠᠬᠤ᠎ᠶᠢ ᠴᠢᠩᠭᠠᠳᠬᠠᠵᠤ᠂ ᠵᠠᠰᠠᠭ᠎ᠤᠨ ᠣᠷᠳᠣᠨ᠎ᠤ
ᠱᠠᠯᠠᠪᠳᠠᠭᠤᠯᠤᠨ ᠪᠠᠢᠴᠠᠭᠠᠬᠤ᠂ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠬᠦ ᠵᠡᠷᠭᠡ ᠯᠦ᠍ᠭᠡ ᠨᠡᠪᠲᠡᠷᠡᠯᠴᠡᠬᠦ
ᠪᠠ ᠮᠡᠳᠡᠭᠡ ᠵᠠᠩᠭᠢ᠎ᠶᠢ ᠬᠠᠮᠲᠤ ᠪᠠᠷ ᠡᠳ᠋ᠯᠡᠬᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠦᠨ᠎ᠡ ᠭᠡᠵᠦ ᠲᠣᠳᠣᠷᠬᠠᠢᠯᠠᠪᠠ᠃
ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠭ᠍ᠰᠠᠨ ᠦᠷ᠎ᠡ ᠳ᠋ᠦᠩ᠎ᠢ ᠬᠠᠤᠯᠢ᠎ᠪᠠᠷ
ᠵᠠᠰᠠᠬᠤ ᠵᠠᠰᠠᠭ᠎ᠤᠨ ᠣᠷᠳᠣᠨ᠎ᠤ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠡᠯᠡᠬᠦ ᠴᠢᠬᠤᠯᠠ ᠠᠭᠤᠯᠭ᠎ᠠ ᠪᠣᠯᠭᠠᠨ᠎ᠠ
ᠬᠡᠵᠥ ᠲᠣᠳᠣᠷᠬᠠᠢᠯᠠᠪᠠ᠃
ᠲᠠᠪᠤ᠎ᠳᠤ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠡᠩᠨᠡᠭᠡ᠎ᠶᠢᠨ
ᠪᠠᠢᠭᠤᠯᠤᠯᠲᠠ᠎ᠶᠢ ᠴᠢᠩᠭᠠᠳᠬᠠᠨ᠎ᠠ ᠭᠡᠵᠦ ᠲᠤᠳᠤᠷᠬᠠᠢᠯᠠᠪᠠ᠃ ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠵᠠᠰᠠᠭ
ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠪᠠᠢᠭᠤᠯᠤᠮᠵᠢ ᠵᠠᠰᠠᠭ ᠵᠠᠬᠢᠷᠭᠠᠨ᠎ᠤ ᠬᠠᠤᠯᠢ
ᠬᠡᠷᠡᠭᠵᠢᠭᠦᠯᠦᠯᠲᠡ᠎ᠶᠢ ᠵᠢᠷᠤᠮᠵᠢᠭᠤᠯᠬᠤ ᠪᠠᠢᠭᠤᠯᠤᠯᠲᠠ᠎ᠶᠢ ᠴᠢᠩᠭᠠᠳᠬᠠᠨ᠂ ᠪᠦᠬᠦ ᠤᠯᠤᠰ᠎ᠤᠨ ᠵᠠᠰᠠᠭ ᠵᠠᠬᠢᠷᠭᠠᠨ᠎ᠤ
ᠬᠠᠤᠯᠢ ᠬᠡᠷᠡᠭᠵᠢᠭᠦᠯᠦᠯᠲᠡ᠎ᠳᠦ ᠬᠢᠨᠠᠯᠲᠠ ᠲᠠᠯᠪᠢᠬᠤ ᠮᠡᠳᠡᠭᠡ ᠵᠠᠩᠭᠢ᠎ᠶᠢ ᠨᠢᠭᠡ ᠴᠣᠭᠴᠠᠵᠢᠭᠤᠯᠬᠤ ᠲᠦᠪᠰᠢᠨ᠎ᠢ
ᠳᠡᠭᠡᠭᠰᠢᠯᠡᠭᠦᠯᠦᠨ᠎ᠡ ᠬᠡᠵᠥ ᠳᠤᠬᠳᠠᠭᠠᠪᠠ᠃
ᠲᠤᠰ ᠬᠣᠯᠪᠣᠭᠠᠰᠤ᠎ᠶ᠋ᠢ ᠲᠤᠪᠴᠢᠳᠠᠵᠦ ᠨᠠᠷᠢᠨ ᠠᠭᠤᠯᠭ᠎ᠠ ᠵᠢ ᠦᠵᠡᠭᠡᠷᠡᠢ!
ᠢᠷᠡᠯᠲᠡ᠄ ᠦᠪᠦᠷ ᠮᠤᠨᠭᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ ᠵᠢᠨ ᠲᠡᠪᠴᠡᠨᠭ