ᠤᠯᠤᠰ᠎ᠤᠨ ᠬᠥᠭᠵᠢᠭᠦᠯᠦᠯᠲᠡ
ᠪᠠ ᠥᠭᠡᠷᠡᠴᠢᠯᠡᠯᠲᠡ᠎ᠶᠢᠨ ᠵᠥᠪᠯᠡᠯ᠂ ᠰᠤᠷᠭᠠᠨ ᠬᠥᠮᠦᠵᠢᠯ᠎ᠦᠨ ᠶᠠᠮᠤᠨ᠂ ᠡᠳ᠋᠎ᠦᠨ ᠵᠠᠰᠠᠭ᠎ᠤᠨ ᠶᠠᠮᠤᠨ ᠬᠠᠮᠲᠤᠷᠠᠨ 《ᠬᠡᠦᠬᠡᠳ᠎ᠦᠨ ᠴᠡᠴᠡᠷᠯᠢᠭ᠎ᠦᠨ ᠰᠦᠢᠳᠬᠡᠯ ᠬᠤᠷᠢᠶᠠᠬᠤ ᠲᠥᠷᠥ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ
ᠲᠤᠬᠠᠢ ᠮᠡᠳᠡᠭᠳᠡᠯ》 (ᠳᠣᠷᠣᠭ᠍ᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠦᠷᠦᠭᠦᠭᠡᠨ
ᠳᠠᠷᠤᠮᠠᠯᠯᠠᠨ ᠲᠠᠷᠬᠠᠭᠠᠪᠠ᠃
《ᠮᠡᠳᠡᠭᠳᠡᠯ》᠎ᠳᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠰᠦᠢᠳᠬᠡᠯ ᠬᠤᠷᠢᠶᠠᠬᠤ
ᠬᠠᠮᠢᠶᠠᠷᠤᠯᠲᠠ᠎ᠶᠢᠨ ᠲᠤᠬᠠᠢ ᠭᠣᠣᠯᠳᠠᠭᠤ ᠲᠤᠤᠷᠠᠬᠢ ᠵᠢᠷᠭᠤᠭᠠᠨ ᠲᠠᠯ᠎ᠠ᠎ᠶᠢᠨ ᠠᠭᠤᠯᠭ᠎ᠠ ᠵᠢ ᠲᠤᠷᠠᠳᠪᠠ᠄
ᠨᠢᠭᠡ᠎ᠳᠦ᠂ ᠰᠦᠢᠳᠬᠡᠯ ᠬᠤᠷᠢᠶᠠᠬᠤ ᠲᠥᠷᠥᠯ ᠵᠦᠢᠯ᠎ᠢ ᠵᠢᠷᠤᠮᠵᠢᠭᠤᠯᠵᠤ᠂ ᠬᠡᠦᠬᠡᠳ᠎ᠦᠨ
ᠴᠡᠴᠡᠷᠯᠢᠭ᠎ᠤᠨ ᠠᠰᠠᠷᠠᠨ ᠬᠥᠮᠥᠵᠢᠭᠦᠯᠬᠦ ᠰᠤᠷᠭᠠᠨ ᠬᠥᠮᠦᠵᠢᠯ᠎ᠦᠨ ᠰᠦᠢᠳᠬᠡᠯ᠂ ᠪᠠᠢᠷᠢ᠎ᠶᠢᠨ ᠰᠦᠢᠳᠬᠡᠯ᠂ ᠨᠠᠢᠳᠠᠨ
ᠬᠥᠮᠥᠵᠢᠭᠦᠯᠬᠦ ᠦᠢᠯᠡᠴᠢᠯᠡᠭᠡ ᠬᠠᠩᠭᠠᠵᠤ ᠪᠠᠢᠭ᠎ᠠ ᠠᠩᠭᠢ ᠵᠢᠨ ᠠᠰᠠᠷᠠᠨ ᠬᠥᠮᠥᠵᠢᠭᠦᠯᠬᠦ ᠰᠦᠢᠳᠬᠡᠯ᠂ ᠦᠢᠯᠡᠴᠢᠯᠡᠭᠡᠨ᠎ᠦ
ᠴᠢᠨᠠᠷᠲᠠᠢ ᠰᠦᠢᠳᠬᠡᠯ᠂ ᠣᠷᠣᠯᠠᠨ ᠬᠤᠷᠢᠶᠠᠬᠤ ᠰᠦᠢᠳᠬᠡᠯ ᠵᠡᠷᠭᠡ ᠲᠠᠪᠤᠨ ᠵᠦᠢᠯ᠎ᠦᠨ ᠰᠦᠢᠳᠬᠡᠯ᠎ᠢ ᠬᠤᠷᠢᠶᠠᠵᠦ
ᠪᠤᠯᠬᠤ᠎ᠶᠢ ᠲᠣᠳᠣᠷᠬᠠᠢᠯᠠᠪᠠ᠃
ᠬᠣᠶᠠᠷ᠎ᠲᠤ᠂ ᠰᠦᠢᠳᠬᠡᠯ ᠬᠤᠷᠢᠶᠠᠬᠤ ᠬᠠᠮᠢᠶᠠᠷᠤᠯᠲᠠ᠎ᠶᠢᠨ ᠠᠷᠭ᠎ᠠ ᠮᠠᠶᠢᠭ᠋᠎ᠢ ᠲᠥᠷᠥᠯ
ᠬᠤᠪᠢᠶᠠᠨ ᠲᠡᠭᠦᠯᠳᠡᠷᠵᠢᠭᠦᠯᠵᠦ᠂ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠂ ᠲᠦᠭᠡᠮᠡᠯ
ᠬᠠᠷᠠᠭᠠᠯᠵᠠᠯ᠎ᠤᠨ ᠴᠢᠨᠠᠷᠲᠠᠢ ᠪᠠ ᠪᠤᠰᠤᠳ ᠠᠰᠢᠭ᠋ ᠬᠣᠨᠵᠢᠪᠤᠷᠢ᠎ᠶᠢᠨ ᠪᠤᠰᠤ ᠴᠢᠨᠠᠷᠲᠠᠢ ᠠᠷᠠᠳ᠎ᠠᠴᠠ ᠡᠷᠭᠢᠯᠡᠭᠰᠡᠨ
ᠬᠡᠦᠬᠡᠳ᠎ᠦᠨ ᠴᠡᠴᠡᠷᠯᠢᠭ᠎ᠤᠨ ᠠᠰᠠᠷᠠᠨ ᠬᠥᠮᠥᠵᠢᠭᠦᠯᠬᠦ ᠰᠦᠢᠳᠬᠡᠯ᠂ ᠪᠠᠢᠷᠢ᠎ᠶᠢᠨ ᠰᠦᠢᠳᠬᠡᠯ ᠬᠤᠷᠢᠶᠠᠬᠤ᠎ᠳᠦ
ᠵᠠᠰᠠᠭ᠎ᠤᠨ ᠣᠷᠳᠣᠨ᠎ᠤ ᠵᠢᠯᠤᠭᠣᠳᠬᠤ ᠦᠨ᠎ᠡ᠎ᠶᠢ ᠬᠡᠷᠡᠭᠵᠢᠭᠦᠯᠵᠦ᠂ ᠠᠰᠢᠭ᠋ ᠬᠣᠨᠵᠢᠪᠤᠷᠢ᠎ᠶᠢᠨ ᠴᠢᠨᠠᠷᠲᠠᠢ ᠠᠷᠠᠳ᠎ᠠᠴᠠ
ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠰᠦᠢᠳᠬᠡᠯ᠂ ᠪᠠᠢᠷᠢ᠎ᠶᠢᠨ ᠰᠦᠢᠳᠬᠡᠯ ᠵᠢᠴᠢ
ᠡᠯ᠎ᠡ ᠲᠥᠷᠥᠯ᠎ᠦᠨ ᠦᠢᠯᠡᠴᠢᠯᠡᠭᠡᠨ᠎ᠦ ᠴᠢᠨᠠᠷᠲᠠᠢ ᠰᠦᠢᠳᠬᠡᠯ ᠪᠠ ᠣᠷᠣᠯᠠᠨ ᠬᠤᠷᠢᠶᠠᠬᠤ ᠰᠦᠢᠳᠬᠡᠯ
ᠬᠤᠷᠢᠶᠠᠬᠤ᠎ᠳᠦ ᠵᠠᠬ᠎ᠠ ᠳᠡᠯᠭᠡᠭᠦᠷ᠎ᠦᠨ ᠲᠣᠬᠢᠷᠠᠭᠤᠯᠤᠯᠲᠠ᠎ᠶᠢᠨ ᠦᠨ᠎ᠡ᠎ᠶᠢ ᠬᠡᠷᠡᠭᠵᠢᠭᠦᠯᠵᠦ᠂ ᠬᠡᠦᠬᠡᠳ᠎ᠦᠨ
ᠴᠡᠴᠡᠷᠯᠢᠭ᠎ᠦᠨ ᠨᠠᠢᠳᠠᠨ ᠬᠥᠮᠥᠵᠢᠭᠦᠯᠬᠦ ᠠᠩᠭᠢ ᠭᠠᠷᠭᠠᠵᠤ ᠬᠤᠷᠢᠶᠠᠭᠰᠠᠨ ᠠᠰᠠᠷᠠᠨ ᠬᠥᠮᠥᠵᠢᠭᠦᠯᠬᠦ ᠰᠦᠢᠳᠬᠡᠯ᠎ᠢ
ᠠᠰᠠᠷᠠᠨ ᠬᠥᠮᠥᠵᠢᠭᠦᠯᠬᠦ ᠰᠦᠢᠳᠬᠡᠯ᠎ᠢᠶᠡᠷ ᠯᠠᠪᠯᠠᠯᠲᠠ ᠪᠣᠯᠭᠠᠵᠤ ᠬᠠᠮᠢᠶᠠᠷᠤᠨ᠎ᠠ᠃
ᠭᠤᠷᠪᠠ᠎ᠳᠤ᠂ ᠰᠦᠢᠳᠬᠡᠯ ᠬᠤᠷᠢᠶᠠᠬᠤ ᠪᠠᠷᠢᠮᠵᠢᠶ᠎ᠠ ᠲᠣᠭᠲᠠᠭᠠᠬᠤ ᠵᠠᠷᠴᠢᠮ᠎ᠢ ᠲᠣᠳᠣᠷᠬᠠᠢᠯᠠᠵᠤ᠂ᠵᠠᠰᠠᠭ᠎ᠤᠨ ᠣᠷᠳᠣᠨ᠎ᠤ ᠵᠢᠯᠤᠭᠣᠳᠬᠤ ᠦᠨ᠎ᠡ᠎ᠶᠢᠨ ᠰᠦᠢᠳᠬᠡᠯ ᠬᠤᠷᠢᠶᠠᠬᠤ ᠪᠠᠷᠢᠮᠵᠢᠶ᠎ᠠ᠎ᠶᠢ
ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠂ ᠨᠡᠢᠭᠡᠮ᠎ᠦᠨ ᠦᠨ᠎ᠡ ᠲᠥᠯᠥᠪᠦᠷᠢ ᠦᠭᠡᠢ ᠬᠠᠨᠳᠢᠪ ᠵᠡᠷᠭᠡ᠎ᠶᠢ ᠬᠠᠰᠤᠭᠰᠠᠨ᠎ᠤ
ᠳᠠᠷᠠᠭᠠᠬᠢ ᠥᠪᠡᠷ᠎ᠦᠨ ᠥᠷᠲᠡᠭ᠎ᠢᠶᠡᠷ ᠦᠨᠳᠦᠰᠦᠯᠡᠯ ᠪᠣᠯᠭᠠᠵᠤ᠂ ᠲᠤᠬᠠᠢ᠎ᠶᠢᠨ ᠭᠠᠵᠠᠷ᠎ᠤᠨ ᠠᠵᠤ ᠠᠬᠤᠢ ᠨᠡᠢᠭᠡᠮ᠎ᠦᠨ
ᠬᠥᠭᠵᠢᠯᠲᠡ᠎ᠶᠢᠨ ᠬᠢᠷᠢ ᠲᠦᠪᠰᠢᠨ᠂ ᠣᠯᠠᠨ ᠲᠦᠮᠡᠨ᠎ᠦ ᠳᠠᠭᠠᠭᠠᠬᠤ ᠴᠢᠳᠠᠪᠤᠷᠢ᠂ ᠵᠠᠬ᠎ᠠ ᠳᠡᠯᠭᠡᠭᠦᠷ᠎ᠦᠨ ᠬᠠᠩᠭᠠᠯᠭ᠎ᠠ
ᠬᠡᠷᠡᠭᠴᠡᠭᠡ᠎ᠶᠢᠨ ᠪᠠᠢᠳᠠᠯ᠂ ᠪᠠᠢᠭᠤᠯᠤᠮᠵᠢ᠎ᠶᠢᠨ ᠰᠢᠨᠵᠢ ᠴᠢᠨᠠᠷ᠂ ᠦᠢᠯᠡᠴᠢᠯᠡᠭᠡᠨ᠎ᠦ ᠲᠥᠷᠥᠯ ᠬᠡᠯᠪᠡᠷᠢ ᠵᠡᠷᠭᠡ
ᠪᠠᠢᠳᠠᠯ᠎ᠢ ᠶᠡᠷᠦᠩᠬᠡᠢᠯᠡᠨ ᠪᠣᠳᠣᠯᠬᠢᠯᠠᠵᠤ ᠪᠠᠢᠭᠠᠳ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠦᠢᠯᠡᠴᠢᠯᠡᠭᠡᠨ᠎ᠦ
ᠴᠢᠨᠠᠷᠲᠠᠢ ᠰᠦᠢᠳᠬᠡᠯ ᠪᠠ ᠣᠷᠣᠯᠠᠨ ᠬᠤᠷᠢᠶᠠᠬᠤ ᠰᠦᠢᠳᠬᠡᠯ᠎ᠳᠤ ᠲᠤᠰ ᠪᠦᠷᠢ ᠥᠪᠡᠷ᠎ᠦᠨ ᠥᠷᠲᠡᠭ ᠢ᠋ ᠨᠥᠬᠥᠪᠦᠷᠢᠯᠡᠬᠦ
ᠵᠠᠷᠴᠢᠮ ᠪᠣᠯᠣᠨ ᠪᠣᠳᠠᠲᠠᠢ ᠵᠠᠷᠤᠯᠭ᠎ᠠ᠎ᠶᠢᠨ ᠪᠠᠢᠳᠠᠯ ᠶᠣᠰᠣᠭᠠᠷ ᠬᠤᠷᠢᠶᠠᠨ᠎ᠠ᠃
ᠳᠥᠷᠪᠡ᠎ᠳᠦ᠂ ᠰᠦᠢᠳᠬᠡᠯ ᠬᠤᠷᠢᠶᠠᠬᠤ ᠲᠥᠷᠥ᠎ᠶᠢᠨ ᠪᠣᠳᠣᠯᠭ᠎ᠠ᠎ᠶᠢ ᠦᠨᠡᠯᠡᠨ ᠵᠢᠱ᠌ᠢᠵᠦ
ᠰᠢᠯᠢᠳᠡᠭᠵᠢᠭᠦᠯᠬᠦ ᠲᠣᠭᠲᠠᠴᠠ᠎ᠶᠢ ᠪᠦᠷᠢᠨᠰᠢᠭᠦᠯᠵᠦ᠂ ᠡᠯ᠎ᠡ ᠭᠠᠵᠠᠷ᠎ᠤᠨ ᠬᠣᠯᠪᠣᠭᠳᠠᠯ
ᠪᠦᠬᠦᠢ ᠰᠠᠯᠠᠭ᠎ᠠ ᠮᠥᠴᠢᠷ ᠰᠦᠢᠳᠬᠡᠯ ᠬᠤᠷᠢᠶᠠᠬᠤ ᠠᠵᠢᠯᠯᠠᠭ᠎ᠠ᠎ᠶᠢᠨ ᠬᠢᠨᠠᠯᠲᠠ᠎ᠪᠡᠨ ᠴᠢᠩᠭᠠᠳᠬᠠᠵᠤ᠂ ᠥᠪᠡᠷ᠎ᠦᠨ
ᠥᠷᠲᠡᠭ᠎ᠢ ᠪᠠᠢᠴᠠᠭᠠᠬᠤ᠂ ᠥᠪᠡᠰᠦᠪᠡᠨ ᠦᠨᠡᠯᠡᠨ ᠵᠢᠱ᠌ᠢᠬᠦ᠂ ᠭᠤᠷᠪᠠᠳᠠᠭᠢ ᠡᠲᠡᠭᠡᠳ᠎ᠦᠨ ᠪᠠᠢᠭᠤᠯᠤᠮᠵᠢ᠎ᠳᠤ ᠨᠠᠢᠳᠠᠵᠤ
ᠦᠨᠡᠯᠡᠨ ᠵᠢᠱ᠌ᠢᠭᠦᠯᠬᠦ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠰᠦᠢᠳᠬᠡᠯ ᠬᠤᠷᠢᠶᠠᠬᠤ ᠬᠠᠮᠢᠶᠠᠷᠤᠯᠲᠠ᠎ᠶᠢᠨ
ᠠᠷᠭ᠎ᠠ ᠬᠡᠯᠪᠡᠷᠢ᠂ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ᠎ᠳᠦ
ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠵᠦ᠂ ᠬᠣᠯᠪᠣᠭᠳᠠᠯ ᠪᠦᠬᠦᠢ ᠲᠥᠷᠥ᠎ᠶᠢᠨ ᠪᠣᠳᠣᠯᠭ᠎ᠠ᠎ᠶᠢ
ᠴᠠᠭ ᠲᠤᠬᠠᠢ ᠳ᠋ᠤᠨᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃
ᠲᠠᠪᠤ᠎ᠳᠤ᠂ ᠭᠠᠷᠴᠠᠭ᠎ᠤᠨ ᠨᠠᠷᠢᠨ ᠬᠠᠭᠤᠳᠠᠰᠤ᠎ᠶᠢᠨ ᠳᠦᠷᠢᠮ᠎ᠢ ᠪᠠᠢᠭᠤᠯᠵᠤ᠂ ᠬᠡᠦᠬᠡᠳ᠎ᠦᠨ
ᠴᠡᠴᠡᠷᠯᠢᠭ᠎ᠦᠨ ᠰᠦᠢᠳᠬᠡᠯ ᠬᠤᠷᠢᠶᠠᠬᠤ᠎ᠳᠤ ᠭᠠᠷᠴᠠᠭ᠎ᠤᠨ ᠨᠠᠷᠢᠨ ᠬᠠᠭᠤᠳᠠᠰᠤ᠎ᠶᠢᠨ ᠬᠠᠮᠢᠶᠠᠷᠤᠯᠲᠠ᠎ᠶᠢ ᠬᠡᠷᠡᠭᠵᠢᠭᠦᠯᠵᠦ᠂
ᠡᠯ᠎ᠡ ᠭᠠᠵᠠᠷ᠎ᠤᠨ ᠦᠢᠯᠡᠴᠢᠯᠡᠭᠡᠨ᠎ᠦ ᠴᠢᠨᠠᠷᠲᠠᠢ ᠰᠦᠢᠳᠬᠡᠯ ᠪᠠ ᠣᠷᠣᠯᠠᠨ ᠬᠤᠷᠢᠶᠠᠬᠤ ᠰᠦᠢᠳᠬᠡᠯ
ᠬᠤᠷᠢᠶᠠᠬᠤ᠂ ᠬᠡᠦᠬᠡᠳ᠎ᠦᠨ ᠴᠡᠴᠡᠷᠯᠢᠭ᠎ᠦᠨ ᠰᠦᠢᠳᠬᠡᠯ ᠬᠤᠷᠢᠶᠠᠬᠤ ᠭᠡᠬᠦ ᠬᠣᠶᠠᠷ ᠭᠠᠷᠴᠠᠭ᠎ᠤᠨ ᠨᠠᠷᠢᠨ ᠬᠠᠭᠤᠳᠠᠰᠤ᠎ᠶᠢ
ᠪᠠᠶ᠋ᠢᠭᠤᠯᠬᠤ᠎ᠶᠢᠨ ᠬᠠᠮᠲᠤ ᠰᠦᠢᠳᠬᠡᠯ ᠬᠤᠷᠢᠶᠠᠭᠰᠠᠨ ᠪᠠᠢᠳᠠᠯ ᠵᠢᠡᠨ ᠢᠯᠡ ᠨᠡᠢᠲᠡᠯᠡᠬᠦ᠎ᠶᠢ ᠴᠢᠩᠭᠠᠳᠬᠠᠵᠤ᠂
ᠨᠠᠷᠢᠨ ᠬᠠᠭᠤᠳᠠᠰᠤᠨ᠎ᠳᠤ ᠪᠠᠢᠬᠤ ᠦᠭᠡᠢ ᠪᠤᠶᠤ ᠢᠯᠡ ᠨᠡᠢᠲᠡᠯᠡᠭᠰᠡᠨ ᠦᠭᠡᠢ ᠪᠣᠯ ᠴᠥᠮ ᠰᠦᠢᠳᠬᠡᠯ ᠬᠤᠷᠢᠶᠠᠵᠤ
ᠪᠣᠯᠬᠤ ᠦᠭᠡᠢ᠃
ᠵᠢᠷᠭᠤᠭ᠎ᠠ᠎ᠳᠤ᠂ ᠰᠦᠢᠳᠬᠡᠯ ᠬᠤᠷᠢᠶᠠᠬᠤ ᠦᠶ᠋ᠯᠡ ᠠᠵᠢᠯᠯᠠᠭ᠎ᠠ᠎ᠶᠢᠨ ᠬᠢᠨᠠᠯᠲᠠ ᠬᠠᠮᠢᠶᠠᠷᠤᠯᠲᠠ᠎ᠶᠢ
ᠴᠢᠩᠭᠠᠳᠬᠠᠵᠤ᠂ ᠡᠯ᠎ᠡ ᠭᠠᠵᠠᠷ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠡᠦᠬᠡᠳ᠎ᠦᠨ
ᠴᠡᠴᠡᠷᠯᠢᠭ᠎ᠢ ᠵᠢᠯᠣᠭᠣᠳᠤᠨ ᠡᠳ᠋᠎ᠦᠨ ᠶᠠᠪᠤᠳᠠᠯ᠂ ᠨᠢᠭ᠍ᠲᠠᠯᠠᠨ ᠪᠣᠳᠣᠯᠲᠠ ᠵᠢᠴᠢ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ
ᠳᠦᠷᠢᠮ᠎ᠢ ᠪᠠᠢᠭᠤᠯᠤᠨ ᠲᠡᠭᠦᠯᠳᠡᠷᠵᠢᠭᠦᠯᠬᠦ᠎ᠶᠢᠨ ᠬᠠᠮᠲᠤ ᠰᠦᠢᠳᠬᠡᠯ ᠬᠤᠷᠢᠶᠠᠬᠤ᠂ ᠰᠦᠢᠳᠬᠡᠯ ᠪᠤᠴᠠᠭᠠᠬᠤ ᠵᠡᠷᠭᠡ
ᠦᠶ᠋ᠯᠡ ᠠᠵᠢᠯᠯᠠᠭ᠎ᠠ᠎ᠶᠢ ᠵᠢᠷᠤᠮᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠬᠤ ᠬᠡᠷᠡᠭᠲᠡᠢ ᠭᠡᠵᠦ
ᠱᠠᠭᠠᠷᠳᠠᠪᠠ᠃
ᠲᠠᠷᠠᠭᠠᠴᠢ᠎ᠶᠢᠨ ᠠᠯᠬᠤᠮ᠎ᠳᠤ᠂
ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠰᠤᠷᠭᠠᠨ ᠬᠥᠮᠦᠵᠢᠯ᠎ᠦᠨ ᠶᠠᠮᠤᠨ᠂ ᠡᠳ᠋᠎ᠦᠨ
ᠵᠠᠰᠠᠭ᠎ᠤᠨ ᠶᠠᠮᠤᠨ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠡᠯ᠎ᠡ ᠭᠠᠵᠠᠷ᠎ᠢ ᠵᠢᠯᠣᠭᠣᠳᠤᠨ
ᠲᠣᠰ ᠭᠠᠵᠠᠷ ᠣᠷᠣᠨ᠎ᠤ ᠬᠡᠦᠬᠡᠳ᠎ᠦᠨ ᠴᠡᠴᠡᠷᠯᠢᠭ᠎ᠦᠨ ᠰᠦᠢᠳᠬᠡᠯ ᠬᠤᠷᠢᠶᠠᠬᠤ ᠬᠠᠮᠢᠶᠠᠷᠤᠯᠲᠠ᠎ᠶᠢᠨ ᠠᠷᠭ᠎ᠠ᠎ᠶᠢ
ᠲᠦᠷᠭᠡᠳᠬᠡᠨ ᠲᠣᠭᠲᠠᠭᠠᠵᠤ (ᠵᠠᠰᠠᠪᠤᠷᠢ ᠣᠷᠣᠭᠤᠯᠬᠤ)᠂ ᠰᠦᠢᠳᠬᠡᠯ ᠬᠤᠷᠢᠶᠠᠬᠤ ᠲᠥᠷᠥ᠎ᠶᠢᠨ ᠪᠣᠳᠣᠯᠭ᠎ᠠ ᠬᠢᠭᠡᠳ
ᠰᠦᠢᠳᠬᠡᠯ ᠬᠤᠷᠢᠶᠠᠬᠤ ᠦᠭᠡᠢ ᠲᠥᠷᠥ᠎ᠶᠢᠨ ᠪᠣᠳᠣᠯᠭ᠎ᠠ᠎ᠶᠢ ᠵᠣᠯᠭᠠᠭᠤᠯᠬᠤ᠂ ᠬᠠᠮᠢᠶ᠎ᠠ ᠪᠦᠬᠦᠢ ᠭᠠᠢᠯᠢ ᠰᠦᠢᠳᠬᠡᠯ᠎ᠢ
ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠂ ᠲᠦᠭᠡᠮᠡᠯ ᠬᠠᠷᠠᠭᠠᠯᠵᠠᠯ᠎ᠤᠨ
ᠴᠢᠨᠠᠷᠲᠠᠢ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠢ ᠬᠢᠨᠠᠨ ᠲᠣᠭᠲᠠᠭᠠᠬᠤ ᠵᠡᠷᠭᠡ ᠠᠵᠢᠯ᠎ᠢ ᠰᠠᠢᠲᠤᠷ
ᠬᠢᠵᠦ᠂ ᠰᠠᠯᠠᠭ᠎ᠠ ᠮᠥᠴᠢᠷ᠎ᠦᠨ ᠬᠠᠮᠵᠢᠯᠴᠠᠭ᠎ᠠ᠂ ᠤᠬᠠᠭᠤᠯᠭ᠎ᠠ ᠲᠠᠢᠯᠤᠮᠵᠢ ᠪᠠ ᠬᠢᠨᠠᠯᠲᠠ ᠪᠠᠢᠴᠠᠭᠠᠯᠲᠠ᠎ᠶᠢ
ᠴᠢᠩᠭᠠᠳᠬᠠᠨ᠂ ᠨᠡᠢᠭᠡᠮ᠎ᠦᠨ ᠠᠩᠬᠠᠷᠤᠯ᠎ᠳᠤ ᠴᠠᠭ ᠲᠤᠬᠠᠢ ᠳ᠋ᠤᠨᠢ ᠬᠠᠷᠢᠭᠤᠯᠲᠠ ᠥᠭᠴᠦ᠂ ᠲᠥᠷᠥ᠎ᠶᠢᠨ ᠪᠣᠳᠣᠯᠭ᠎ᠠ᠎ᠶᠢ
ᠲᠣᠭᠲᠠᠭᠤᠨ᠎ᠢᠶᠠᠷ ᠬᠡᠷᠡᠭᠵᠢᠭᠦᠯᠬᠦ᠎ᠶᠢ ᠠᠬᠢᠭᠤᠯᠬᠤ ᠪᠤᠯᠤᠨ᠎ᠠ᠃
ᠢᠷᠡᠯᠲᠡ᠄ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠰᠦᠯᠵᠢᠶ᠎ᠡ