ᠦᠪᠦᠷ ᠮᠤᠨᠭᠭᠤᠯ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ᠎ᠢ 10 ᠪᠠᠢᠭᠤᠯᠪᠠ
2025-12-24 16:50:30
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠲᠦᠷᠦᠭᠦᠦ ᠪᠦᠯᠦᠭ ᠤ᠋ᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ᠎ᠤ ᠪᠠᠢᠭᠤᠯᠤᠯᠲᠠ᠎ᠶᠢᠨ ᠠᠵᠢᠯ᠎ᠢ ᠥᠷᠨᠢᠭᠦᠯᠵᠦ᠂ ᠪᠤᠭᠤᠲᠤ ᠬᠣᠲᠠ᠎ᠶᠢᠨ ᠬᠤᠸᠠ ᠳ᠋ᠢᠩ ᠵᠡᠰ᠎ᠦᠨ ᠦᠢᠯᠡᠰ᠎ᠦᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠂ ᠬᠥᠬᠡᠬᠣᠲᠠ᠎ᠶᠢᠨ ᠨᠢᠭᠡᠳᠦᠭᠡᠷ ᠡᠮᠨᠡᠯᠭᠡ᠎ᠶᠢᠨ ᠬᠣᠷᠢᠶ᠎ᠠ ᠵᠡᠷᠭᠡ 10 ᠨᠢᠭᠡᠴᠢ᠎ᠶᠢ ᠰᠣᠩᠭᠣᠵᠤ ᠥᠪᠥᠷ ᠮᠣᠩᠭᠣᠯ᠎ᠤᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ ᠪᠠᠢᠭᠤᠯᠪᠠ᠃


QQ截图20251222112649.png


ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ ᠭᠡᠳᠡᠭ ᠨᠢ ᠰᠢᠨᠵᠢᠯᠡᠬᠦ ᠤᠬᠠᠭᠠᠨ᠎ᠤ ᠰᠤᠳᠤᠯᠭᠠᠨ ᠪᠤᠶᠤ ᠮᠡᠷᠭᠡᠵᠢᠯ᠎ᠦᠨ ᠨᠡᠭᠡᠭᠡᠨ ᠬᠥᠭᠵᠢᠭᠦᠯᠦᠯᠲᠡ᠎ᠶᠢ ᠡᠷᠭᠢᠯᠡᠵᠦ ᠪᠠᠢᠭ᠎ᠠ ᠠᠵᠤ ᠠᠬᠤᠢᠯᠠᠯ ᠪᠠ ᠠᠵᠢᠯ ᠦᠢᠯᠡᠰ᠎ᠦᠨ ᠨᠢᠭᠡᠴᠢ ᠡᠴᠡ ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠦ ᠨᠡᠭᠦᠳᠡᠯ ᠥᠷᠲᠡᠭᠡ᠎ᠳᠦ ᠲᠦᠰᠢᠭᠯᠡᠨ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯᠲᠠᠨ᠎ᠢ ᠣᠷᠣᠯᠠᠨ ᠡᠯᠰᠡᠬᠦ᠎ᠶᠢᠨ ᠬᠠᠮᠲᠤ᠂ ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠦ ᠨᠡᠭᠦᠳᠡᠯ ᠥᠷᠲᠡᠭᠡ᠎ᠲᠠᠢ ᠬᠠᠮᠲᠤᠷᠠᠨ ᠰᠢᠨ᠎ᠡ᠎ᠶᠢ ᠡᠭᠦᠳᠬᠦ ᠪᠦᠬᠦᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠫᠤᠰᠲ ᠳ᠋ᠣᠺᠲ᠋ᠣᠷ᠎ᠤᠨ ᠠᠵᠢᠯ᠎ᠤᠨ ᠲᠠᠪᠴᠠᠩ᠎ᠢ ᠵᠢᠭᠠᠵᠤ ᠪᠣᠶ᠃ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ ᠎ᠤ ᠪᠠᠢᠭᠤᠯᠤᠯᠲᠠ ᠵᠢᠨ ᠠᠵᠢᠯ᠎ᠢ ᠰᠠᠢᠲᠤᠷ ᠬᠢᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠣᠢᠷ᠎ᠠ᠎ᠳᠤ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ᠎ᠤ ᠬᠠᠮᠢᠶᠠᠷᠤᠯᠲᠠ ᠵᠢᠨ ᠠᠷᠭ᠎ᠠ》ᠵᠢ ᠢᠵᠢ ᠪᠦᠷᠢᠳᠦᠭᠦᠯᠦᠨ ᠨᠡᠢᠲᠡᠯᠡᠵᠦ᠂ ᠰᠠᠭᠤᠷᠢᠨ ᠪᠠᠶ᠋ᠢᠭᠤᠯᠬᠤ᠂ ᠴᠢᠳᠠᠪᠤᠷᠢᠲᠠᠨ ᠬᠥᠮᠥᠵᠢᠭᠦᠯᠬᠦ᠂ ᠬᠠᠮᠢᠶᠠᠷᠤᠯᠲᠠ ᠦᠢᠯᠡᠴᠢᠯᠡᠭᠡ ᠵᠡᠷᠭᠡ ᠠᠭᠤᠯᠭ᠎ᠠ᠎ᠶᠢ ᠲᠣᠳᠣᠷᠬᠠᠢᠯᠠᠪᠠ᠃

ᠣᠳᠣᠬᠠᠨ᠎ᠳᠤ᠂ ᠥᠪᠥᠷ ᠮᠣᠩᠭᠣᠯ ᠨᠢᠭᠡᠨᠲᠡ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ᠎ᠳᠤ ᠲᠦᠰᠢᠭᠯᠡᠨ 31 ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠤ ᠨᠡᠭᠦᠳᠡᠯ ᠥᠷᠲᠡᠭᠡ ᠪᠠᠢᠭᠤᠯᠵᠤ᠂ ᠳᠠᠪᠠᠭᠤᠯᠢᠭ᠋ ᠠᠵᠤ ᠦᠢᠯᠡᠰ᠎ᠲᠦ ᠲᠦᠰᠢᠭᠯᠡᠨ 59 ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠦ ᠠᠵᠢᠯ᠎ᠤᠨ ᠥᠷᠲᠡᠭᠡ ᠪᠠᠢᠭᠤᠯᠪᠠ᠂ ᠲᠣᠰ ᠤᠳᠠᠭ᠎ᠠ ᠵᠢᠨ ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ᠎ᠢ ᠨᠡᠮᠡᠵᠦ ᠪᠤᠳᠤᠪᠠᠯ ᠥᠪᠥᠷ ᠮᠣᠩᠭᠣᠯ ᠎ᠤᠨ ᠦᠪᠡᠷᠲᠡᠭᠡᠨ ᠵᠠᠰᠠᠬᠤ ᠤᠷᠤᠨ᠎ᠤ ᠫᠤᠰᠲ ᠳ᠋ᠣᠺᠲ᠋ᠣᠷ᠎ᠤᠨ ᠠᠵᠢᠯ᠎ᠤᠨ ᠲᠠᠪᠴᠠᠩ 100 ᠬᠦᠷᠴᠦ᠂ ᠫᠤᠰᠲ ᠳ᠋ᠣᠺᠲ᠋ᠣᠷ᠎ᠤᠨ ᠡᠷᠳᠡᠮ ᠰᠢᠨᠵᠢᠯᠡᠭᠡᠨ᠎ᠤ ᠰᠤᠳᠤᠯᠭᠠᠨ᠎ᠤ ᠠᠵᠢᠯᠲᠠᠨ᠎ᠢ ᠨᠡᠶ᠋ᠢᠲᠡ 745 ᠬᠥᠮᠥᠵᠢᠭᠦᠯᠦᠭᠰᠡᠨ ᠪᠠᠢᠨ᠎ᠠ᠃

ᠢᠷᠡᠯᠲᠡ᠄ ᠲᠡᠭᠦᠯᠢᠯᠲᠡ ᠬᠠᠮ ᠵᠠᠭᠤᠴᠢᠯᠠᠭᠤᠷ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号