ᠪᠦᠬᠦ ᠤᠯᠤᠰ᠎ᠤᠨ ᠥᠨᠳᠥᠷ ᠠᠭᠤᠯᠠ᠎ᠶᠢᠨ ᠴᠠᠨᠠᠯᠠᠯᠲᠠ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
2025-12-24 16:54:10
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 23᠎ᠤ ᠡᠳᠦᠷ᠂ 2025 — 2026 ᠤᠷᠤᠯᠳᠤᠭᠠᠨ᠎ᠤ ᠤᠯᠠᠷᠢᠯ᠎ᠤᠨ ᠪᠥᠬᠥ ᠤᠯᠤᠰ᠎ᠤᠨ ᠥᠨᠳᠥᠷ ᠠᠭᠤᠯᠠ᠎ᠶᠢᠨ ᠴᠠᠨᠠᠯᠠᠯᠲᠠ ᠵᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤᠯᠠᠭᠠᠨᠬᠠᠳᠠ ᠬᠣᠲᠠ᠎ᠶᠢᠨ ᠬᠠᠷᠠᠴᠢᠨ ᠬᠣᠰᠢᠭᠤᠨ᠎ᠤ ᠮᠠᠶ᠋ᠢᠷᠠᠨ ᠵᠢᠯᠠᠭ᠎ᠠ᠎ᠶᠢᠨ ᠴᠠᠨᠠᠯᠠᠯᠲᠠ ᠵᠢᠨ ᠲᠠᠯᠠᠪᠠᠶ᠎ᠳᠤ ᠵᠢᠩᠬᠢᠨᠢ ᠪᠡᠷ ᠡᠬᠢᠯᠡᠪᠡ᠃ ᠪᠦᠬᠦ ᠤᠯᠤᠰ᠎ᠤᠨ 20 ᠭᠠᠷᠤᠢ ᠮᠤᠵᠢ ( ᠣᠷᠣᠨ᠂ ᠬᠣᠲᠠ ) ᠵᠢᠴᠢ ᠲᠤᠰᠬᠠᠢ ᠺᠯᠦ᠋ᠪ᠎ᠡᠴᠡ ᠬᠦᠷᠦᠯᠴᠡᠨ ᠢᠷᠡᠭᠰᠡᠨ 139 ᠲᠠᠮᠢᠷᠴᠢᠨ ᠤᠷᠤᠯᠳᠤᠭᠠᠨ᠎ᠤ ᠲᠠᠯᠠᠪᠠᠢ᠎ᠳᠤ ᠴᠤᠭᠯᠠᠷᠠᠵᠤ᠂ ᠭᠤᠯᠭᠤᠨ ᠪᠠᠭᠤᠬᠤ᠂ ᠳᠡᠰ᠎ᠠᠴᠠ ᠳᠠᠪᠠᠭᠰᠠᠨ ᠶᠡᠬᠡ ᠡᠷᠭᠢᠯᠲᠡ᠂ ᠶᠡᠬᠡ ᠡᠷᠭᠢᠯᠲᠡ ᠵᠡᠷᠭᠡ 6 ᠶᠡᠬᠡ ᠭᠣᠣᠯ ᠲᠥᠷᠥᠯ ᠵᠦᠢᠯ᠎ᠳᠦ ᠥᠷᠢᠰᠦᠯᠳᠦᠬᠦ ᠪᠣᠯᠣᠨ᠎ᠠ᠃


QQ截图20251222112616.png


ᠤᠷᠤᠯᠳᠤᠭᠠᠨ᠎ᠤ ᠠᠩᠬᠠᠨ᠎ᠤ ᠡᠳᠦᠷ ᠭᠤᠯᠭᠤᠨ ᠪᠠᠭᠤᠬᠤ ᠲᠦᠷᠦᠯ ᠵᠦᠢᠯ᠎ᠤᠨ ᠡᠷᠡᠭᠲᠡᠢ᠎ᠶᠢᠨ ᠳᠤᠭᠤᠢᠯᠠᠩ᠂ ᠡᠮᠡᠭᠲᠡᠢ᠎ᠶᠢᠨ ᠳᠤᠭᠤᠢᠯᠠᠩ᠎ᠤᠨ ᠤᠷᠤᠯᠳᠤᠭᠠᠨ ᠶᠠᠪᠤᠬᠳᠠᠪᠠ᠃ ᠰᠢᠷᠦᠭᠦᠨ ᠦᠷᠢᠰᠦᠯᠳᠦᠬᠡᠨ᠎ᠢᠶᠠᠷ ᠳᠠᠮᠵᠢᠨ᠂ ᠭᠢᠷᠢᠨ ᠮᠤᠵᠢ᠎ᠶᠢᠨ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠴᠠᠰᠤᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠎ᠦᠨ ᠰᠦᠨ ᠰᠢᠨ ᠮᠢᠶᠣᠣ᠂ ᠬᠠᠷᠠᠮᠥ᠋ᠷᠡᠨ ᠮᠤᠵᠢ᠎ᠶᠢᠨ ᠴᠠᠰᠤᠨ ᠳᠡᠭᠡᠷᠡᠬᠢ ᠪᠣᠯᠪᠠᠰᠤᠷᠠᠯ᠎ᠤᠨ ᠲᠥᠪ᠎ᠦᠨ ᠺᠦᠩ ᠹᠠᠨ ᠶᠢᠩ ᠲᠤᠰ ᠲᠤᠰ ᠡᠷᠡᠭᠲᠡᠢ᠎ᠶᠢᠨ ᠳᠤᠭᠤᠢᠯᠠᠩ᠂ ᠡᠮᠡᠭᠲᠡᠢ᠎ᠶᠢᠨ ᠳᠤᠭᠤᠢᠯᠠᠩ᠎ᠤᠨ ᠮᠠᠩᠯᠠᠢ᠎ᠳᠤ ᠰᠢᠯᠭᠠᠷᠠᠵᠠᠢ; ᠯᠢᠶᠣᠤᠨᠢᠩ ᠮᠤᠵᠢ᠎ᠶᠢᠨ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠎ᠦᠨ ᠵᠢᠶᠠᠩ ᠬᠠᠨ᠂ ᠱᠠᠨᠰᠢ ᠮᠤᠵᠢ᠎ᠶᠢᠨ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠎ᠦᠨ ᠮᠠ ᠶᠦᠩ ᠴᠢ ᠲᠤᠰ ᠲᠤᠰ ᠡᠷᠡᠭᠲᠡᠢ᠎ᠶᠢᠨ ᠳᠤᠭᠤᠢᠯᠠᠩ᠂ ᠡᠮᠡᠭᠲᠡᠢ᠎ᠶᠢᠨ ᠳᠤᠭᠤᠢᠯᠠᠩ᠎ᠳ᠋ᠤ ᠳᠡᠳ᠋ᠯᠡᠪᠡ; ᠭᠢᠷᠢᠨ ᠮᠤᠵᠢ᠎ᠶᠢᠨ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠴᠠᠰᠤᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠎ᠦᠨ ᠵᠠᠩ ᠶᠠᠩ ᠮᠢᠩ᠂ ᠬᠠᠷᠠᠮᠥ᠋ᠷᠡᠨ ᠮᠤᠵᠢ᠎ᠶᠢᠨ ᠴᠠᠰᠤᠨ ᠳᠡᠭᠡᠷᠡᠬᠢ ᠪᠣᠯᠪᠠᠰᠤᠷᠠᠯ᠎ᠤᠨ ᠲᠥᠪ᠎ᠦᠨ ᠵᠠᠩ ᠢᠦᠢ ᠶᠢᠩ ᠲᠤᠰ ᠲᠤᠰ ᠡᠷᠡᠭᠲᠡᠢ᠎ᠶᠢᠨ ᠳᠤᠭᠤᠢᠯᠠᠩ᠂ ᠡᠮᠡᠭᠲᠡᠢ᠎ᠶᠢᠨ ᠳᠤᠭᠤᠢᠯᠠᠩ᠎ᠤᠨ ᠭᠤᠷᠪᠠᠳᠤᠭᠠᠷ᠎ᠲᠤ ᠣᠷᠣᠵᠠᠢ᠃

ᠣᠢᠯᠠᠭᠠᠭᠰᠠᠨ᠎ᠢᠶᠠᠷ᠂ ᠲᠣᠰ ᠬᠤᠭᠤᠴᠠᠭᠠᠨ᠎ᠤ ᠪᠥᠬᠥ ᠤᠯᠤᠰ᠎ᠤᠨ ᠥᠨᠳᠥᠷ ᠠᠭᠤᠯᠠ᠎ᠶᠢᠨ ᠴᠡᠨᠡᠯᠡᠯᠲᠡ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠢ ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ᠎ᠶᠢᠨ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠡᠴᠡ ᠬᠠᠮᠲᠤᠷᠠᠨ ᠡᠷᠭᠢᠯᠡᠵᠦ᠂ ᠥᠨᠳᠥᠷ ᠪᠠᠷᠢᠮᠵᠢᠶᠠᠲᠤ ᠤᠷᠤᠯᠳᠤᠭᠠᠨ ᠡᠷᠭᠢᠯᠡᠬᠦ ᠪᠠᠷᠢᠮᠵᠢᠶ᠎ᠠ ᠪᠣᠯᠣᠨ ᠲᠤᠰᠬᠠᠢ ᠮᠡᠷᠭᠡᠵᠢᠯ᠎ᠦᠨ ᠤᠷᠤᠯᠳᠤᠭᠠᠨ᠎ᠤ ᠬᠢᠷᠢ ᠲᠦᠪᠰᠢᠨ᠎ᠢ ᠦᠷᠭᠦᠯᠵᠢᠯᠡᠭᠦᠯᠵᠦ᠂ ᠲᠠᠮᠢᠷᠴᠢᠳ᠎ᠲᠤ ᠲᠥᠪ ᠭᠤᠤᠯᠴᠢ᠎ᠪᠠᠷ ᠥᠷᠢᠰᠦᠯᠳᠦᠬᠦ᠂ ᠬᠠᠮᠤᠭ᠎ᠤᠨ ᠰᠠᠢᠨ ᠬᠢᠷᠢ ᠪᠦᠳᠦᠮᠵᠢ ᠪᠠᠨ ᠪᠠᠳᠠᠷᠠᠭᠤᠯᠬᠤ ᠰᠢᠯᠢᠳᠡᠭ ᠲᠠᠪᠴᠠᠩ᠎ᠢ ᠪᠣᠶ ᠪᠣᠯᠭᠠᠵᠤ ᠥᠭᠴᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号