12 ᠰᠠᠷ᠎ᠠ᠎ᠶᠢᠨ 23᠎ᠤ᠋ ᠡᠳᠦᠷ᠂ ᠪᠡᠭᠡᠵᠢᠩ ᠬᠣᠲᠠ᠎ᠶᠢᠨ ᠰᠤᠷᠭᠠᠨ ᠬᠥᠮᠦᠵᠢᠯ᠎ᠦᠨ ᠵᠥᠪᠯᠡᠯ᠂
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠡᠴᠡ ᠭᠤᠤᠯᠯᠠᠨ ᠡᠷᠬᠢᠯᠡᠭᠰᠡᠨ
《ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ·ᠰᠤᠷᠭᠠᠨ ᠬᠥᠮᠦᠵᠢᠯ᠎ᠢ ᠬᠥᠭᠵᠢᠭᠦᠯᠦᠨ
ᠮᠠᠨᠳᠤᠭᠤᠯᠬᠤ》 ᠭᠤᠷᠪᠠᠳᠤᠭᠠᠷ ᠬᠤᠭᠤᠴᠠᠭᠠᠨ
ᠤ 《 ᠲᠡᠮᠡᠭᠡᠨ ᠬᠣᠩᠬᠣ᠌ ᠬᠤᠨᠳᠠᠭᠠᠲᠤ》 ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠦᠷ᠎ᠡ ᠪᠦᠲᠦᠭᠡᠯ᠎ᠦᠨ ᠦᠵᠡᠭᠦᠯᠭᠡ
ᠬᠥᠬᠡᠬᠣᠲᠠ᠎ᠳᠤ ᠶᠠᠪᠤᠭᠳᠠᠪᠠ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠠᠴᠠ
ᠢᠷᠡᠭᠰᠡᠨ ᠱᠠᠩᠨᠠᠯ ᠭᠥᠷᠳᠡᠭᠰᠡᠨ ᠪᠠᠭ᠍ᠰᠢ ᠨᠠᠷ᠎ᠤᠨ ᠲᠥᠯᠥᠭᠡᠯᠡᠭᠴᠢ ᠡᠴᠡ ᠰᠢᠯᠢᠳᠡᠭ ᠬᠢᠴᠢᠶᠡᠯ᠎ᠦᠨ ᠵᠢᠱ᠌ᠢᠶ᠎ᠡ᠎ᠪᠡᠨ
ᠳᠡᠯᠭᠡᠨ ᠦᠵᠡᠭᠦᠯᠪᠡ᠃ ᠪᠡᠭᠡᠵᠢᠩ᠎ᠦᠨ ᠲᠤᠰᠬᠠᠢ ᠮᠡᠷᠭᠡᠵᠢᠯᠲᠡᠳ 《ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠢᠭᠤᠯᠤᠯᠲᠠ᠎ᠶᠢᠨ
ᠣᠨᠣᠯ᠎ᠤᠨ ᠲᠠᠢᠯᠤᠮᠵᠢ ᠬᠢᠭᠡᠳ ᠦᠢᠯᠡᠳᠦᠯᠭᠡ᠎ᠶᠢᠨ ᠰᠦᠪᠡᠭᠴᠢᠯᠡᠯᠲᠡ 》 ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠳᠥᠷᠪᠡᠨ ᠲᠠᠯᠠᠪᠠᠢ ᠲᠤᠰᠬᠠᠢ ᠰᠡᠳᠦᠪᠲᠦ ᠲᠠᠢᠯᠤᠮᠵᠢ
ᠬᠢᠪᠡ᠃ ᠲᠣᠭᠣᠷᠠᠭ᠋ ᠰᠢᠷᠡᠭᠡᠨ᠎ᠦ ᠶᠠᠷᠢᠶᠠᠨ᠎ᠤ ᠲᠠᠪᠴᠠᠩ᠎ᠳᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ
ᠱᠠᠩᠨᠠᠯ ᠬᠦᠷᠳᠡᠭᠰᠡᠨ ᠪᠠᠭ᠍ᠰᠢ᠂ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ᠂ ᠰᠤᠷᠭᠠᠭᠤᠯᠢ᠎ᠶᠢᠨ ᠵᠠᠬᠢᠷᠤᠯ
ᠵᠢᠴᠢ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ ᠦᠨ ᠬᠠᠷᠢᠭᠤᠴᠠᠯᠭᠠᠲᠠᠨ 《ᠪᠡᠭᠡᠵᠢᠩ ᠥᠪᠥᠷ ᠮᠣᠩᠭᠣᠯ᠎ᠤᠨ ᠪᠠᠭ᠍ᠰᠢ᠎ᠨᠠᠷ᠎ᠤᠨ ᠬᠠᠪᠰᠤᠷᠤᠯᠴᠠᠭ᠎ᠠ ᠪᠠᠢᠭᠤᠯᠤᠨ ᠤᠷᠤᠯᠳᠤᠭᠠᠨ᠎ᠳᠤ
ᠣᠷᠣᠯᠴᠠᠬᠤ ᠳᠤᠬᠠᠢ ᠰᠢᠨ᠎ᠡ᠎ᠶᠢ ᠡᠭᠦᠳᠬᠦ ᠦᠢᠯᠡᠳᠦᠯᠭᠡ ᠪᠣᠯᠣᠨ ᠦᠷᠳᠡᠭ᠎ᠦᠨ ᠰᠦᠪᠡᠭᠴᠢᠯᠡᠯ》 ᠭᠡᠬᠦ ᠰᠡᠳᠦᠪ᠎ᠢᠶᠡᠷ ᠤᠯᠠᠨ ᠲᠠᠯ᠎ᠠ᠎ᠡᠴᠡ ᠰᠤᠳᠤᠯᠤᠨ ᠶᠠᠷᠢᠯᠴᠠᠵᠦ᠂ ᠪᠡᠭᠡᠵᠢᠩ ᠥᠪᠥᠷ
ᠮᠣᠩᠭᠣᠯ᠎ᠤᠨ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶᠢᠨ ᠦᠢᠯᠡᠳᠦᠯᠭᠡ᠎ᠶᠢᠨ ᠦᠷ᠎ᠡ ᠪᠦᠲᠦᠭᠡᠯ᠎ᠢ ᠠᠮᠢᠳᠤᠯᠢᠭ᠋᠎ᠢᠶᠠᠷ
ᠢᠯᠡᠷᠡᠭᠦᠯᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠶᠢᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ
ᠶᠢ ᠨᠢᠭ᠍ᠲᠠᠷᠠᠭᠤᠯᠵᠠᠢ᠃

ᠭᠤᠷᠪᠠᠳᠤᠭᠠᠷ ᠬᠤᠭᠤᠴᠠᠭᠠᠨ᠎ᠤ 《ᠲᠡᠮᠡᠭᠡᠨ ᠬᠣᠩᠬᠣ᠌ ᠬᠤᠨᠳᠠᠭᠠᠲᠤ》 ᠬᠢᠴᠢᠶᠡᠯ ᠦᠨ ᠲᠠᠩᠬᠢᠮ
ᠤᠨ ᠵᠢᠭᠠᠨ ᠰᠤᠷᠭᠠᠯᠲᠠ ᠶᠢᠨ ᠤᠷᠤᠯᠳᠤᠭᠠᠨ ᠢ ᠡᠬᠢᠯᠡᠭᠦᠯᠦᠭᠰᠡᠨ᠎ᠡᠴᠡ ᠨᠠᠭᠠᠰᠢ᠂ ᠡᠯ᠎ᠡ ᠬᠢᠴᠢᠶᠡᠯ ᠲᠥᠷᠥᠯ᠎ᠦᠨ
ᠦᠵᠡᠯ ᠰᠠᠨᠠᠭ᠎ᠠ ᠤᠯᠤᠰ ᠲᠥᠷᠥ ᠵᠢᠨ ᠠᠭᠤᠯᠭ᠎ᠠ ᠳ᠋ᠤ ᠦᠨᠳᠦᠰᠦᠲᠡᠨ᠎ᠦ ᠪᠦᠯᠬᠦᠮᠳᠡᠯ᠎ᠦᠨ ᠣᠢᠯᠠᠭᠠᠭᠳᠠᠬᠤᠨ᠎ᠢ ᠨᠡᠪᠴᠢᠭᠦᠯᠬᠦ᠎ᠶᠢ
ᠴᠢᠬᠤᠯᠠᠴᠢᠯᠠᠵᠤ᠂ ᠪᠠᠭ᠍ᠰᠢ ᠰᠤᠷᠤᠭ᠍ᠴᠢᠳ᠎ᠤᠨ 《ᠲᠠᠪᠤᠨ ᠬᠠᠮᠳᠤ ᠵᠢᠨ ᠳᠠᠨᠢᠯᠳᠠ》 ᠵᠢ ᠲᠠᠰᠤᠷᠠᠯᠲᠠ ᠦᠭᠡᠢ ᠪᠠᠲᠤᠳᠬᠠᠪᠠ᠃ ᠤᠷᠤᠯᠳᠤᠭᠠᠨ᠎ᠤ ᠰᠢᠨ᠎ᠡ᠎ᠶᠢ ᠡᠭᠦᠳᠬᠦ ᠳᠠᠯ᠎ᠠ ᠪᠡᠷ
ᠪᠡᠭᠡᠵᠢᠩ ᠥᠪᠥᠷ ᠮᠣᠩᠭᠣᠯ᠎ᠤᠨ ᠪᠠᠭ᠍ᠰᠢ᠎ᠶᠢᠨ 《ᠨᠢᠬᠡ ᠵᠢ ᠨᠢᠭᠡ᠎ᠳᠦ ᠬᠠᠷᠠᠭᠠᠯᠵᠠᠭᠤᠯᠬᠤ》 ᠬᠠᠪᠰᠤᠷᠤᠯᠴᠠᠭ᠎ᠠ ᠪᠠᠢᠭᠤᠯᠤᠨ ᠤᠷᠤᠯᠳᠤᠭᠠᠨ᠎ᠳᠤ ᠣᠷᠣᠯᠴᠠᠬᠤ ᠵᠠᠭᠪᠤᠷ᠎ᠢ ᠬᠡᠷᠡᠭᠯᠡᠵᠦ᠂
ᠵᠢᠭᠠᠨ ᠰᠤᠷᠭᠠᠯᠲᠠ᠎ᠶᠢᠨ ᠲᠥᠯᠥᠪᠯᠡᠭᠡ᠎ᠡᠴᠡ ᠬᠢᠴᠢᠶᠡᠯ᠎ᠦᠨ ᠲᠠᠩᠬᠢᠮ᠎ᠤᠨ ᠦᠢᠯᠡᠳᠦᠯᠭᠡ ᠬᠦᠷᠲᠡᠯ᠎ᠡ᠂ ᠰᠤᠷᠤᠯᠭ᠎ᠠ᠎ᠶᠢᠨ
ᠪᠠᠢᠳᠠᠯ᠎ᠤᠨ ᠵᠠᠳᠠᠯᠤᠯᠲᠠ᠎ᠠᠴᠠ ᠬᠢᠴᠢᠶᠡᠯ᠎ᠦᠨ ᠳᠠᠷᠠᠭ᠎ᠠ ᠲᠤᠩᠭᠠᠨ ᠪᠣᠳᠣᠯᠬᠢᠯᠠᠬᠤ ᠬᠦᠷᠲᠡᠯ᠎ᠡ᠂ ᠪᠥᠬᠥ ᠶᠠᠪᠤᠴᠠ᠎ᠶᠢ
ᠬᠣᠶᠠᠷ ᠭᠠᠵᠠᠷ᠎ᠤᠨ ᠪᠠᠭ᠍ᠰᠢ ᠨᠠᠷ ᠬᠠᠮᠵᠢᠯᠴᠠᠨ ᠪᠡᠶᠡᠯᠡᠭᠦᠯᠦᠭᠰᠡᠨ ᠪᠠᠢᠨ᠎ᠠ᠃

ᠲᠣᠰ ᠤᠷᠤᠯᠳᠤᠭᠠᠨ᠎ᠳᠤ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ 1179 ᠳᠤᠮᠳᠠᠳᠤ
ᠪᠠᠭ᠎ᠠ ᠰᠤᠷᠭᠠᠭᠤᠯᠢ᠂ 3758 ᠪᠠᠭ᠍ᠰᠢ ᠣᠷᠣᠯᠴᠠᠪᠠ᠃ ᠰᠤᠷᠭᠠᠭᠤᠯᠢ᠎ᠶᠢᠨ ᠲᠠᠰ᠎ᠤᠨ ᠰᠢᠯᠭᠠᠷᠠᠭᠤᠯᠤᠯᠲᠠ᠂ ᠠᠢᠮᠠᠭ
ᠬᠣᠲᠠ᠎ᠶᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ᠎ᠦ ᠰᠢᠯᠭᠠᠷᠠᠭᠤᠯᠤᠯᠲᠠ ᠵᠡᠷᠭᠡ ᠣᠯᠠᠨ ᠡᠭᠡᠯᠵᠢ᠎ᠶᠢᠨ
ᠴᠢᠩᠭ᠎ᠠ ᠰᠢᠯᠭᠠᠷᠠᠭᠤᠯᠤᠯᠲᠠ᠎ᠪᠠᠷ ᠳᠡᠮᠵᠢᠨ᠂ ᠨᠡᠶ᠋ᠢᠲᠡ 676 ᠱᠠᠩᠨᠠᠯ ᠭᠥᠷᠳᠡᠭᠰᠡᠨ ᠪᠦᠲᠦᠭᠡᠯ᠎ᠢ ᠰᠢᠯᠭᠠᠷᠠᠭᠤᠯᠤᠨ
ᠭᠠᠷᠭᠠᠵᠤ᠂ ᠪᠦᠬᠦᠯᠢ ᠴᠣᠭᠴᠠ᠎ᠶᠢᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠪᠡ᠃ ᠤᠷᠤᠯᠳᠤᠭᠠᠨ ᠨᠢ ᠬᠣᠶᠠᠷ
ᠭᠠᠵᠠᠷ᠎ᠤᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠲᠤᠷᠰᠢᠯᠭ᠎ᠠ᠎ᠶᠢ ᠬᠠᠮᠲᠤ ᠪᠠᠷ ᠡᠳ᠋ᠯᠡᠬᠦ ᠪᠠ ᠲᠤᠰᠬᠠᠢ
ᠮᠡᠷᠭᠡᠵᠢᠯ᠎ᠦᠨ ᠰᠣᠯᠢᠯᠴᠠᠭ᠎ᠠ᠎ᠶᠢ ᠪᠦᠲᠦᠮᠵᠢᠲᠡᠢ ᠠᠬᠢᠭᠤᠯᠵᠤ᠂ ᠪᠡᠭᠡᠵᠢᠩ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ
ᠬᠠᠮᠵᠢᠯᠴᠠᠭ᠎ᠠ 《ᠲᠠᠩ ᠴᠢᠭᠯᠡᠯ᠎ᠢᠶᠡᠷ ᠰᠣᠯᠢᠯᠴᠠᠵᠤ》 ᠪᠠᠢᠭᠰᠠᠨ᠎ᠠᠴᠠ 《ᠬᠣᠣᠰ ᠴᠢᠭᠯᠡᠯ᠎ᠢᠶᠡᠷ
ᠠᠭᠤᠰᠤᠯᠴᠠᠬᠤ》 ᠪᠣᠯᠭᠠᠨ ᠬᠤᠪᠢᠷᠠᠭᠤᠯᠬᠤ᠎ᠶᠢ
ᠠᠬᠢᠭᠤᠯᠵᠤ᠂ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠳᠤᠮᠳᠠᠳᠤ᠎ᠶᠢᠨ ᠦᠨᠳᠦᠰᠦᠲᠡᠨ᠎ᠦ
ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠳᠡ ᠦᠭᠡᠢ ᠪᠠᠳᠤ ᠴᠤᠭᠴᠠᠯᠠᠪᠠ᠃