ᠣᠷᠳᠣᠰ ᠬᠤᠲᠠ ᠵᠢᠨ ᠳᠠᠯᠠᠳ
ᠬᠣᠰᠢᠭᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠬ ᠪᠠ
ᠨᠡᠢᠭᠡᠮ᠎ᠤᠨ ᠪᠠᠲᠤᠯᠠᠭ᠎ᠠ ᠵᠢᠨ ᠲᠤᠪᠴᠢᠶ᠎ᠠ 12 ᠰᠠᠷ᠎ᠠ ᠵᠢᠨ 23᠎ᠤ ᠡᠳᠦᠷ᠂ 《ᠳᠠᠯᠠᠳ ᠬᠣᠰᠢᠭᠤᠨ᠎ᠤ 2025 ᠣᠨ᠎ᠤ ᠬᠣᠶᠠᠳᠤᠭᠠᠷ ᠪᠦᠯᠦᠭ᠎ᠦᠨ ᠠᠵᠢᠯ ᠦᠢᠯᠡᠰ᠎ᠦᠨ ᠨᠢᠭᠡᠴᠢ
ᠵᠢᠨ ᠳᠡᠭᠡᠳᠦ ᠲᠠᠰ᠎ᠶᠢᠨ ᠪᠠᠴᠢᠮ ᠱᠠᠭᠠᠷᠳᠠᠭᠳᠠᠵᠤ ᠪᠠᠢᠭ᠎ᠠ ᠴᠢᠳᠠᠪᠤᠷᠢᠲᠠᠨ᠎ᠢ ᠢᠯᠡ᠎ᠪᠡᠷ ᠣᠷᠣᠭᠤᠯᠤᠨ ᠠᠪᠴᠢᠷᠠᠬᠤ
ᠠᠯᠪᠠᠨ ᠵᠠᠷᠯᠠᠯ 》
(ᠳᠤᠷᠤᠬᠰᠢ 《ᠠᠯᠪᠠᠨ
ᠵᠠᠷᠯᠠᠯ》 ᠭᠡᠵᠦ ᠳᠦᠭᠦᠮᠴᠢᠯᠡᠨ᠎ᠡ)ᠨᠡᠢᠲᠡᠯᠡᠵᠦ᠂ ᠳᠡᠭᠡᠳᠦ ᠲᠠᠰ᠎ᠤᠨ ᠪᠠᠴᠢᠮ ᠱᠠᠭᠠᠷᠳᠠᠭᠳᠠᠵᠤ ᠪᠠᠢᠭ᠎ᠠ 28 ᠴᠢᠳᠠᠪᠤᠷᠢᠲᠠᠨ ᠢ ᠢᠯᠡ᠎ᠪᠡᠷ
ᠣᠷᠣᠭᠤᠯᠤᠨ ᠠᠪᠴᠢᠷᠠᠨ᠎ᠠ ᠭᠡᠪᠡ᠃
《ᠠᠯᠪᠠᠨ ᠵᠠᠷᠯᠠᠯ》 ᠳ᠋ᠤ᠂ ᠲᠣᠰ ᠤᠳᠠᠭᠠᠨ᠎ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ᠎ᠢ ᠠᠯᠪᠠᠨ ᠵᠠᠷᠯᠠᠯ
ᠨᠡᠢᠲᠡᠯᠡᠬᠦ᠂ ᠨᠡᠷ᠎ᠡ ᠮᠡᠳᠡᠭᠦᠯᠬᠦ᠂ ᠬᠢᠷᠢ ᠬᠡᠮ᠎ᠦᠨ ᠠᠩᠬᠠᠨ᠎ᠤ ᠬᠢᠨᠠᠯᠲᠠ᠂ ᠪᠢᠴᠢᠭ᠎ᠦᠨ ᠰᠢᠯᠭᠠᠯᠲᠠ᠂ ᠬᠢᠷᠢ
ᠬᠡᠮ᠎ᠦᠨ ᠳᠠᠬᠢᠨ ᠬᠢᠨᠠᠯᠲᠠ᠂ ᠨᠢᠭᠤᠷᠲᠠᠨ ᠰᠢᠯᠭᠠᠯᠲᠠ᠂ ᠪᠡᠶ᠎ᠡ᠎ᠶᠢᠨ ᠪᠠᠢᠴᠠᠭᠠᠯᠲᠠ᠂ ᠰᠢᠯᠭᠠᠨ ᠪᠠᠢᠴᠠᠭᠠᠯᠲᠠ᠂
ᠵᠠᠷᠯᠠᠨ ᠨᠡᠢᠲᠡᠯᠡᠬᠦ᠂ ᠤᠷᠢᠨ ᠬᠡᠷᠡᠭᠯᠡᠬᠦ ᠵᠡᠷᠭᠡ ᠳᠡᠰ ᠳᠠᠷᠠᠭᠠᠯᠠᠯ ᠶᠣᠰᠣᠭᠠᠷ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ
ᠭᠡᠪᠡ᠃
ᠨᠡᠷ᠎ᠡ ᠮᠡᠳᠡᠭᠦᠯᠬᠦ ᠴᠠᠬ᠄ 2025 ᠣᠨ᠎ᠤ 12 ᠰᠠᠷ᠎ᠠ᠎ᠶᠢᠨ 29
ᠦ ᠡᠳᠦᠷ᠎ᠦᠨ 9 ᠄ 00 ᠴᠠᠭ᠎ᠠᠴᠠ 2026 ᠣᠨ᠎ᠤ 1 ᠰᠠᠷ᠎ᠠ᠎ᠶᠢᠨ 4 ᠦ ᠡᠳᠦᠷ᠎ᠦᠨ 17᠄ 00 ᠪᠣᠯᠲᠠᠯ᠎ᠠ᠃
ᠨᠡᠷ᠎ᠡ ᠮᠡᠳᠡᠭᠦᠯᠬᠦ ᠠᠷᠭ᠎ᠠ
ᠮᠠᠶᠢᠭ᠋᠄ ᠨᠡᠷ᠎ᠡ ᠮᠡᠳᠡᠭᠦᠯᠬᠦ ᠠᠵᠢᠯ᠎ᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ
ᠠᠷᠭ᠎ᠠ ᠮᠠᠶᠢᠭ᠋᠎ᠢᠶᠠᠷ ᠶᠠᠪᠤᠭᠳᠠᠭᠤᠯᠵᠤ᠂ ᠨᠡᠷ᠎ᠡ ᠮᠡᠳᠡᠭᠦᠯᠬᠦ ᠨᠥᠬᠥᠴᠡᠯ᠎ᠳᠦ ᠨᠡᠢᠴᠡᠬᠦ ᠪᠣᠶ ᠪᠦᠬᠦᠢ ᠬᠥᠮᠥᠰ
ᠳᠠᠯᠠᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠰᠦᠯᠵᠢᠶ᠎ᠡ ( ᠰᠦᠯᠵᠢᠶᠡᠨ ᠬᠠᠶᠢᠭ᠋ ᠄ http᠄//www.dlt.gov.cn/
) ᠶᠢᠨ 《ᠮᠡᠳᠡᠭᠳᠡᠯ ᠠᠯᠪᠠᠨ ᠵᠠᠷᠯᠠᠯ》 ᠪᠤᠯᠤᠩ᠎ᠳᠤ ᠭᠠᠷᠴᠤ ᠨᠡᠷ᠎ᠡ ᠮᠡᠳᠡᠭᠦᠯᠵᠦ ᠪᠣᠯᠣᠨ᠎ᠠ᠃
《ᠠᠯᠪᠠᠨ ᠵᠠᠷᠯᠠᠯ》 ᠳ᠋ᠤ ᠨᠡᠢᠲᠡᠯᠡᠭᠰᠡᠨ ᠵᠢᠨᠷ᠂ ᠣᠯᠭᠣᠮᠵᠢ᠎ᠶᠢᠨ ᠪᠠᠲᠤᠯᠠᠭ᠎ᠠ ᠵᠢᠨ ᠲᠠᠯ᠎ᠠ ᠪᠡᠷ ᠣᠷᠣᠭᠤᠯᠤᠨ ᠠᠪᠴᠢᠷᠠᠬᠰᠠᠨ ᠴᠢᠳᠠᠪᠤᠷᠢᠲᠠᠨ ᠳ᠋ᠤ ᠠᠵᠢᠯ
ᠦᠢᠯᠡᠰ᠎ᠦᠨ ᠣᠷᠣᠨ ᠲᠣᠭ᠎ᠠ ᠤᠯᠭᠤᠵᠥ᠂ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯ᠎ᠦᠨ
ᠠᠵᠢᠯᠲᠠᠨ᠎ᠤ ᠴᠠᠯᠢᠩ ᠣᠯᠭᠣᠮᠵᠢ᠎ᠶᠢ ᠬᠡᠷᠡᠭᠵᠢᠭᠦᠯᠵᠥ᠂ ᠠᠮᠢᠳᠤᠷᠠᠯ᠎ᠤᠨ ᠨᠥᠬᠥᠪᠦᠷᠢ ᠪᠠ ᠭᠡᠷ ᠪᠦᠯᠢ᠎ᠪᠡᠨ ᠲᠥᠪᠬᠢᠨᠡᠭᠦᠯᠬᠦ
ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ ᠵᠢᠨ ᠲᠠᠯ᠎ᠠ ᠪᠡᠷ᠂ 《ᠣᠷᠳᠣᠰ
ᠬᠣᠲᠠ᠎ᠶᠢᠨ ᠴᠢᠳᠠᠪᠤᠷᠢᠲᠠᠨ᠎ᠤ ᠠᠮᠤᠭᠤᠯᠠᠩ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠬᠡᠷᠡᠭᠵᠢᠭᠦᠯᠬᠦ ᠠᠷᠭ᠎ᠠ》 ᠵᠢᠨ ᠬᠠᠮᠢᠶ᠎ᠠ ᠪᠦᠬᠦᠢ ᠨᠥᠬᠥᠴᠡᠯ᠎ᠳᠦ ᠨᠡᠢᠴᠡᠬᠦ ᠴᠢᠳᠠᠪᠤᠷᠢᠲᠠᠨ ᠳ᠋ᠤ 5 ᠲᠦᠮᠡ᠎ᠡᠴᠡ 40 ᠲᠦᠮᠡᠨ ᠲᠥᠭᠥᠷᠢᠭ᠎ᠦᠨ ᠭᠡᠷ ᠪᠦᠯᠢ ᠪᠡᠨ ᠲᠥᠪᠬᠢᠨᠡᠭᠦᠯᠬᠦ ᠨᠥᠬᠥᠪᠦᠷᠢ
ᠣᠯᠭᠣᠨ᠎ᠠ ᠭᠡᠪᠡ᠃
ᠲᠤᠰ ᠬᠣᠯᠪᠣᠭᠠᠰᠤ ᠵᠢ ᠲᠤᠪᠴᠢᠳᠠᠵᠤ ᠨᠠᠷᠢᠨ ᠠᠭᠤᠯᠭ᠎ᠠ ᠵᠢ ᠤᠢᠯᠠᠭᠠᠭᠠᠷᠠᠢ᠃
ᠢᠷᠡᠯᠲᠡ᠄ ᠳᠡᠬᠦᠯᠢᠯᠳᠠ
ᠬᠠᠮ ᠵᠠᠭᠤᠴᠢᠯᠠᠭᠤᠷ