12 ᠰᠠᠷ᠎ᠠ᠎ᠶᠢᠨ 20 ᠡᠴᠡ 21᠎ᠤ᠋ ᠡᠳᠦᠷ ᠪᠤᠯᠳᠠᠯ᠎ᠠ᠂ 2026 ᠣᠨ᠎ᠤ ᠪᠦᠬᠦ ᠤᠯᠤᠰ᠎ᠤᠨ ᠠᠰᠫᠢᠷᠠᠨᠲ ᠡᠯᠰᠡᠬᠦ ᠰᠢᠯᠭᠠᠯᠲᠠ᠎ᠶᠢᠨ ᠠᠩᠬᠠᠨ᠎ᠤ ᠰᠢᠯᠭᠠᠯᠲᠠ ᠤᠷᠤᠭᠰᠢᠳᠠᠢ ᠶᠠᠪᠤᠭᠳᠠᠵᠦ᠂ ᠥᠪᠥᠷ ᠮᠣᠩᠭᠣᠯ᠎ᠤᠨ12 ᠠᠢᠮᠠᠭ ᠬᠣᠲᠠ ᠵᠢᠴᠢ 10 ᠶᠡᠬᠡ ᠳᠡᠭᠡᠳᠦ ᠰᠤᠷᠭᠠᠭᠤᠯᠢ᠎ᠳᠤ ᠨᠡᠶ᠋ᠢᠲᠡ 54 ᠰᠢᠯᠭᠠᠯᠲᠠ᠎ᠶᠢᠨ ᠴᠡᠭ᠂ 2128 ᠪᠠᠷᠢᠮᠵᠢᠶᠠᠵᠢᠭᠤᠯᠤᠭᠰᠠᠨ ᠰᠢᠯᠭᠠᠯᠲᠠ᠎ᠶᠢᠨ ᠲᠠᠯᠠᠪᠠᠶ ᠳᠤᠬᠢᠷᠠᠭᠤᠯᠵᠦ᠂ 6.3 ᠲᠦᠮᠡᠨ ᠰᠢᠯᠭᠠᠭᠤᠯᠤᠭᠴᠢ ᠰᠢᠯᠭᠠᠯᠳᠠ ᠳ᠋ᠤ ᠤᠷᠤᠯᠴᠠᠪᠠ᠃
ᠰᠢᠯᠭᠠᠯᠲᠠ᠎ᠶᠢᠨ ᠬᠤᠭᠤᠴᠠᠭᠠᠨ᠎ᠳᠤ ᠭᠠᠷᠴᠤ ᠮᠡᠳᠡᠬᠦ ᠭᠡᠨᠡᠳᠲᠡ᠎ᠶᠢᠨ ᠶᠠᠪᠤᠳᠠᠯ᠎ᠢ ᠪᠦᠬᠦ ᠬᠦᠴᠦᠨ᠎ᠢᠶᠡᠷ᠎ᠢᠶᠡᠨ ᠰᠡᠷᠭᠡᠢᠯᠡᠨ ᠰᠢᠢᠳᠪᠦᠷᠢᠯᠡᠬᠦ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠰᠣᠷᠣᠭ᠍ᠴᠢ ᠡᠯᠰᠡᠬᠦ ᠰᠢᠯᠭᠠᠯᠲᠠ᠎ᠶᠢᠨ ᠵᠥᠪᠯᠡᠯ᠎ᠤᠨ ᠬᠢᠨ ᠨᠢᠭᠡᠳᠦᠯᠲᠡᠢ ᠲᠥᠯᠥᠪᠯᠡᠬᠦ᠎ᠪᠡᠨ ᠴᠢᠩᠭᠠᠳᠬᠠᠵᠤ᠂ ᠣᠯᠠᠨ ᠰᠠᠯᠠᠭ᠎ᠠ ᠮᠥᠴᠢᠷ᠎ᠦᠨ ᠬᠠᠮᠲᠤᠷᠠᠨ ᠠᠵᠢᠯᠯᠠᠬᠤ ᠳᠦᠷᠢᠮ᠎ᠢ ᠪᠠᠢᠭᠤᠯᠤᠨ᠂ ᠰᠤᠷᠭᠠᠨ ᠬᠥᠮᠦᠵᠢᠯ᠂ ᠳᠣᠲᠣᠭᠠᠳᠤ᠎ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ᠂ ᠴᠢᠮᠡᠭᠡ ᠬᠣᠯᠪᠣᠭ᠎ᠠ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠴᠠᠬᠢᠯᠭᠠᠨ ᠬᠦᠴᠦᠨ ᠵᠡᠷᠭᠡ ᠣᠯᠠᠨ ᠪᠦᠷᠢᠯᠳᠦᠭᠦᠨ ᠨᠢᠭᠡᠴᠢ ᠵᠢᠨ ᠬᠢᠨᠢ ᠡᠯ᠎ᠡ ᠰᠢᠯᠭᠠᠯᠲᠠ᠎ᠶᠢᠨ ᠲᠣᠭᠣᠷᠢᠭ᠋᠎ᠤᠨ ᠤᠯᠤᠰ᠎ᠤᠨ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠰᠢᠯᠭᠠᠯᠲᠠ᠎ᠶᠢᠨ ᠶᠠᠪᠤᠳᠠᠯ᠎ᠤᠨ ᠵᠢᠯᠤᠭᠣᠳᠬᠤ ᠲᠥᠪ᠎ᠲᠦ ᠲᠥᠪᠯᠡᠷᠡᠭᠦᠯᠦᠨ ᠠᠵᠢᠯᠯᠠᠭᠤᠯᠵᠤ᠂ ᠨᠢᠭᠡᠳᠦᠯᠲᠡᠢ ᠲᠣᠬᠢᠷᠠᠭᠤᠯᠬᠤ᠂ ᠲᠦᠷᠭᠡᠨ ᠴᠤᠤᠷᠢᠶᠠᠳᠤᠬᠤ ᠠᠵᠢᠯ᠎ᠤᠨ ᠲᠣᠭᠲᠠᠴᠠ᠎ᠶᠢ ᠨᠠᠢᠳᠠᠪᠤᠷᠢᠵᠢᠭᠤᠯᠪᠠ᠃ ᠡᠭᠦᠨ᠎ᠡᠴᠡ ᠭᠠᠳᠠᠨ᠎ᠠ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ 22 ᠰᠢᠯᠭᠠᠯᠳᠠ ᠵᠢᠨ ᠲᠣᠭᠣᠷᠢᠨ ᠪᠠᠢᠴᠠᠭᠠᠬᠤ ᠳᠤᠭᠤᠢᠯᠠᠩ ᠲᠣᠮᠢᠯᠠᠨ ᠡᠯ᠎ᠡ ᠰᠢᠯᠭᠠᠯᠲᠠ᠎ᠶᠢᠨ ᠴᠡᠭ᠎ᠲᠦ ᠣᠴᠢᠭᠤᠯᠵᠤ ᠪᠥᠬᠥ ᠶᠠᠪᠤᠴᠠ᠎ᠳᠤ ᠲᠤᠬᠠᠢ᠎ᠶᠢᠨ ᠭᠠᠵᠠᠷ ᠲᠤᠨᠢ ᠰᠢᠯᠭᠠᠯᠳᠠ ᠵᠢ ᠲᠣᠭᠣᠷᠢᠨ ᠪᠠᠢᠴᠠᠭᠠᠵᠤ᠂ ᠰᠢᠯᠭᠠᠯᠲᠠ᠎ᠶᠢᠨ ᠶᠠᠪᠤᠴᠠ᠎ᠶᠢᠨ ᠵᠢᠷᠤᠮᠵᠢᠯ᠂ ᠰᠢᠯᠭᠠᠯᠲᠠ᠎ᠶᠢᠨ ᠲᠠᠯᠠᠪᠠᠢ ᠵᠢᠨ ᠰᠠᠬᠢᠯᠭ᠎ᠠ ᠪᠠᠲᠤ᠎ᠶᠢ ᠬᠡᠷᠡᠭᠵᠢᠭᠦᠯᠦᠭᠰᠡᠨ ᠪᠠᠢᠳᠠᠯ ᠵᠡᠷᠭᠡ᠎ᠶᠢ ᠭᠣᠣᠯᠳᠠᠯᠭ᠎ᠠ᠎ᠲᠠᠢ ᠱᠠᠯᠠᠪᠳᠠᠭᠤᠯᠤᠨ ᠪᠠᠢᠴᠠᠭᠠᠵᠤ᠂ ᠡᠯ᠎ᠡ ᠰᠢᠯᠭᠠᠯᠲᠠ᠎ᠶᠢᠨ ᠴᠡᠭ᠎ᠦᠨ ᠰᠢᠯᠭᠠᠯᠲᠠ᠎ᠶᠢᠨ ᠶᠠᠪᠤᠳᠠᠯ᠎ᠤᠨ ᠠᠵᠢᠯᠲᠠᠳ᠎ᠲᠠᠢ ᠬᠠᠮᠲᠤ᠎ᠪᠠᠷ ᠰᠢᠯᠭᠠᠯᠲᠠ᠎ᠶᠢᠨ ᠡᠯ᠎ᠡ ᠭᠣᠭᠴᠣᠭ᠎ᠠ᠎ᠶᠢ ᠣᠨᠣᠪᠴᠢᠲᠠᠶ ᠡᠵᠡᠮᠳᠡᠵᠦ᠂ ᠰᠢᠯᠭᠠᠯᠲᠠ᠎ᠶᠢᠨ ᠲᠠᠯᠠᠪᠠᠢ ᠵᠢᠨ ᠡᠮᠬᠢ ᠲᠢᠭᠯᠢᠮ᠎ᠢ ᠦᠨᠡᠨ ᠬᠦ᠌ ᠵᠢᠷᠤᠮᠯᠠᠨ᠂ ᠰᠢᠯᠭᠠᠭᠤᠯᠤᠭ᠍ᠴᠢ᠎ᠳᠤ ᠡᠷᠬᠡ ᠲᠡᠭᠰᠢ ᠲᠥᠪ ᠭᠣᠥᠯᠴᠢ ᠰᠢᠯᠭᠠᠯᠲᠠ᠎ᠶᠢᠨ ᠠᠭᠤᠷ ᠠᠮᠢᠰᠬᠤᠯ᠎ᠢ ᠪᠣᠶ ᠪᠣᠯᠭᠠᠵᠦ ᠦᠭᠴᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号