12 ᠰᠠᠷ᠎ᠠ᠎ᠶᠢᠨ 20 ᠡᠴᠡ 21᠎ᠤ᠋ ᠡᠳᠦᠷ ᠪᠣᠯᠲᠠᠯ᠎ᠠ᠂ ᠪᠡᠭᠡᠵᠢᠩ ᠲᠢᠶᠠᠨᠵᠢᠨ ᠡᡁᠧᠪᠸᠢ ᠥᠪᠥᠷ ᠮᠣᠩᠭᠣᠯ ᠲᠦᠷᠪᠡᠨ ᠭᠠᠵᠠᠷ᠎ᠤᠨ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠬᠠᠮᠲᠤᠷᠠᠨ ᠭᠤᠤᠯᠯᠠᠨ ᠡᠷᠬᠢᠯᠡᠭᠰᠡᠨ ᠠᠩᠬᠠᠳᠤᠭᠠᠷ ᠬᠤᠭᠤᠴᠠᠭᠠᠨ᠎ᠤ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠵᠢᠭᠠᠨ ᠰᠤᠷᠭᠠᠯᠲᠠ᠎ᠶᠢᠨ ᠤᠷᠤᠯᠳᠤᠭᠠᠨ ᠵᠢᠴᠢ ᠲᠠᠪᠤᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠵᠢᠭᠠᠨ ᠰᠤᠷᠭᠠᠯᠲᠠ᠎ᠶᠢᠨ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃
ᠲᠣᠰ ᠤᠳᠠᠭᠠᠨ᠎ᠤ ᠤᠷᠤᠯᠳᠤᠭᠠᠨ ᠪᠣᠯ ᠳᠥᠷᠪᠡᠨ ᠭᠠᠵᠠᠷ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠤᠷᠤᠯᠳᠤᠭᠠᠨ ᠨᠢ 7 ᠰᠠᠷ᠎ᠠ᠎ᠶᠢᠨ ᠬᠤᠭᠤᠴᠠᠭ᠎ᠠ ᠳᠠᠢ ᠶᠠᠪᠤᠭᠳᠠᠵᠤ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ 58 ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ 2000 ᠭᠠᠷᠤᠢ ᠪᠠᠭ᠍ᠰᠢ ᠤᠷᠤᠯᠴᠠᠵᠤ᠂ ᠰᠤᠷᠭᠠᠭᠤᠯᠢ᠎ᠶᠢᠨ ᠤᠷᠤᠯᠳᠤᠭᠠᠨ᠎ᠤ ᠰᠢᠯᠭᠠᠷᠠᠭᠤᠯᠤᠯᠲᠠ᠂ ᠰᠦᠯᠵᠢᠶᠡᠨ᠎ᠦ ᠰᠢᠯᠭᠠᠷᠠᠭᠤᠯᠤᠯᠲᠠ᠎ᠶᠢᠨ ᠬᠣᠶᠠᠳᠠᠭᠢ ᠤᠷᠤᠯᠳᠤᠭᠠᠨ ᠪᠠ ᠣᠷᠣᠨ ᠪᠦᠰᠡ᠎ᠶᠢᠨ ᠰᠢᠢᠳᠪᠦᠷᠢᠲᠦ ᠤᠷᠤᠯᠳᠤᠭᠠᠨ ᠵᠡᠷᠭᠡ ᠭᠤᠷᠪᠠᠨ ᠱᠠᠲᠤᠨ᠎ᠤ ᠰᠢᠷᠦᠭᠦᠨ ᠥᠷᠢᠰᠦᠯᠳᠦᠭᠡᠨ᠎ᠢᠶᠡᠷ ᠳᠡᠮᠵᠢᠨ᠂ 5 ᠣᠨᠴᠠ ᠲᠠᠰ᠎ᠤᠨ ᠱᠠᠩᠨᠠᠯ᠂ 22 ᠨᠢᠭᠡᠳᠦᠭᠡᠷ ᠳᠡᠰ᠎ᠤᠨ ᠱᠠᠩᠨᠠᠯ᠂ 50 ᠬᠣᠶᠠᠳᠤᠭᠠᠷ ᠳᠡᠰ᠎ᠤᠨ ᠱᠠᠩᠨᠠᠯ ᠢ᠋ ᠰᠢᠯᠭᠠᠷᠠᠭᠤᠯᠵᠤ᠂ 9 ᠶᠡᠬᠡ ᠳᠡᠭᠡᠳᠦ ᠰᠤᠷᠭᠠᠭᠤᠯᠢ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯ ᠭᠥᠷᠳᠡᠪᠡ᠃ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠳᠬᠠᠬᠤ᠎ᠶᠢᠨ ᠲᠥᠯᠥᠭᠡ᠂ ᠤᠷᠤᠯᠳᠤᠭᠠᠨ᠎ᠤ ᠬᠤᠭᠤᠴᠠᠭᠠᠨ᠎ᠳᠦ ᠳᠤᠰᠬᠠᠢᠯᠠᠨ 《ᠫᠷᠤᠹᠧᠰᠰᠤᠷ᠎ᠤᠨ ᠵᠢᠱ᠌ᠢᠶ᠎ᠡ ᠦᠵᠡᠭᠦᠯᠬᠦ ᠬᠢᠴᠢᠶᠡᠯ᠎ᠦᠨ ᠦᠵᠡᠭᠦᠯᠭᠡ》 ᠲᠣᠬᠢᠷᠠᠭᠤᠯᠵᠤ᠂ ᠪᠡᠭᠡᠵᠢᠩ᠎ᠦᠨ ᠴᠠᠭᠳᠠᠭᠠᠨ᠎ᠤ ᠳᠡᠭᠡᠳᠦ ᠰᠤᠷᠭᠠᠭᠤᠯᠢ᠎ᠶᠢᠨ ᠫᠷᠤᠹᠧᠰᠰᠤᠷ ᠰᠦᠩ ᠮᠢᠶᠣᠣ᠂ ᠲᠢᠶᠠᠨᠵᠢᠨ᠎ᠤ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠫᠷᠤᠹᠧᠰᠰᠤᠷ ᠵᠠᠩ ᠰᠧ ᠸᠧᠨ᠂ ᠱᠢ ᠵᠢᠶᠠ ᠵᠤᠸᠠᠩ ᠳᠡᠭᠡᠳᠦ ᠰᠤᠷᠭᠠᠭᠤᠯᠢ᠎ᠶᠢᠨ ᠫᠷᠤᠹᠧᠰᠰᠤᠷ ᠾᠧ ᠵᠢᠶᠦ᠋ᠨ ᠯᠢᠶᠠᠩ ᠢ᠋ ᠤᠷᠢᠵᠤ ᠲᠤᠰ ᠲᠤᠰ ᠭᠤᠷᠪᠠᠨ ᠭᠠᠵᠠᠷ᠎ᠢ ᠲᠥᠯᠥᠭᠡᠯᠡᠨ ᠵᠢᠭᠠᠨ ᠰᠤᠷᠭᠠᠯᠲᠠ᠎ᠶᠢᠨ ᠵᠢᠱ᠌ᠢᠶ᠎ᠡ ᠦᠵᠡᠭᠦᠯᠬᠦᠬᠢᠴᠢᠶᠡᠯ ᠤᠷᠤᠵᠠᠢ᠃
ᠤᠷᠤᠯᠳᠤᠭᠠᠨ ᠨᠢ ᠣᠷᠣᠨ ᠪᠦᠰᠡ ᠠᠯᠤᠰᠯᠠᠭᠰᠠᠨ ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠪᠠᠢᠭᠤᠯᠤᠯᠲᠠ᠎ᠶᠢᠨ ᠰᠢᠨ᠎ᠡ ᠵᠠᠭᠪᠤᠷ᠎ᠢ ᠡᠭᠦᠳᠴᠦ᠂ ᠥᠨᠳᠥᠷ ᠬᠢᠷᠢ ᠲᠦᠪᠰᠢᠨ ᠪᠦᠬᠦᠢ ᠵᠢᠭᠠᠨ ᠰᠤᠷᠭᠠᠯᠲᠠ᠎ᠶᠢᠨ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠪᠠᠢᠩᠭᠤᠵᠢᠭ᠍ᠰᠠᠨ ᠣᠷᠣᠨ ᠪᠦᠰᠡ᠎ᠶᠢᠨ ᠬᠠᠮᠵᠢᠯᠴᠠᠭᠠᠨ᠎ᠤ ᠲᠣᠭᠲᠠᠴᠠ᠎ᠶᠢ ᠪᠠᠢᠭᠤᠯᠤᠭᠰᠠᠨ᠎ᠢᠶᠠᠷ ᠪᠠᠷᠠᠬᠤ ᠦᠭᠡᠢ᠂ ᠨᠡᠩ ᠴᠤ᠌ ᠣᠷᠣᠨ ᠪᠦᠰᠡ᠎ᠶᠢᠨ ᠬᠣᠭᠣᠷᠣᠨᠳᠣᠬᠢ ᠵᠢᠭᠠᠨ ᠰᠤᠷᠭᠠᠯᠲᠠ᠎ᠶᠢᠨ ᠣᠢᠯᠠᠭᠠᠭᠳᠠᠬᠤᠨ ᠪᠣᠯᠣᠨ ᠠᠷᠭ᠎ᠠ ᠪᠠᠷᠢᠯ᠎ᠤᠨ ᠰᠣᠯᠢᠯᠴᠠᠭ᠎ᠠ ᠵᠢ ᠠᠬᠢᠭᠤᠯᠵᠤ᠂ ᠨᠢᠭᠡ ᠪᠦᠯᠦᠭ ᠳᠡᠯᠭᠡᠷᠡᠭᠦᠯᠵᠦ ᠪᠣᠯᠬᠤᠢᠴᠠ ᠰᠢᠯᠢᠳᠡᠭ ᠵᠢᠭᠠᠨ ᠰᠤᠷᠭᠠᠯᠲᠠ᠎ᠶᠢᠨ ᠵᠢᠱ᠌ᠢᠶ᠎ᠡ᠎ᠶᠢ ᠳᠡᠯᠬᠡᠵᠦ᠂ ᠲᠦᠷᠪᠡᠨ ᠭᠠᠵᠠᠷ᠎ᠤᠨ ᠪᠠᠭ᠍ᠰᠢ᠎ᠶᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠲᠠᠯ᠎ᠠ᠎ᠪᠠᠷ ᠬᠢ ᠢᠳᠡᠪᠬᠢᠲᠡᠢ ᠰᠦᠪᠡᠭᠴᠢᠯᠡᠯᠲᠡ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃