ᠥᠪᠥᠷ ᠮᠣᠩᠭᠣᠯ ᠳ᠋ᠤ ᠳᠤᠮᠳᠠᠳᠤ ᠭᠠᠳᠠᠭᠠᠳᠤ᠎ᠶᠢᠨ ᠬᠠᠮᠲᠤᠷᠠᠨ ᠰᠤᠷᠭᠠᠭᠤᠯᠢ ᠡᠷᠭᠢᠯᠡᠬᠦ 4 ᠲᠥᠷᠥᠯ ᠵᠦᠢᠯ ᠨᠡᠮᠡᠭᠳᠡᠪᠡ
2025-12-25 10:45:50
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ ᠎ᠤ ᠰᠤᠷᠭᠠᠨ ᠬᠥᠮᠦᠵᠢᠯ ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ ᠰᠤᠷᠭᠠᠨ ᠬᠥᠮᠦᠵᠢᠯ ᠎ᠦᠨ ᠶᠠᠮᠤᠨ ᠡᠴᠡ ᠤᠢᠷ᠎ᠠ ᠳ᠋ᠤ ᠥᠪᠥᠷ ᠮᠣᠩᠭᠣᠯ ᠎ᠤᠨ ᠰᠢᠨ᠎ᠡ ᠪᠡᠷ ᠪᠠᠢᠭᠤᠯᠤᠭᠰᠠᠨ ᠲᠤᠰᠬᠠᠢ ᠮᠡᠷᠭᠡᠵᠢᠯ ᠎ᠦᠨ ᠲᠠᠰ ᠳᠠᠪᠬᠤᠷᠭ᠎ᠠ᠎ᠶᠢᠨ ᠳᠤᠮᠳᠠᠳᠤ ᠭᠠᠳᠠᠭᠠᠳᠤ᠎ᠶᠢᠨ ᠬᠠᠮᠲᠤᠷᠠᠨ ᠰᠤᠷᠭᠠᠭᠤᠯᠢ ᠡᠷᠭᠢᠯᠡᠬᠦ 4 ᠲᠥᠷᠥᠯ ᠵᠦᠢᠯ᠎ᠤᠨ ᠳᠠᠩᠰᠠᠯᠠᠭᠤᠯᠤᠯᠳᠠ ᠵᠢ ᠴᠣᠬᠣᠯᠠᠪᠤᠷᠢᠯᠠᠨ ᠵᠥᠪᠰᠢᠶᠡᠷᠡᠵᠠᠢ᠃ ᠤᠳᠤᠬᠠᠨ ᠪᠤᠯᠳᠠᠯ᠎ᠠ ᠥᠪᠥᠷ ᠮᠣᠩᠭᠣᠯ ᠎ᠤᠨ  ᠲᠤᠰᠬᠠᠢ ᠮᠡᠷᠭᠡᠵᠢᠯ ᠎ᠦᠨ ᠲᠠᠰ ᠳᠠᠪᠬᠤᠷᠭ᠎ᠠ ᠎ᠶᠢᠨ ᠳᠤᠮᠳᠠᠳᠤ ᠭᠠᠳᠠᠭᠠᠳᠤ ᠎ᠶᠢᠨ ᠬᠠᠮᠲᠤᠷᠠᠨ ᠰᠤᠷᠭᠠᠭᠤᠯᠢ ᠡᠷᠭᠢᠯᠡᠬᠦ ᠲᠥᠷᠥᠯ ᠵᠦᠢᠯ 11 ᠪᠣᠯᠣᠨ ᠨᠡᠮᠡᠭᠳᠡᠵᠡᠢ᠃

ᠣᠢᠯᠠᠭᠠᠭᠰᠠᠨ᠎ᠢᠶᠠᠷ᠂ ᠰᠢᠨ᠎ᠡ᠎ᠪᠡᠷ ᠪᠠᠢᠭᠤᠯᠤᠭᠰᠠᠨ 4 ᠲᠤᠰᠬᠠᠢ ᠮᠡᠷᠭᠡᠵᠢᠯ᠎ᠦᠨ ᠲᠠᠰ ᠳᠠᠪᠬᠤᠷᠭ᠎ᠠ᠎ᠶᠢᠨ ᠳᠤᠮᠳᠠᠳᠤ ᠭᠠᠳᠠᠭᠠᠳᠤ᠎ᠶᠢᠨ ᠬᠠᠮᠲᠤᠷᠠᠨ ᠰᠤᠷᠭᠠᠭᠤᠯᠢ ᠡᠷᠭᠢᠯᠡᠬᠦ ᠲᠥᠷᠥᠯ ᠵᠦᠢᠯ ᠎ᠦᠨ ᠲᠤᠰᠬᠠᠢ ᠮᠡᠷᠭᠡᠵᠢᠯ ᠨᠢ ᠮᠠᠰᠢᠨ ᠴᠠᠬᠢᠯᠭᠠᠨ᠎ᠢ᠋ ᠨᠢᠭᠡ ᠴᠣᠭᠴᠠᠵᠢᠭᠤᠯᠤᠭᠰᠠᠨ ᠮᠡᠷᠭᠡᠵᠢᠯ᠂ ᠬᠡᠷᠡᠭᠯᠡᠬᠡᠨ᠎ᠤ ᠣᠷᠣᠰ ᠬᠡᠯᠡ᠂ ᠲᠡᠮᠦᠷ ᠵᠠᠮ ᠎ᠤᠨ ᠵᠠᠮ ᠬᠠᠷᠢᠯᠴᠠᠭᠠᠨ᠎ᠤ ᠡᠵᠡᠩᠨᠡᠯᠲᠡ ᠬᠠᠮᠢᠶᠠᠷᠤᠯᠲᠠ ᠲᠠᠢ ᠬᠤᠯᠪᠤᠭᠳᠠᠪᠠ᠃ ᠲᠦᠷᠦᠯ ᠵᠦᠢᠯ ᠎ᠢ ᠡᠷᠬᠢᠯᠡᠬᠦ ᠳᠤᠮᠳᠠᠳᠤ ᠵᠢᠨ ᠳᠠᠯ᠎ᠠ ᠵᠢᠨ ᠶᠡᠬᠡ ᠳᠡᠬᠡᠳᠤ ᠰᠤᠷᠭᠠᠭᠤᠯᠢ ᠨᠢ ᠪᠤᠭᠤᠲᠤ᠎ᠶᠢᠨ ᠲᠡᠮᠦᠷ ᠵᠠᠮ᠎ᠤᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠮᠠᠨᠵᠤᠤᠷ ᠎ᠤᠨ ᠣᠷᠣᠰ ᠬᠡᠯᠡᠨ᠎ᠦ ᠠᠵᠢᠯ ᠮᠡᠷᠭᠡᠵᠢᠯ ᠎ᠦᠨ ᠳᠡᠭᠡᠳᠦ ᠰᠤᠷᠭᠠᠭᠤᠯᠢ ᠵᠡᠷᠭᠡ 4 ᠶᠡᠬᠡ ᠳᠡᠭᠡᠳᠦ ᠰᠤᠷᠭᠠᠭᠤᠯᠢ ᠪᠣᠯᠣᠨ᠎ᠠ᠃ 4 ᠶᠡᠬᠡ ᠳᠡᠭᠡᠳᠦ ᠰᠤᠷᠭᠠᠭᠤᠯᠢ ᠨᠢ ᠭᠠᠳᠠᠭᠠᠳᠤ᠎ᠶᠢᠨ ᠬᠢᠨ ᠎ᠲᠠᠢ ᠴᠢᠳᠠᠪᠤᠷᠢᠲᠠᠨ᠎ᠢ ᠬᠥᠮᠥᠵᠢᠭᠦᠯᠬᠦ ᠲᠥᠰᠥᠯ᠎ᠢᠶᠡᠨ ᠢᠳᠡᠪᠬᠢᠲᠡᠢ ᠵᠣᠯᠭᠠᠭᠤᠯᠵᠤ᠂ ᠭᠠᠳᠠᠭᠠᠳᠤ ᠎ᠶᠢᠨ ᠰᠢᠯᠢᠳᠡᠭ ᠰᠤᠷᠭᠠᠨ ᠬᠥᠮᠦᠵᠢᠯ᠎ᠦᠨ ᠵᠠᠭᠪᠤᠷ ᠪᠠ ᠰᠤᠷᠭᠠᠨ ᠬᠥᠮᠦᠵᠢᠯ᠎ᠦᠨ ᠡᠬᠢ ᠪᠠᠶᠠᠯᠢᠭ᠋ ᠎ᠢ ᠣᠷᠣᠭᠤᠯᠤᠨ ᠠᠪᠴᠢᠷᠠᠵᠤ᠂ ᠰᠤᠷᠭᠠᠭᠤᠯᠢ᠎ᠶᠢᠨ ᠳᠡᠯᠡᠬᠡᠢᠴᠢᠯᠡᠭᠰᠡᠨ ᠰᠤᠷᠭᠠᠭᠤᠯᠢ ᠡᠷᠭᠢᠯᠡᠬᠦ ᠲᠦᠪᠰᠢᠨ᠎ᠢ ᠳᠡᠭᠡᠭᠰᠢᠯᠡᠭᠦᠯᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠡᠷᠡᠭᠴᠡᠭᠡ ᠎ᠳᠦ  ᠦᠢᠯᠡᠴᠢᠯᠡᠬᠦ  ᠪᠤᠯᠤᠨ᠎ᠠ᠃

ᠣᠢᠷ᠎ᠠ᠎ᠶᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠰᠤᠷᠭᠠᠨ ᠬᠥᠮᠦᠵᠢᠯ᠎ᠦᠨ ᠶᠠᠮᠤᠨ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠦᠮᠦᠵᠢᠯ᠎ᠤᠨ ᠭᠠᠳᠠᠭᠠᠳᠤ᠎ᠯᠤᠭ᠎ᠠ ᠨᠡᠬᠡᠬᠡᠯᠳᠡ ᠬᠢᠬᠦ ᠱᠠᠭᠠᠷᠳᠠᠯᠭ᠎ᠠ ᠵᠢ ᠬᠢᠨᠠᠮᠠᠭᠠᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠠᠮᠳᠤᠷᠠᠨ ᠰᠤᠷᠭᠠᠭᠤᠯᠢ ᠡᠷᠭᠢᠯᠡᠬᠦ ᠠᠵᠢᠯ᠎ᠢ ᠰᠢᠨᠵᠢᠯᠡᠬᠦ ᠤᠬᠠᠭᠠᠨᠴᠢ᠎ᠪᠠᠷ ᠲᠥᠯᠥᠪᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠭᠠᠳᠠᠭᠠᠳᠤ᠎ᠶᠢᠨ ᠬᠠᠮᠳᠤᠷᠠᠨ ᠰᠤᠷᠭᠠᠭᠤᠯᠢ ᠡᠷᠭᠢᠯᠡᠬᠦ ᠬᠠᠮᠢᠶᠠᠷᠤᠯᠲᠠ᠎ᠶᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠲᠣᠭᠲᠠᠭᠠᠨ ᠨᠡᠢᠲᠡᠯᠡᠵᠦ᠂ ᠲᠤᠰᠬᠠᠢ ᠰᠡᠳᠦᠪᠲᠦ ᠲᠠᠢᠯᠤᠮᠵᠢ ᠬᠢᠬᠦ᠂ ᠭᠤᠶᠤᠴᠢᠯᠠᠨ ᠮᠡᠳᠡᠭᠦᠯᠵᠦ ᠵᠢᠭᠠᠨ ᠵᠢᠯᠤᠭᠣᠳᠬᠤ᠂ ᠲᠤᠬᠠᠢᠯᠠᠭᠰᠠᠨ ᠠᠵᠢᠯ᠎ᠤᠨ ᠪᠣᠯᠪᠠᠰᠤᠷᠠᠯ ᠬᠦᠷᠳᠡᠬᠡᠬᠦ᠂ ᠰᠢᠨᠵᠢᠯᠡᠨ ᠪᠠᠢᠴᠠᠭᠠᠵᠤ ᠰᠤᠷᠤᠯᠴᠠᠬᠤ ᠵᠡᠷᠭᠡ ᠬᠡᠯᠪᠡᠷᠢ᠎ᠪᠡᠷ ᠳᠠᠮᠵᠢᠨ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠳᠤᠮᠳᠠᠳᠤ ᠭᠠᠳᠠᠭᠠᠳᠤ᠎ᠶᠢᠨ ᠬᠠᠮᠳᠤᠷᠠᠨ ᠰᠤᠷᠭᠠᠭᠤᠯᠢ ᠡᠷᠭᠢᠯᠡᠬᠦ ᠠᠵᠢᠯ᠎ᠳᠤ ᠣᠷᠣᠯᠴᠠᠬᠤ ᠢᠳᠡᠪᠬᠢᠵᠢᠯ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ ᠳᠤᠮᠳᠠᠳᠤ ᠭᠠᠳᠠᠭᠠᠳᠤ᠎ᠶᠢᠨ ᠬᠠᠮᠳᠤᠷᠠᠨ ᠰᠤᠷᠭᠠᠭᠤᠯᠢ ᠡᠷᠭᠢᠯᠡᠬᠦ ᠠᠵᠢᠯ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号