ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ᠎ᠵᠢᠨ ᠠᠭᠤᠯᠭ᠎ᠠ ᠵᠢ ᠪᠠᠶᠠᠯᠢᠭ᠍ᠵᠢᠭᠤᠯᠪᠠ
2025-12-25 10:15:59
ᠵᠣᠬᠢᠶᠠᠭ᠍ᠴᠢ᠄
ᠵᠤ᠌ ᠶᠤᠸᠠᠨ ᠯᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 17᠎ᠤ᠋ ᠡᠳᠦᠷ᠂ ᠱᠢᠯᠢᠩᠬᠣᠲᠠ᠎ᠶ᠋ᠢᠨ ᠶᠢᠦ ᠲᠢᠶᠠᠨ ᠰᠤᠷᠭᠠᠭᠤᠯᠢ᠎ᠶ᠋ᠢᠨ ᠳᠣᠯᠣᠳᠤᠭᠠᠷ ᠬᠤᠭᠤᠴᠠᠭᠠᠨ᠎ᠤ ᠰᠤᠷᠭᠠᠭᠤᠯᠢ᠎ᠶ᠋ᠢᠨ ᠬᠦᠷᠢᠶᠡᠨ᠎ᠦ ᠵᠦᠴᠦᠭᠡ᠎ᠶ᠋ᠢᠨ ᠲᠣᠭ᠍ᠯᠠᠯᠲᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠲᠣᠰ ᠰᠤᠷᠭᠠᠭᠤᠯᠢ᠎ᠶ᠋ᠢᠨ ᠰᠣᠷᠣᠭ᠍ᠴᠢᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠲᠣᠭ᠍ᠯᠠᠯᠲᠠ ᠬᠢᠵᠦ᠍ ᠪᠠᠢᠯ᠎ᠠ᠃

ᠲᠤᠬᠠᠢ᠎ᠶ᠋ᠢᠨ ᠲᠠᠯᠠᠪᠠᠢ᠎ᠳᠤ᠂ 《ᠲᠠᠪᠤᠨ ᠰᠠᠷ᠎ᠠ᠎ᠶ᠋ᠢᠨ ᠲᠦᠷᠪᠡᠨ᠎ᠦ ᠬᠥᠳᠡᠯᠭᠡᠭᠡᠨ — ᠥᠷ ᠴᠠᠢᠯ᠎ᠠ》᠂ 《ᠬᠠᠮᠤᠭ ᠰᠡᠭᠦᠯᠴᠢ᠎ᠶ᠋ᠢᠨ ᠨᠢᠭᠡ ᠤᠳᠠᠭ᠎ᠠ᠎ᠶ᠋ᠢᠨ ᠶᠠᠷᠢᠶ᠎ᠠ ᠢᠯᠡᠳᠭᠡᠯ》 ᠵᠡᠷᠭᠡ ᠬᠢᠴᠢᠶᠡᠯ᠎ᠦᠨ ᠪᠢᠴᠢᠭ᠎ᠤᠨ  ᠠᠭᠤᠯᠭ᠎ᠠ ᠵᠢ ᠵᠦᠴᠦᠭᠡᠯᠡᠨ  ᠲᠣᠭ᠍ᠯᠠᠪᠠ᠂ ᠡᠨᠡ ᠬᠦ᠌ 《ᠰᠣᠶᠣᠯ᠎ᠤᠨ ᠰᠢᠯᠢᠳᠡᠭ ᠦᠪ᠎ᠤᠨ ᠤᠯᠠᠮᠵᠢᠯᠠᠯ᠂ ᠤᠷᠢ ᠵᠠᠯᠠᠭᠤ ᠨᠠᠰᠤᠨ᠎ᠤ ᠴᠤᠤᠷᠢᠶ᠎ᠠ》 ᠪᠡᠷ ᠭᠣᠣᠯ ᠰᠡᠳᠦᠪ ᠪᠣᠯᠭᠠᠭ᠍ᠰᠠᠨ ᠬᠢᠴᠢᠶᠡᠯ᠎ᠦᠨ ᠪᠢᠴᠢᠭ᠎ᠦᠨ ᠵᠦᠴᠦᠭᠡ᠎ᠶ᠋ᠢᠨ ᠦᠵᠡᠭᠦᠯᠭᠡ᠎ᠳᠦ᠂ ᠥᠷᠭᠡᠨ ᠤᠯᠠᠨ ᠪᠠᠭ᠍ᠰᠢ ᠰᠤᠷᠤᠭ᠍ᠴᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠣᠳᠠᠲᠠᠢ ᠪᠠᠢᠳᠠᠯ ᠪᠣᠯᠤᠨ ᠦᠢᠯᠡᠳᠦᠯᠭᠡ᠎ᠳᠤ ᠠᠭᠤᠰᠤᠯᠴᠠᠭᠤᠯᠵᠦ᠍᠂ ᠰᠤᠷᠤᠯᠴᠠᠯᠭ᠎ᠠ᠎ᠶ᠋ᠢ ᠨᠡᠩ ᠠᠮᠢᠳᠤᠯᠢᠭ᠂ ᠦᠷ᠎ᠡ ᠪᠦᠲᠦᠮᠵᠢ᠎ᠶ᠋ᠢ ᠨᠡᠩ ᠳᠤᠪᠤᠢ᠌ᠮ᠎ᠠ ᠪᠣᠯᠭᠠᠵᠠᠢ᠃ ᠲᠡᠳᠡ ᠲᠣᠭ᠍ᠯᠠᠯᠲᠠ᠎ᠶ᠋ᠢᠨ ᠳᠤᠮᠳᠠ ᠥᠪᠡᠷ᠎ᠦᠨ ᠣᠢᠯᠠᠭᠠᠯᠲᠠ ᠪᠠ ᠬᠠᠢᠷ᠎ᠠ ᠰᠡᠳᠭᠢᠯᠭᠡ᠎ᠪᠡᠨ ᠠᠭᠤᠰᠭᠠᠨ ᠱᠢᠩᠭᠡᠭᠡᠵᠦ᠍᠂ ᠵᠦᠴᠦᠭᠡ  ᠪᠦᠷᠢ᠎ᠶ᠋ᠢ ᠠᠮᠢᠳᠤᠯᠢᠭ ᠰᠠᠢᠬᠠᠨ ᠪᠣᠯᠭᠠᠭ᠍ᠰᠠᠨ ᠪᠠᠢᠨ᠎ᠠ᠃

《ᠪᠢᠳᠡ ᠬᠢᠴᠢᠶᠡᠯ᠎ᠦᠨ ᠪᠢᠴᠢᠭ᠎ᠦᠨ ᠠᠭᠤᠯᠭ᠎ᠠ ᠵᠢ ᠵᠦᠴᠦᠬᠡᠯᠡᠨ ᠳᠤᠬᠯᠠᠬᠤ ᠪᠡᠷ ᠳᠠᠮᠵᠢᠨ᠂ ᠰᠣᠩᠭᠣᠳᠠᠭ ᠪᠦᠲᠦᠭᠡᠯ᠎ᠦᠨ ᠭᠦᠨᠵᠡᠭᠡᠢ ᠠᠭᠤᠯᠤᠭ᠍ᠳᠠᠬᠤᠨ᠎ᠢ ᠨᠡᠩ ᠰᠠᠢ᠌ᠨ ᠤᠢ᠍ᠢᠯᠠᠭᠠᠭᠰᠠᠨ ᠪᠦᠬᠡᠳ ᠤᠩᠱᠢᠯᠭ᠎ᠠ᠎ᠳᠦ ᠤᠷᠮ᠎ᠠ ᠪᠠᠬᠠᠳᠠᠢ ᠪᠤᠯᠵᠠᠢ᠂ ᠪᠠᠰᠠ ᠬᠢᠴᠢᠶᠡᠯ᠎ᠦᠨ ᠭᠠᠳᠠᠨᠠᠬᠢ ᠰᠣᠶᠣᠯ᠎ᠤᠨ ᠠᠮᠢᠳᠤᠷᠠᠯ᠎ᠪᠠᠶᠠᠯᠢᠭ᠍ᠵᠢᠵᠦ᠂ ᠲᠠᠢᠰᠠᠨ᠎ᠳᠦ ᠭᠠᠷᠴᠦ ᠬᠡᠯᠡᠵᠦ ᠢᠯᠡᠳᠬᠡᠬᠦ ᠴᠢᠳᠠᠪᠤᠷᠢ ᠳᠡᠭᠡᠭᠰᠢᠯᠡᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠌ ᠴᠢᠳᠠᠪᠤᠷᠢ ᠴᠤ᠌ ᠳᠡᠭᠡᠭ᠌ᠰᠢᠯᠡᠵᠠᠢ》 ᠭᠡᠵᠦ᠍ ᠰᠤᠷᠤᠭ᠍ᠴᠢ ᠫᠠᠩ ᠵᠢᠩ ᠢᠦᠢ ᠬᠡᠯᠡᠪᠡ᠃

ᠣᠢᠷ᠎ᠠ᠎ᠶ᠋ᠢᠨ ᠵᠢᠯ᠎ᠳᠦ᠂ ᠱᠢᠯᠢᠩᠬᠣᠲᠠ᠎ᠶ᠋ᠢᠨ ᠶᠢᠦ ᠲᠢᠶᠠᠨ ᠰᠤᠷᠭᠠᠭᠤᠯᠢ ᠨᠢ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠤᠷᠠᠨ ᠪᠢᠴᠢᠯᠭᠡ᠎ᠶ᠋ᠢᠨ ᠤᠷᠤᠯᠳᠤᠭᠠᠨ᠂ ᠭᠤᠤᠯ ᠰᠡᠳᠦᠪᠲᠦ ᠥᠰᠥᠭ᠎ᠦᠨ ᠪᠢᠴᠢᠭᠡᠰᠦ᠎ᠶ᠋ᠢᠨ ᠦᠵᠡᠭᠦᠯᠭᠡ᠂ ᠰᠤᠷᠭᠠᠭᠤᠯᠢ᠎ᠶ᠋ᠢᠨ ᠬᠢᠴᠢᠶᠡᠯ ᠪᠠ ᠬᠠᠮᠢᠶ᠎ᠠ ᠪᠥᠬᠥᠶ ᠨᠡᠢᠭᠡᠮ᠎ᠦᠨ ᠪᠦᠯᠬᠦᠮ᠎ᠦᠨ ᠬᠢᠴᠢᠶᠡᠯ ᠨᠡᠭᠡᠭᠡᠵᠦ᠍᠂ 《ᠶᠡᠬᠡ ᠰᠤᠷᠭᠠᠭᠤᠯᠢ》᠂ 《ᠬᠡᠪ ᠳᠤᠮᠳᠠ》᠂ 《ᠱᠢᠭᠦᠮᠵᠢᠯᠡᠯ ᠥᠭᠦᠯᠡᠯ》᠂ 《ᠯᠣᠣᠽᠢ》 ᠵᠡᠷᠭᠡ ᠡᠳᠦᠷ ᠲᠤᠲᠤᠮ᠎ᠤᠨ ᠰᠣᠩᠭᠣᠳᠠᠭ ᠨᠣᠮ ᠤᠩᠱᠢᠬᠤ ᠠᠵᠢᠯᠯᠠᠭ᠎ᠠ ᠥᠷᠨᠢᠭᠦᠯᠬᠦ ᠪᠡᠷ ᠲᠠᠮᠵᠢᠨ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠠᠭᠤᠷᠢ᠎ᠶ᠋ᠢ ᠪᠡᠬᠢᠵᠢᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠠᠬᠢᠭᠤᠯᠪᠠ᠃ ᠡᠭᠦᠨ᠎ᠦ ᠬᠠᠮᠲᠤ᠂ ᠪᠠᠭ᠍ᠰᠢ᠎ᠶ᠋ᠢᠨ ᠨᠣᠮ ᠤᠩᠱᠢᠬᠤ ᠬᠤᠷᠠᠯ᠂ 《ᠯᠦ᠍ ᠮᠢᠩ》 ᠤᠩᠱᠢᠯᠭ᠎ᠠ᠎ᠶ᠋ᠢᠨ ᠪᠦᠯᠬᠦᠮ ᠢ᠋ ᠪᠠᠢᠭᠤᠯᠵᠤ᠂ ᠲᠣᠭ᠍ᠲᠠᠭ᠍ᠰᠠᠨ ᠬᠤᠭᠤᠴᠠᠭ᠎ᠠ ᠲᠠᠶ᠎ᠪᠠᠷ ᠪᠠᠭ᠍ᠰᠢ ᠨᠠᠷ ᠢ᠋ ᠵᠣᠬᠢᠶᠠᠨ ᠪᠠᠢᠭᠤᠯᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠰᠤᠷᠤᠯᠴᠠᠭᠤᠯᠵᠤ᠂ ᠪᠠᠭ᠍ᠰᠢ ᠨᠠᠷ ᠤ᠋ᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠰᠤᠷᠤᠭ᠍ᠴᠢᠳ᠎ᠤᠨ ᠰᠤᠷᠤᠯᠴᠠᠯᠭ᠎ᠠ᠎ᠶ᠋ᠢ ᠵᠢᠯᠣᠭᠣᠳᠭᠤ᠎ᠳᠤ ᠲᠥᠬᠥᠮ ᠦᠵᠡᠭᠦᠯᠵᠡᠢ᠃

《ᠪᠢᠳᠡ ᠰᠤᠷᠤᠯᠴᠠᠯᠭ᠎ᠠ᠎ᠶ᠋ᠢᠨ ᠠᠭᠤᠯᠭ᠎ᠠ ᠵᠢ ᠪᠠᠶᠠᠯᠢᠭ᠍ᠵᠢᠭᠤᠯᠵᠤ᠂ ᠱᠢᠨ᠎ᠡ᠎ᠶ᠋ᠢ ᠡᠭᠦᠳᠴᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠣᠳᠠᠲᠠᠢ ᠬᠡᠷᠡᠭ᠌ᠯᠡᠬᠦ᠌ ᠠᠬᠤᠢ ᠪᠠᠢᠳᠠᠯ᠎ᠢ ᠪᠤᠢ ᠪᠣᠯᠭᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠭᠰᠡᠨ ᠵᠢᠡᠷ ᠪᠠᠷᠠᠬᠤ ᠦᠭᠡᠢ ᠬᠢᠴᠢᠶᠡᠯ᠎ᠦᠨ ᠭᠠᠳᠠᠨᠠᠬᠢ ᠰᠣᠶᠣᠯ᠎ᠤᠨ ᠠᠮᠢᠳᠤᠷᠠᠯ᠎ᠢ ᠴᠤ᠌ ᠪᠠᠶᠠᠯᠢᠭ᠍ᠵᠢᠭᠤᠯᠵᠤ᠂ ᠲᠡᠳᠡᠨ᠎ᠦ ᠰᠣᠶᠣᠯ᠎ᠤᠨ ᠤᠯᠠᠮᠵᠢᠯᠠᠯ᠎ᠤᠨ ᠤᠬᠠᠮᠰᠠᠷ᠎ᠢ ᠳᠡᠬᠡᠭᠰᠢᠯᠡᠬᠦᠯᠦᠨ᠂ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ ᠵᠢ ᠨᠢ ᠵᠤᠵᠠᠭᠠᠳᠬᠠᠵᠦ᠂ ᠰᠤᠷᠭᠠᠭᠤᠯᠢ᠎ᠶ᠋ᠢᠨ ᠶᠣᠰᠣ ᠰᠤᠷᠲᠠᠬᠤᠨ᠎ᠤ ᠬᠥᠮᠦᠵᠢᠯ᠎ᠦᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠵᠦ᠍᠂ ᠰᠤᠷᠭᠠᠭᠤᠯᠢ᠎ᠶ᠋ᠢᠨ ᠬᠦᠷᠢᠶᠡᠨ᠎ᠦ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠦᠭᠰᠡᠨ ᠪᠠᠢᠨ᠎ᠠ》 ᠭᠡᠵᠦ᠍ ᠬᠡᠯᠡ ᠪᠢᠴᠢᠭ᠎ᠦᠨ ᠪᠠᠭ᠍ᠰᠢ ᠮᠠ ᠯᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号