ᠦᠪᠦᠷ ᠮᠤᠩᠭᠤᠯ ᠤ᠋ᠨ ᠵᠡᠭᠦᠨ ᠭᠡᠰᠡᠭ᠎ᠤᠨ 134 ᠴᠠᠬᠢᠯᠭᠠᠨ ᠲᠤᠤᠷ ᠤ᠋ᠨ ᠢᠨᠵᠧᠨᠧᠷᠢᠩ ᠡᠴᠤᠰ ᠤ᠋ᠨ ᠰᠢᠪᠳᠤᠯᠤᠯᠳᠠ ᠬᠢᠵᠦ ᠪᠠᠢᠨ᠎ᠠ
2025-12-25 10:09:56
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠩᠭᠤᠯ ᠤ᠋ᠨ ᠵᠡᠭᠦᠨ ᠭᠡᠰᠡᠭ᠎ᠤᠨ ᠴᠠᠬᠢᠯᠭᠠᠨ ᠬᠦᠴᠦᠨ ᠤ᠋ ᠬᠢᠵᠠᠭᠠᠷᠳᠤ ᠺᠤᠮᠫᠠᠨᠢ ᠡᠴᠡ ᠤᠢᠯᠠᠭᠠᠭᠰᠠᠨ ᠶ᠋ᠢᠡᠷ᠂ ᠤᠢᠷ᠎ᠠ᠎ᠵᠢᠨ ᠡᠳᠤᠷ ᠲᠦ᠍ ᠬᠢᠩᠭᠠᠨ ᠠᠢᠮᠠᠭ ᠤ᠋ᠨ ᠫᠢᠩ ᠴᠤᠸᠠᠨ ᠡᠴᠡ ᠲᠦᠴᠢᠤᠸᠠᠨ ᠳ᠋ᠤ ᠬᠦᠷᠬᠦ 220 ᠺᠢᠯᠤᠸᠤᠯᠲ ᠤ᠋ᠨ ᠴᠠᠬᠢᠯᠭᠠᠨ ᠱᠤᠭᠤᠮ ᠤ᠋ᠨ ᠢᠨᠵᠧᠨᠧᠷᠢᠩ ᠤ᠋ᠨ ᠬᠢᠨ ᠤᠳᠠᠰᠤᠨ ᠤ᠋ ᠰᠤᠪᠤᠷᠭ᠎ᠠ᠂ ᠳᠠᠮᠵᠢᠭᠤᠯᠤᠭᠴᠢ ᠤᠳᠠᠰᠤ ᠵᠡᠷᠭᠡ ᠵᠠᠩᠬᠢᠯᠠᠭ᠎ᠠ ᠶ᠋ᠢᠨ ᠲᠦᠬᠦᠭᠡᠷᠦᠮᠵᠢ ᠶ᠋ᠢ ᠨᠠᠷᠢᠯᠢᠭ ᠪᠠᠢᠴᠠᠭᠠᠨ ᠳᠤᠬᠢᠷᠠᠭᠤᠯᠵᠤ᠂ ᠬᠢᠨᠠᠨ ᠰᠢᠯᠭᠠᠯᠳᠠ ᠳ᠋ᠤ ᠪᠡᠯᠡᠳᠭᠡᠨ ᠶᠠᠭᠠᠷᠠᠯᠳᠤᠨ᠎ᠠ᠃ ᠤᠳᠤᠬᠠᠨ ᠳ᠋ᠤ ᠲᠤᠰ ᠢᠨᠵᠧᠨᠧᠷᠢᠩ ᠤ᠋ᠨ ᠡᠯ᠎ᠠ ᠵᠦᠢᠯ ᠤ᠋ᠨ ᠭᠦᠢᠴᠡᠳᠭᠡᠯ ᠲᠤᠭ᠎ᠠ ᠴᠦᠮ ᠲᠦᠰᠦᠪᠯᠡᠭᠰᠡᠨ ᠪᠠᠷᠢᠮᠵᠢᠶ᠎ᠠ ᠳ᠋ᠤ ᠨᠡᠢᠴᠡᠵᠦ᠂ ᠪᠠᠷᠢᠯᠭ᠎ᠠ ᠳᠠᠭᠤᠰᠤᠨ ᠠᠰᠢᠭᠯᠠᠯᠳᠠ ᠳ᠋ᠤ ᠤᠷᠤᠬᠤ ᠳ᠋ᠤ ᠪᠡᠯᠡᠬᠡᠨ ᠪᠤᠯᠵᠠᠢ᠃

ᠫᠢᠩ ᠴᠤᠸᠠᠨ ᠡᠴᠡ ᠲᠦᠴᠢᠤᠸᠠᠨ ᠳ᠋ᠤ ᠬᠦᠷᠬᠦ 220 ᠺᠢᠯᠤᠸᠤᠯᠲ ᠤ᠋ᠨ ᠴᠠᠬᠢᠯᠭᠠᠨ ᠱᠤᠭᠤᠮ ᠪᠤᠯ ᠬᠢᠩᠭᠠᠨ ᠠᠢᠮᠠᠭ ᠤ᠋ᠨ ᠫᠢᠩ ᠴᠤᠸᠠᠨ ᠤ᠋ 500 ᠺᠢᠯᠤᠸᠤᠯᠲ ᠤ᠋ᠨ ᠴᠠᠬᠢᠯᠭᠠᠨ ᠬᠦᠷᠭᠡᠵᠦ ᠴᠠᠬᠢᠯᠭᠠᠨ ᠬᠤᠪᠢᠰᠬᠠᠬᠤ ᠢᠨᠵᠧᠨᠧᠷᠢᠩ ᠳ᠋ᠤ ᠢᠵᠢ ᠪᠦᠷᠢᠳᠦᠭᠦᠯᠦᠭᠰᠡᠨ 7 ᠵᠤᠷᠪᠤᠰ ᠴᠠᠬᠢᠯᠭᠠᠨ ᠢ᠋ ᠭᠠᠳᠠᠭᠰᠢ ᠳᠠᠮᠵᠢᠭᠤᠯᠬᠤ ᠱᠤᠭᠤᠮ ᠤ᠋ᠨ ᠨᠢᠭᠡ ᠪᠠᠢᠵᠤ᠂ 189.98 ᠺᠢᠯᠤᠮᠧᠲᠷ ᠤ᠋ᠨ ᠴᠠᠬᠢᠯᠭᠠᠨ ᠳᠠᠮᠵᠢᠭᠤᠯᠬᠤ ᠱᠤᠭᠤᠮ᠂ 533 ᠲᠡᠮᠦᠷ ᠰᠤᠪᠤᠷᠭ᠎ᠠ ᠪᠤᠰᠬᠠᠬᠤ ᠪᠡᠷ ᠲᠦᠯᠦᠪᠯᠡᠪᠡ᠃ ᠤᠳᠤᠬᠠᠨ ᠳ᠋ᠤ ᠬᠦᠢᠳᠡᠨ ᠤ᠋ ᠡᠷᠴᠢ ᠴᠢᠩᠭᠠᠷᠠᠭᠰᠠᠨ ᠴᠤ᠌ ᠲᠤᠬᠠᠢ ᠶ᠋ᠢᠨ ᠲᠠᠯᠠᠪᠤᠷ ᠲᠤ᠌ ᠪᠠᠰᠠ 150 ᠭᠠᠷᠤᠢ ᠠᠵᠢᠯᠳᠠᠨ ᠪᠠᠢᠵᠤ᠂ ᠢᠨᠵᠧᠨᠧᠷᠢᠩ ᠢ᠋ ᠠᠰᠢᠭᠯᠠᠯᠳᠠ ᠳ᠋ᠤ ᠤᠷᠤᠭᠤᠯᠬᠤ ᠪᠡᠷ ᠪᠦᠬᠦ ᠬᠦᠴᠦᠨ ᠶ᠋ᠢᠡᠷ ᠴᠢᠷᠮᠠᠢᠵᠤ ᠪᠠᠢᠯ᠎ᠠ᠃

ᠬᠢᠩᠭᠠᠨ ᠠᠢᠮᠠᠭ ᠤ᠋ᠨ ᠫᠢᠩ ᠴᠤᠸᠠᠨ ᠤ᠋ 500 ᠺᠢᠯᠤᠸᠤᠯᠲ ᠤ᠋ᠨ ᠴᠠᠬᠢᠯᠭᠠᠨ ᠬᠦᠷᠭᠡᠵᠦ ᠴᠠᠬᠢᠯᠭᠠᠨ ᠬᠤᠪᠢᠰᠬᠠᠬᠤ ᠢᠨᠵᠧᠨᠧᠷᠢᠩ ᠪᠤᠯ ᠦᠪᠡᠷᠳᠡᠭᠡᠨ ᠵᠠᠰᠠᠬᠤ ᠤᠷᠤᠨ ᠤ᠋ ᠵᠡᠭᠦᠨ ᠬᠤᠢᠳᠤ ᠤᠷᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠢᠨᠵᠧᠨᠧᠷᠢᠩ ᠪᠠᠢᠵᠤ᠂ ᠪᠦᠲᠦᠭᠡᠨ ᠪᠠᠢᠭᠤᠯᠵᠤ ᠳᠠᠭᠤᠰᠤᠨ ᠠᠰᠢᠭᠯᠠᠯᠳᠠ ᠳ᠋ᠤ ᠤᠷᠤᠪᠠᠯ᠂ ᠦᠪᠦᠷ ᠮᠤᠩᠭᠤᠯ ᠤ᠋ᠨ ᠵᠡᠭᠦᠨ ᠭᠡᠰᠡᠭ ᠲᠦ᠍ ᠬᠡᠪᠴᠢᠶ᠎ᠠ ᠪᠡᠷ ᠬᠠᠮᠤᠭ ᠤ᠋ᠨ ᠶᠡᠬᠡ 500 ᠺᠢᠯᠤᠸᠤᠯᠲ ᠤ᠋ᠨ ᠴᠠᠬᠢᠯᠭᠠᠨ ᠬᠦᠷᠭᠡᠵᠦ ᠴᠠᠬᠢᠯᠭᠠᠨ ᠬᠤᠪᠢᠰᠬᠠᠬᠤ ᠦᠷᠳᠡᠭᠡ ᠶ᠋ᠢᠨ ᠪᠦᠯᠦᠭᠵᠢᠯ ᠢ᠋ ᠪᠦᠷᠢᠯᠳᠦᠭᠦᠯᠬᠦ ᠪᠤᠯᠤᠨ᠎ᠠ᠃ ᠤᠳᠤᠬᠠᠨ ᠳ᠋ᠤ ᠲᠤᠰ ᠢᠨᠵᠧᠨᠧᠷᠢᠩ ᠳ᠋ᠤ ᠢᠵᠢ ᠪᠦᠷᠢᠳᠦᠭᠦᠯᠦᠭᠰᠡᠨ 7 ᠵᠤᠷᠪᠤᠰ ᠴᠠᠬᠢᠯᠭᠠᠨ ᠢ᠋ ᠭᠠᠳᠠᠭᠰᠢ ᠳᠠᠮᠵᠢᠭᠤᠯᠬᠤ ᠱᠤᠭᠤᠮ ᠤ᠋ᠨ 3 ᠱᠤᠭᠤᠮ ᠨᠢ ᠨᠢᠭᠡᠨᠳᠡ ᠪᠠᠢᠭᠤᠯᠵᠤ ᠳᠠᠭᠤᠰᠤᠨ ᠠᠰᠢᠭᠯᠠᠯᠳᠠ ᠳ᠋ᠤ ᠤᠷᠤᠵᠤ᠂ 2 ᠱᠤᠭᠤᠮ ᠨᠢ ᠡᠨᠡ ᠰᠠᠷ᠎ᠠ ᠶ᠋ᠢᠨ ᠰᠡᠭᠦᠯᠴᠢ ᠪᠡᠷ ᠠᠰᠢᠭᠯᠠᠯᠳᠠ ᠳ᠋ᠤ ᠤᠷᠤᠭᠤᠯᠬᠤ ᠨᠦᠬᠦᠴᠡᠯ ᠢ᠋ ᠨᠢᠭᠡᠨᠳᠡ ᠪᠦᠷᠢᠯᠳᠦᠭᠦᠯᠦᠨ᠂ ᠦᠯᠡᠳᠡᠭᠰᠡᠨ 2 ᠱᠤᠭᠤᠮ ᠤ᠋ᠨ ᠪᠦᠲᠦᠭᠡᠨ ᠪᠠᠢᠭᠤᠯᠤᠯᠳᠠ ᠶᠠᠭ ᠡᠮᠬᠢ ᠳᠠᠷᠠᠭ᠎ᠠ ᠲᠠᠢ ᠶᠠᠪᠤᠭᠳᠠᠵᠤ ᠪᠠᠢᠨ᠎ᠠ᠃ 《ᠤᠳᠤᠬᠠᠨ ᠳ᠋ᠤ ᠪᠦᠬᠦᠢᠯᠡ ᠢᠵᠢ ᠪᠦᠷᠢᠳᠦᠭᠦᠯᠬᠦ ᠢᠨᠵᠧᠨᠧᠷᠢᠩ ᠤ᠋ᠨ ᠰᠠᠭᠤᠷᠢ ᠪᠦᠲᠦᠭᠡᠨ ᠪᠠᠢᠭᠤᠯᠤᠯᠳᠠ ᠶ᠋ᠢᠨ 90% ᠶ᠋ᠢ ᠨᠢ ᠨᠢᠭᠡᠨᠳᠡ ᠪᠡᠶᠡᠯᠡᠭᠦᠯᠵᠦ᠂ ᠲᠡᠮᠦᠷ ᠰᠤᠪᠤᠷᠭ᠎ᠠ ᠶ᠋ᠢᠨ 70% ᠶ᠋ᠢ ᠨᠢ ᠪᠤᠰᠬᠠᠵᠤ᠂ ᠳᠠᠮᠵᠢᠭᠤᠯᠤᠭᠴᠢ ᠤᠳᠠᠰᠤ ᠶ᠋ᠢᠨ 60% ᠶ᠋ᠢ ᠨᠢ ᠵᠠᠯᠭᠠᠪᠠ᠃ ᠲᠤᠰ ᠢᠨᠵᠧᠨᠧᠷᠢᠩ ᠠᠰᠢᠭᠯᠠᠯᠳᠠ ᠳ᠋ᠤ ᠤᠷᠤᠪᠠᠯ᠂ ᠬᠢᠩᠭᠠᠨ ᠠᠢᠮᠠᠭ ᠤ᠋ᠨ ᠡᠮᠦᠨ᠎ᠠ ᠪᠡᠶ᠎ᠠ ᠶ᠋ᠢᠨ ᠭᠠᠵᠠᠷ ᠤᠷᠤᠨ ᠤ᠋ 220 ᠺᠢᠯᠤᠸᠤᠯᠲ ᠤ᠋ᠨ ᠴᠠᠬᠢᠯᠭᠠᠨ ᠲᠤᠤᠷ ᠤ᠋ᠨ ᠪᠦᠲᠦᠴᠡ ᠶ᠋ᠢ ᠪᠦᠲᠦᠮᠵᠢᠳᠠᠢ ᠲᠡᠭᠦᠯᠳᠡᠷᠵᠢᠭᠦᠯᠦᠨ᠂ ᠴᠠᠬᠢᠯᠭᠠᠨ ᠢ᠋ ᠭᠠᠳᠠᠭᠰᠢ ᠬᠦᠷᠭᠡᠬᠦ ᠰᠢᠨ᠎ᠠ ᠵᠠᠮ ᠱᠤᠭᠤᠮ ᠢ᠋ ᠪᠦᠷᠢᠯᠳᠦᠭᠦᠯᠬᠦ ᠪᠤᠯᠤᠨ᠎ᠠ》 ᠭᠡᠵᠦ ᠤᠯᠤᠰ ᠤ᠋ᠨ ᠴᠠᠬᠢᠯᠭᠠᠨ ᠲᠤᠤᠷ ᠤ᠋ᠨ ᠬᠢᠩᠭᠠᠨ ᠠᠢᠮᠠᠭ ᠤ᠋ᠨ ᠴᠠᠬᠢᠯᠭᠠᠨ ᠬᠠᠩᠭᠠᠬᠤ ᠺᠤᠮᠫᠠᠨᠢ ᠶ᠋ᠢᠨ ᠪᠦᠲᠦᠭᠡᠨ ᠪᠠᠢᠭᠤᠯᠤᠯᠳᠠ ᠶ᠋ᠢᠨ ᠬᠡᠯᠳᠡᠰ ᠤ᠋ᠨ ᠸᠠᠨ ᠰᠢᠤᠸᠠᠢ ᠹᠧᠢ ᠲᠡᠨᠢᠯᠴᠠᠭᠤᠯᠪᠠ᠃

ᠤᠢᠯᠠᠭᠠᠭᠰᠠᠨ ᠶ᠋ᠢᠡᠷ᠂ ᠴᠠᠬᠢᠯᠭᠠᠨ ᠲᠤᠤᠷ ᠢ᠋ ᠦᠷᠭᠦᠯᠵᠢᠯᠡᠨ ᠳᠡᠰ ᠳᠡᠪᠰᠢᠭᠦᠯᠬᠦ ᠶ᠋ᠢᠨ ᠲᠦᠯᠦᠭᠡ᠂ ᠡᠨᠡ ᠵᠢᠯ ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠩᠭᠤᠯ ᠤ᠋ᠨ ᠵᠡᠭᠦᠨ ᠭᠡᠰᠡᠭ᠎ᠤᠨ ᠴᠠᠬᠢᠯᠭᠠᠨ ᠬᠦᠴᠦᠨ ᠤ᠋ ᠬᠢᠵᠠᠭᠠᠷᠳᠤ ᠺᠤᠮᠫᠠᠨᠢ ᠶ᠋ᠢᠨ ᠬᠢᠨ ᠵᠠᠯᠠᠨ ᠠᠢᠯ ᠤ᠋ᠨ 100 ᠲᠦᠮᠡᠨ ᠺᠢᠯᠤᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠨᠦᠭᠡᠴᠡ ᠡᠨᠧᠷᠬᠢ ᠶ᠋ᠢᠨ ᠰᠠᠭᠤᠷᠢᠨ ᠤ᠋ ᠴᠠᠬᠢᠯᠭᠠᠨ ᠬᠦᠷᠭᠡᠵᠦ ᠴᠠᠬᠢᠯᠭᠠᠨ ᠬᠤᠪᠢᠰᠬᠠᠬᠤ ᠢᠨᠵᠧᠨᠧᠷᠢᠩ ᠵᠡᠷᠭᠡ 134 ᠴᠠᠬᠢᠯᠭᠠᠨ ᠲᠤᠤᠷ ᠤ᠋ᠨ ᠢᠨᠵᠧᠨᠧᠷᠢᠩ ᠢ᠋ ᠪᠠᠷᠢᠯᠭ᠎ᠠ ᠡᠬᠢᠯᠡᠭᠦᠯᠪᠡ᠃ ᠤᠳᠤᠬᠠᠨ ᠳ᠋ᠤ ᠲᠦᠩᠯᠢᠶᠤᠤ ᠶ᠋ᠢᠨ ᠵᠠᠬᠠᠨᠠᠭᠤᠷ ᠤ᠋ᠨ ᠪᠤᠬᠢᠷᠳᠦᠯ ᠦᠭᠡᠢ ᠴᠠᠬᠢᠯᠭᠠᠨ ᠬᠦᠩᠭᠡᠨᠴᠠᠭᠠᠨ ᠢ᠋ ᠨᠢᠭᠡ ᠴᠤᠭᠴᠠᠵᠢᠭᠤᠯᠬᠤ ᠲᠦᠷᠦᠯ ᠵᠦᠢᠯ ᠤ᠋ᠨ 220 ᠺᠢᠯᠤᠸᠤᠯᠲ ᠤ᠋ᠨ ᠴᠠᠬᠢᠯᠭᠠᠨ ᠳᠠᠮᠵᠢᠭᠤᠯᠬᠤ ᠱᠤᠭᠤᠮ ᠤ᠋ᠨ ᠢᠨᠵᠧᠨᠧᠷᠢᠩ ᠨᠢᠭᠡᠨᠳᠡ ᠤᠷᠤᠭᠰᠢᠳᠠᠢ ᠠᠰᠢᠭᠯᠠᠯᠳᠠ ᠳ᠋ᠤ ᠤᠷᠤᠪᠠ; ᠬᠦᠯᠦᠨ ᠪᠤᠢᠷ ᠬᠤᠳᠠ ᠶ᠋ᠢᠨ ᠠᠷᠤᠨ ᠬᠤᠰᠢᠭᠤᠨ ᠤ᠋ 500 ᠺᠢᠯᠤᠸᠤᠯᠲ ᠤ᠋ᠨ ᠰᠢᠨ᠎ᠠ ᠡᠨᠧᠷᠬᠢ ᠶ᠋ᠢ ᠲᠦᠪᠯᠡᠷᠡᠭᠦᠯᠤᠨ ᠴᠠᠬᠢᠯᠭᠠᠨ ᠬᠦᠷᠭᠡᠬᠦ ᠴᠠᠬᠢᠯᠭᠠᠨ ᠬᠤᠪᠢᠰᠬᠠᠬᠤ ᠢᠨᠵᠧᠨᠧᠷᠢᠩ 11 ᠰᠠᠷ᠎ᠠ ᠶ᠋ᠢᠨ ᠰᠡᠭᠦᠯᠴᠢ ᠪᠡᠷ ᠠᠰᠢᠭᠯᠠᠯᠳᠠ ᠳ᠋ᠤ ᠤᠷᠤᠵᠠᠢ; ᠤᠯᠠᠭᠠᠨᠬᠠᠳᠠ ᠬᠤᠳᠠ ᠶ᠋ᠢᠨ ᠪᠠᠭᠠᠷᠢᠨ ᠵᠡᠭᠦᠨ ᠬᠤᠰᠢᠭᠤᠨ ᠤ᠋ 100 ᠲᠦᠮᠡᠨ ᠺᠢᠯᠤᠸᠠᠲ ᠤ᠋ᠨ ᠰᠠᠯᠬᠢᠨ ᠬᠦᠴᠦᠨ ᠤ᠋ ᠴᠠᠬᠢᠯᠭᠠᠨ ᠨᠦᠭᠡᠴᠡ ᠡᠨᠧᠷᠬᠢ ᠶ᠋ᠢᠨ ᠰᠠᠭᠤᠷᠢᠨ ᠤ᠋ ᠲᠦᠷᠦᠯ ᠵᠦᠢᠯ ᠤ᠋ᠨ ᠴᠠᠬᠢᠯᠭᠠᠨ ᠢ᠋ ᠭᠠᠳᠠᠭᠰᠢ ᠬᠦᠷᠭᠡᠬᠦ ᠢᠨᠵᠧᠨᠧᠷᠢᠩ ᠤ᠋ᠨ ᠴᠠᠬᠢᠯᠭᠠᠨ ᠮᠠᠰᠢᠨ ᠢ᠋ ᠤᠭᠰᠠᠷᠠᠬᠤ ᠠᠵᠢᠯ ᠶᠠᠭ ᠡᠮᠬᠢ ᠳᠠᠷᠠᠭ᠎ᠠ ᠲᠠᠢ ᠶᠠᠪᠤᠭᠳᠠᠵᠤ ᠪᠠᠢᠨ᠎ᠠ᠃ ᠡᠳᠡᠭᠡᠷ ᠲᠦᠷᠦᠯ ᠵᠦᠢᠯ ᠠᠰᠢᠭᠯᠠᠯᠳᠠ ᠳ᠋ᠤ ᠤᠷᠤᠪᠠᠯ᠂ ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠩᠭᠤᠯ ᠤ᠋ᠨ ᠵᠡᠭᠦᠨ ᠭᠡᠰᠡᠭ᠎ᠤᠨ ᠭᠠᠵᠠᠷ ᠤᠷᠤᠨ ᠤ᠋ ᠰᠢᠨ᠎ᠠ ᠡᠨᠧᠷᠬᠢ ᠶ᠋ᠢ ᠲᠤᠤᠷ ᠲᠤ᠌ ᠨᠡᠢᠯᠡᠭᠦᠯᠬᠦ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠤᠯᠤᠨ᠎ᠠ᠃

ᠤᠳᠤᠬᠠᠨ ᠳ᠋ᠤ ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠩᠭᠤᠯ ᠤ᠋ᠨ ᠵᠡᠭᠦᠨ ᠭᠡᠰᠡᠭ᠎ᠤᠨ ᠴᠠᠬᠢᠯᠭᠠᠨ ᠬᠦᠴᠦᠨ ᠤ᠋ ᠬᠢᠵᠠᠭᠠᠷᠳᠤ ᠺᠤᠮᠫᠠᠨᠢ ᠶ᠋ᠢᠨ ᠬᠢᠨ ᠶᠠᠭ ᠴᠠᠬᠢᠯᠭᠠᠨ ᠳᠤᠤᠷ ᠶ᠋ᠢᠡᠨ ᠳᠡᠰ ᠳᠡᠪᠰᠢᠭᠦᠯᠬᠦ᠂ ᠰᠢᠨ᠎ᠠ ᠡᠨᠧᠷᠬᠢ ᠶ᠋ᠢ ᠲᠤᠤᠷ ᠲᠤ᠌ ᠨᠡᠢᠯᠡᠭᠦᠯᠬᠦ ᠵᠢᠴᠢ ᠴᠠᠬᠢᠯᠭᠠᠨ ᠬᠦᠴᠦᠨ ᠤ᠋ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠠᠵᠢᠯ ᠳ᠋ᠤ ᠠᠩᠬᠠᠷᠤᠯ ᠶ᠋ᠢᠡᠨ ᠲᠦᠪᠯᠡᠷᠡᠭᠦᠯᠦᠨ ᠡᠴᠤᠰ ᠤ᠋ᠨ ᠰᠢᠪᠳᠤᠯᠤᠯᠳᠠ ᠬᠢᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号