ᠪᠦᠬᠦ᠌ ᠦᠨᠳᠦᠰᠦᠲᠡᠨ ᠤ᠋ ᠰᠣᠶᠣᠯ ᠤ᠋ᠨ ᠱᠢᠨ᠎ᠡ ᠢ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ ᠤ᠋ᠨ ᠬᠦᠴᠦᠨ ᠢ᠋ ᠬᠥᠭ᠌ᠵᠢᠭᠡᠵᠦ᠍᠂ ᠨᠡᠢᠭᠡᠮ ᠵᠢᠷᠤᠮ ᠤ᠋ᠨ ᠰᠣᠶᠣᠯ ᠢ᠋ ᠴᠡᠴᠡᠭ᠌ᠯᠡᠭᠦᠯᠦᠨ ᠬᠥᠭ᠌ᠵᠢᠭᠦᠯᠦᠨᠡ᠃
— 《ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠢ᠋ᠢᠨ ᠠᠷᠪᠠᠨ ᠲᠠᠪᠤᠳᠤᠭᠠᠷ ᠲᠠᠪᠤᠨ ᠵᠢᠯ ᠤ᠋ᠨ ᠲᠥᠯᠥᠪᠵᠢᠭᠦᠯᠭᠡ ᠢ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠣᠷᠢᠶ᠎ᠠ ᠵᠢᠨ ᠰᠠᠨᠠᠭᠤᠯᠭ᠎ᠠ》 ᠡᠴᠡ ᠬᠡᠰᠡᠭᠯᠡᠪᠡ
ᠬᠦᠢᠲᠡᠨ ᠤ᠋ ᠡᠷᠴᠢ ᠴᠢᠡᠭᠭᠠᠷᠠᠵᠤ ᠬᠦᠯᠦᠨ ᠪᠤᠢᠷ ᠮᠦᠡᠭᠭᠦᠨ ᠬᠦᠷᠮ᠎ᠠ ᠬᠡᠳᠦᠷᠴᠠᠢ᠃ 12 ᠰᠠᠷ᠎ᠠ ᠢ᠋ᠢᠨ 17 ᠤ᠋ ᠡᠳᠦᠷ ᠂ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠦᠨᠳᠦᠰᠦᠲᠡᠨ ᠤ᠋ ᠰᠣᠶᠣᠯ ᠤ᠋ᠨ ᠠᠵᠤ ᠦᠢᠯᠡᠰ ᠤ᠋ᠨ ᠦᠢᠯᠡᠰ ᠪᠤᠰᠭᠠᠬᠤ ᠬᠦᠷᠢᠶᠡᠯᠡᠩ ᠳ᠋ᠤ ᠬᠦᠮᠦᠰ ᠶᠠᠭᠠᠷᠠᠯᠲᠠᠢ ᠠᠵᠢᠯᠯᠠᠵᠠᠭᠠᠨ᠎ᠠ᠃ 《ᠠᠷᠠᠰᠤᠨ ᠤ᠋ ᠬᠡ ᠢ᠋ᠢ ᠳᠠᠭᠠᠵᠤ ᠵᠠᠭᠦᠤ ᠪᠡᠨ ᠬᠠᠳᠬᠤᠨ᠎ᠠ᠂ ᠤᠰᠤᠨ ᠥᠷᠥᠮᠳᠡᠭᠦᠷ ᠨᠡᠷᠡᠨ ᠤ᠋ ᠲᠣᠭᠣᠷᠢᠭ ᠲᠠᠢ ᠠᠪᠴᠠᠯᠳᠤᠬᠤ ᠬᠡᠷᠡᠭᠲᠡᠢ》 ᠬᠡᠵᠤ ᠠᠢᠵᠡᠮ ᠴᠠ ᠪᠤᠭᠤ ᠢ᠋ᠢᠨ ᠠᠷᠠᠰᠤ ᠪᠣᠯᠤᠨ ᠰᠤᠪᠤᠳ ᠢ᠋ ᠤᠷᠠᠨ ᠢ᠋ᠢᠡᠷ ᠵᠦᠢᠬᠦ ᠳ᠋ᠤ ᠳᠡᠷᠭᠡᠳᠡ ᠳ᠋ᠤᠨᠢ ᠬᠡᠳᠦᠨ ᠭᠠᠷ ᠤᠷᠠᠴᠤᠳ ᠲᠣᠭᠣᠷᠢᠨ ᠰᠠᠭᠤᠯᠴᠠᠵᠤ ᠬᠢᠨᠠᠮᠠᠭᠠᠢ ᠰᠤᠷᠤᠯᠴᠠᠨ᠎ᠠ᠃ ᠠᠵᠢᠯᠯᠠᠬᠤ ᠲᠠᠰᠤᠭ ᠲᠦ᠍ ᠵᠠᠬᠢᠶᠠᠯᠠᠭ᠎ᠠ ᠢ᠋ᠢᠨ ᠬᠠᠭᠤᠳᠠᠰᠤ ᠠᠭᠤᠯᠠ ᠮᠡᠲᠤ ᠤᠪᠤᠭᠠᠷᠠᠵᠤ ᠪᠠᠢᠯ᠎ᠠ᠃ ᠡᠨᠡ ᠬᠦ᠌ 《ᠨᠡᠷᠡᠨ ᠬᠡᠦᠬᠡᠨ》 ᠠᠵᠢᠯᠯᠠᠬᠤ ᠦᠷᠦᠭᠡ ᠨᠢ ᠡᠸᠡᠩᠬᠢ ᠦᠨᠳᠦᠰᠦᠲᠡᠨ ᠤ᠋ ᠰᠣᠶᠣᠯ ᠤ᠋ᠨ ᠳᠤᠷᠠᠰᠤᠮᠵᠢ ᠢ᠋ᠢ ᠠᠴᠢᠶᠠᠯᠠᠭ᠍ᠰᠠᠨ 《ᠨᠡᠷᠡᠨ ᠬᠤᠸᠠᠷ》 ᠭᠠᠷ ᠤᠷᠠᠯᠠᠯ ᠤ᠋ᠨ ᠪᠦᠲᠦᠭᠡᠯ ᠢ᠋ ᠤᠯᠠᠮᠵᠢᠯᠠᠨ ᠵᠠᠯᠭᠠᠮᠵᠢᠯᠠᠬᠤ ᠳᠤᠮᠳᠠ ᠪᠠᠶᠠᠵᠢᠯ ᠤ᠋ᠨ ᠦᠷ᠎ᠡ ᠢ᠋ᠢ ᠰᠠᠴᠤᠵᠤ᠂ ᠱᠢᠨ᠎ᠡ ᠢ᠋ᠢ ᠡᠭᠦᠳᠬᠦ᠌ ᠳᠤᠮᠳᠠ ᠱᠢᠨ᠎ᠡ ᠴᠠᠭ ᠦᠶ᠎ᠡ ᠢ᠋ᠢᠨ ᠭᠡᠷᠡᠯ ᠭᠢᠯᠪᠠᠭ᠎ᠠ ᠢ᠋ᠢ ᠰᠠᠴᠤᠷᠠᠭᠤᠯᠵᠤ ᠪᠠᠢᠭ᠎ᠠ ᠪᠢᠯᠡ᠃
ᠡᠸᠡᠩᠬᠢ ᠦᠨᠳᠦᠰᠦᠲᠡᠨ ᠤ᠋ 《ᠨᠡᠷᠡᠨ ᠬᠤᠸᠠᠷ》 ᠪᠣᠯ ᠠᠮᠢᠲᠠᠨ ᠤ᠋ ᠠᠷᠠᠰᠤ ᠨᠤᠤᠰᠤ ᠪᠠ ᠥᠩᠭᠡᠲᠦ ᠴᠢᠯᠠᠭᠤ ᠪᠡᠷ ᠬᠢᠭ᠌ᠰᠡᠨ ᠤᠯᠠᠮᠵᠢᠯᠠᠯᠲᠤ ᠴᠢᠮᠡᠭ᠌ᠯᠡᠯ ᠤ᠋ᠨ ᠡᠳ᠋ ᠮᠥᠨ᠂ ᠲᠣᠭᠣᠷᠢᠭ ᠤ᠋ᠨ ᠲᠥᠪ ᠨᠢ ᠨᠠᠷᠠ ᠢ᠋ᠢ ᠪᠡᠯᠭᠡᠳᠡᠵᠦ᠍᠂ ᠳᠥᠷᠪᠡᠨ ᠲᠠᠯ᠎ᠠ ᠢ᠋ᠢᠨ 《ᠬᠡᠷᠡᠯ ᠭᠢᠯᠪᠠᠭ᠎ᠠ》 ᠨᠢ ᠬᠠᠯᠠᠭᠤᠨ ᠳᠤᠯᠠᠭᠠᠨ ᠪᠤᠯᠤᠨ ᠬᠡᠭᠡᠨ ᠰᠠᠷᠠᠭᠤᠯ ᠢ᠋ ᠪᠡᠯᠭᠡᠳᠠᠵᠤ ᠪᠠᠢᠳᠠᠭ᠃ 2015 ᠣᠨ ᠳ᠋ᠤ ᠮᠠᠯᠴᠢᠨ ᠪᠦᠰᠡᠭᠦᠢ ᠤᠷᠠᠨ ᠠᠵᠢᠯᠯᠠᠬᠤ ᠲᠠᠰᠤᠭ ᠢ᠋ ᠡᠭᠦᠰᠭᠡᠨ ᠪᠠᠢᠭᠤᠯᠵᠤ᠂ ᠲᠡᠷᠡ ᠦᠶ᠎ᠡ ᠳ᠋ᠤ 《ᠨᠡᠷᠡᠨ ᠬᠤᠸᠠᠷ》 ᠢ᠋ ᠵᠥᠪᠬᠡᠨ ᠪᠤᠳᠠᠳᠤ ᠲᠠᠯᠬᠡᠬᠦᠷ ᠠᠬᠤᠢ ᠲᠠᠯᠠᠪᠠᠢ ᠳ᠋ᠤ ᠪᠤᠷᠤᠯᠠᠭᠤᠯᠵᠤ᠂ ᠠᠷᠠᠯᠵᠢᠶ᠎ᠠ ᠮᠠᠢᠮᠠᠢ ᠨᠢ ᠲᠡᠢᠮᠤ ᠴᠤ᠌ ᠰᠠᠢᠨ ᠪᠢᠰᠢ ᠪᠠᠢᠯ᠎ᠠ᠃ 2018 ᠣᠨ ᠳ᠋ᠤ ᠤᠷᠠᠨ ᠤ᠋ ᠬᠡᠤᠬᠡᠨ ᠠᠢᠵᠠᠮ ᠨᠤᠲᠤᠭ ᠲᠠᠭᠠᠨ ᠪᠤᠴᠠᠵᠤ ᠭᠠᠷ ᠤᠷᠠᠯᠠᠯ ᠤ᠋ᠨ ᠮᠡᠷᠭᠡᠵᠢᠯ ᠢ᠋ ᠤᠯᠠᠮᠵᠢᠯᠠᠨ ᠵᠠᠯᠭᠠᠮᠵᠢᠯᠠᠵᠤ ᠬᠦᠭᠵᠢᠬᠦᠯᠦᠨ ᠪᠠᠳᠠᠷᠠᠭᠤᠯᠬᠤ ᠪᠡᠷ ᠵᠣᠷᠢᠭ ᠱᠢᠭᠤᠳᠴᠠᠢ᠃
《ᠬᠠᠭᠤᠴᠢᠨ ᠤ᠋ ᠭᠠᠷ ᠤᠷᠠᠯᠠᠯ ᠬᠠᠭᠤᠴᠢᠨ ᠵᠠᠮ ᠢ᠋ᠢᠡᠨ ᠪᠠᠷᠢᠮᠲᠠᠯᠠᠵᠤ ᠪᠣᠯᠬᠤ ᠦᠭᠡᠢ》ᠬᠡᠵᠤ ᠠᠢᠵᠠᠮ ᠤᠯᠠᠮᠵᠢᠯᠠᠯᠲᠤ ᠬᠢᠵᠠᠭᠠᠷᠯᠠᠯ ᠢ᠋ ᠡᠪᠳᠡᠨ᠂ ᠦᠨᠳᠦᠰᠦᠲᠡᠨ ᠤ᠋ ᠬᠡ ᠤᠭᠠᠯᠵᠠ ᠢ᠋ᠢᠨ ᠣᠬᠢ ᠰᠣᠳᠣ ᠢ᠋ᠢ ᠪᠦᠷᠢᠨ ᠪᠦᠲᠦᠨ ᠦᠯᠡᠳᠡᠭᠡᠭ᠌ᠰᠡᠨ ᠰᠠᠭᠤᠷᠢᠨ ᠳᠡᠭᠡᠷ᠎ᠡ ᠣᠲᠣ ᠦᠶ᠎ᠡ ᠢ᠋ᠢᠨ ᠡᠯᠧᠮᠧᠨ᠋ᠲ ᠲᠡᠶ ᠠᠭᠤᠰᠤᠯᠴᠠᠭᠤᠯᠵᠤ᠂ ᠡᠭᠡᠮᠦᠭ᠂ ᠡᠩᠭᠡᠷ ᠤ᠋ᠨ ᠵᠡᠭᠦᠯᠲᠡ᠂ ᠭᠠᠷ ᠤᠲᠠᠰᠤᠨ ᠤ᠋ ᠲᠤᠯᠬᠤ ᠵᠢᠶᠠᠰᠠ ᠵᠡᠷᠭᠡ 100 ᠭᠠᠷᠤᠶ ᠵᠦᠶ᠋ᠯ ᠤ᠋ᠨ ᠦᠶ᠋ᠯᠡᠳᠬᠦᠨ ᠢ᠋ ᠰᠤᠳᠤᠯᠤᠨ ᠭᠠᠷᠭᠠᠪᠠ᠃ ᠲᠡᠷᠡ ᠴᠤᠤᠷᠢᠶ᠎ᠠ ᠲᠠᠬᠡᠷ᠎ᠠ ᠱᠢᠭᠤᠳ ᠨᠡᠪᠲᠡᠷᠡᠭᠦᠯᠭᠡ ᠬᠢᠵᠦ᠍᠂ ᠰᠡᠭᠦᠳᠡᠷᠯᠡᠬᠦ᠌ ᠮᠠᠱᠢᠨ ᠤ᠋ ᠡᠮᠦᠨ᠎ᠡ ᠠᠷᠠᠰᠤ ᠨᠣᠣᠰᠣ ᠢ᠋ᠢ ᠱᠢᠢᠳᠪᠦᠷᠢᠯᠡᠬᠦ᠌᠂ ᠴᠢᠯᠠᠭᠤ ᠦᠷᠦᠬᠦ᠌ ᠤᠯᠠᠮᠵᠢᠯᠠᠯᠲᠤ ᠤᠷ᠎ᠠ ᠮᠡᠷᠭᠡᠵᠢᠯ ᠢ᠋ ᠪᠦᠬᠦ᠌ ᠶᠠᠪᠤᠴᠠ ᠪᠡᠷ ᠳᠡᠯᠭᠡᠨ ᠦᠵᠡᠭᠦᠯᠵᠦ᠍᠂ 《ᠨᠡᠷᠡᠨ ᠬᠤᠸᠠᠷ》ᠢ᠋ᠢᠡᠨ ᠥᠪᠥᠷ ᠮᠣᠩᠭᠣᠯ ᠲᠡᠳᠤᠢ ᠦᠬᠡᠢ ᠱᠠᠩᠬᠠᠢ᠂ ᠭᠤᠸᠠᠩᠵᠧᠦ ᠬᠦᠷᠳᠡᠯ᠎ᠠ ᠪᠤᠷᠤᠯᠠᠭᠤᠯᠵᠤ᠂ ᠴᠢᠨᠠᠭ᠍ᠰᠢᠯᠠᠪᠠᠯ ᠭᠠᠳᠠᠭᠠᠳᠤ ᠳ᠋ᠤ᠌ ᠭᠠᠷᠭᠠᠵᠡᠢ᠃ 《ᠨᠢᠭᠡ ᠤᠳᠠᠭ᠎ᠠ ᠵᠢᠨ ᠱᠢᠭᠤᠳ ᠨᠡᠪᠲᠡᠷᠡᠭᠦᠯᠭᠡ ᠪᠡᠷ ᠬᠠᠮᠤᠭ ᠤ᠋ᠨ ᠣᠯᠠᠨ ᠳ᠋ᠠᠭᠠᠨ 1000 ᠭᠠᠷᠤᠶ ᠵᠠᠬᠢᠶᠠᠯᠠᠭᠠᠲᠤᠰᠴᠤ ᠪᠠᠢᠭᠰᠠᠨ᠂ ᠪᠥᠬᠥ᠌ ᠤᠯᠤᠰ ᠤ᠋ᠨ ᠡᠯ᠎ᠡ ᠭᠠᠵᠠᠷ ᠤ᠋ᠨ ᠨᠠᠢᠵᠠ ᠨᠠᠷ ᠴᠥᠮ 〈ᠨᠡᠷᠡᠨ ᠬᠤᠸᠠᠷ〉 ᠢ᠋ᠢᠡᠷ ᠳᠡᠮᠵᠢᠨ ᠡᠸᠡᠩᠬᠢᠦᠨᠳᠦᠰᠦᠲᠡᠨ ᠲᠠᠢ ᠲᠠᠨᠢᠯᠴᠠᠵᠤ ᠡᠸᠡᠩᠬᠢ ᠦᠨᠳᠦᠰᠦᠲᠡᠨ ᠢ᠋ ᠪᠠᠬᠠᠷᠬᠠᠬᠤ ᠪᠤᠯᠵᠠᠢ》 ᠭᠡᠵᠤ ᠠᠢᠵᠠᠮ ᠤᠮᠤᠭᠰᠢᠯᠲᠠᠢ ᠶᠠᠷᠢᠨ᠎ᠠ᠃
ᠵᠠᠬᠢᠶᠠᠯᠠᠭ᠎ᠠ ᠢ᠋ᠢᠨ ᠬᠠᠭᠤᠳᠠᠰᠤ ᠶᠡᠬᠡ ᠪᠡᠷ ᠨᠡᠮᠡᠭᠳᠡᠭᠰᠡᠨ ᠨᠢ ᠠᠵᠠ ᠲᠣᠬᠢᠶᠠᠯ ᠪᠤᠯᠬᠤ ᠮᠦᠷᠳᠡᠬᠡᠨ ᠪᠠᠰᠠ ᠴᠦ᠍ ᠦᠷᠢᠰᠦᠯᠳᠦᠭᠡᠨ ᠪᠤᠯᠬᠤ ᠶᠤᠮ᠂ ᠡᠵᠢ ᠥᠬᠢᠨ ᠬᠣᠶᠠᠭᠤᠯᠠ ᠰᠦᠶ᠋ᠳᠭᠡᠯ ᠬᠤᠷᠢᠶᠠᠬᠤ ᠥᠬᠡᠶ ᠪᠡᠷ ᠮᠡᠷᠭᠡᠵᠢᠯ ᠴᠢᠳᠠᠪᠤᠷᠢ ᠢ᠋ᠢᠨ ᠪᠣᠯᠪᠠᠰᠤᠷᠠᠯ ᠤ᠋ᠨ ᠠᠩᠭᠢ ᠡᠷᠭᠢᠯᠡᠨ᠂ ᠵᠢᠯ ᠪᠦᠷᠢ 100 ᠭᠠᠷᠤᠶ ᠰᠣᠷᠣᠭ᠍ᠴᠢ ᠪᠣᠯᠪᠠᠰᠤᠷᠠᠭᠤᠯᠵᠤ᠂ ᠬᠤᠳᠠ ᠤᠷᠤᠵᠤ ᠬᠡᠤᠬᠡᠳ ᠢ᠋ᠢᠡᠨ ᠬᠠᠷᠠᠵᠤ ᠬᠠᠷᠠᠭᠠᠯᠵᠡᠵᠤ ᠪᠠᠢᠭ᠎ᠠ ᠡᠵᠢ ᠨᠠᠷ᠂ ᠠᠵᠢᠯ ᠬᠦᠯᠢᠶᠡᠵᠦ᠍ ᠪᠠᠢᠭ᠎ᠠ ᠡᠮᠡᠭ᠌ᠲᠡᠢᠴᠦᠳ ᠲᠦ᠍ ᠲᠦᠭᠦᠬᠡᠶ ᠡᠳ᠋ ᠤ᠋ᠨ ᠪᠣᠭᠣᠳᠠᠯ ᠪᠠᠭ᠍ᠯᠠᠭᠠ ᠪᠠ ᠳᠠᠭᠠᠭᠠᠴᠢᠯᠠᠨ ᠪᠣᠷᠣᠯᠠᠭᠤᠯᠬᠤ ᠦᠶ᠋ᠯᠡᠴᠢᠯᠡᠭᠡ ᠬᠠᠩᠭᠠᠨ᠂ 20 ᠬᠥᠮᠦᠨ ᠢ᠋ ᠡᠯᠰᠠᠨ ᠲᠣᠭ᠍ᠲᠠᠪᠤᠷᠢᠲᠠᠶ ᠠᠵᠢᠯ ᠣᠯᠭᠣᠵᠤ᠂ 800 ᠭᠠᠷᠤᠶ ᠬᠥᠮᠦᠨ ᠤ᠋ ᠣᠷᠣᠯᠭ᠎ᠠ ᠢ᠋ᠢ ᠳᠠᠮ ᠢ᠋ᠢᠡᠷ ᠨᠡᠮᠡᠭ᠌ᠳᠡᠭᠦᠯᠪᠠ᠃ 《ᠤᠤᠯ ᠳ᠋ᠠᠭᠠᠨ ᠬᠢᠬᠦ᠌ ᠠᠵᠢᠯ ᠦᠭᠡᠢ ᠪᠠᠢᠵᠠᠢ᠂ ᠤᠳᠤ 〈ᠨᠡᠷᠡᠨ ᠬᠤᠸᠠᠷ〉 ᠬᠢᠵᠤ ᠰᠠᠷ᠎ᠠ ᠪᠦᠷᠢ ᠬᠡᠳᠦᠨ ᠮᠢᠩᠭᠠᠨ ᠲᠥᠭᠥᠷᠢᠭ ᠣᠯᠬᠤ ᠪᠡᠷ ᠪᠠᠷᠠᠬᠤ ᠦᠭᠡᠢ ᠬᠡᠦᠬᠡᠳ ᠢ᠋ᠢᠡᠨ ᠪᠠᠰᠠ ᠬᠠᠷᠠᠭᠠᠯᠵᠠᠴᠢᠬᠠᠨᠠ》 ᠬᠡᠵᠤ ᠮᠠᠯᠴᠢᠨ ᠰᠠᠷᠠᠡᠭᠭᠤᠸᠠ ᠶ᠋ᠢᠨ ᠴᠢᠷᠠᠶ ᠳ᠋ᠤ ᠵᠢᠷᠭᠠᠯ ᠤ᠋ᠨ ᠮᠥᠰᠢᠶᠡᠳᠤ ᠲᠣᠳᠣᠷᠠᠨ᠎ᠠ᠃ 《ᠪᠢᠳᠡᠨ ᠳ᠋ᠤ ᠠᠪᠴᠤ᠌ ᠬᠡᠯᠡᠪᠡᠯ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠭᠡᠳᠡᠭ ᠪᠣᠯ ᠳᠠᠷᠤᠶ ᠦᠨᠳᠦᠰᠦᠲᠡᠨ ᠨᠤᠭᠦᠳ ᠤ᠋ᠨ ᠡᠭᠡᠴᠢ ᠳᠡᠭᠦᠦ᠍ ᠨᠡᠷ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠬᠠᠮᠲᠤ ᠪᠡᠷ ᠭᠠᠷ ᠤᠷᠠᠯᠠᠯ ᠰᠤᠷᠴᠤ᠌᠂ ᠬᠠᠮᠲᠤ ᠪᠡᠷ ᠵᠠᠬ᠎ᠠ ᠳᠡᠯᠭᠡᠭᠦᠷ ᠨᠡᠭᠡᠭᠡᠵᠦ᠍᠂ ᠬᠠᠮᠲᠤ ᠪᠡᠷ ᠪᠠᠶᠠᠵᠢᠬᠤ ᠶᠠᠪᠤᠳᠠᠯ ᠪᠣᠯᠤᠨ᠎ᠠ》 ᠭᠡᠵᠤ ᠤᠷᠠᠨ ᠪᠠᠢᠩᠭᠤ ᠶᠠᠷᠢᠳᠠᠭ ᠶᠤᠮ᠃
ᠬᠥᠭ᠌ᠵᠢᠬᠦᠯᠤᠯᠲᠡ ᠢ᠋ᠢᠨ ᠶᠠᠪᠤᠴᠠ ᠳ᠋ᠤ ᠡᠵᠢ ᠥᠬᠢᠨ ᠬᠣᠶᠠᠭᠤᠯᠠ ᠪᠠᠰᠠ 《ᠪᠣᠳᠠᠰ ᠤ᠋ᠨ ᠪᠤᠰᠤ ᠰᠣᠶᠣᠯ ᠤ᠋ᠨ ᠥᠪ + ᠵᠢᠭᠤᠯᠴᠢᠯᠠᠯ + ᠰᠤᠳᠤᠯᠤᠨ ᠰᠤᠷᠤᠯᠴᠠᠯᠭ᠎ᠠ》 ᠵᠠᠭ᠍ᠪᠤᠷ ᠢ᠋ ᠱᠢᠨ᠎ᠡ ᠪᠡᠷ ᠡᠭᠦᠳᠴᠦ᠍᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠪᠡᠶᠡᠴᠢᠯᠡᠨ ᠣᠢᠯᠠᠭᠠᠬᠤ ᠣᠷᠳᠣᠨ ᠪᠠᠢᠭᠤᠯᠵᠦ᠂ ᠵᠢᠭᠤᠯᠴᠢᠯᠠᠯ ᠤ᠋ᠨ ᠭᠠᠵᠠᠷ ᠲᠠᠶ ᠭᠦᠨᠵᠡᠭᠡᠢ ᠬᠠᠮᠲᠤᠷᠠᠯᠴᠠᠵᠤ᠂ ᠵᠢᠭᠤᠯᠴᠢᠯᠠᠭᠰᠠᠳ ᠲᠤ᠌ 《ᠨᠡᠷᠡᠨ ᠬᠤᠸᠠᠷ》 ᠢ᠋ ᠪᠠᠶᠠᠴᠢᠯᠡᠨ ᠬᠢᠬᠦ ᠨᠦᠭᠦᠴᠡᠯ ᠬᠠᠡᠭᠭᠠᠪᠠ᠃ ᠲᠢᠶᠠᠨᠵᠢᠨ ᠡᠴᠡ ᠢᠷᠡᠭ᠌ᠰᠡᠨ ᠯᠢᠦ ᠲᠦᠩ ᠲᠦᠩ ᠥᠪᠡᠷ ᠤ᠋ᠨ ᠬᠢᠭᠰᠡᠨ ᠡᠩᠭᠡᠷ ᠤ᠋ᠨ ᠵᠡᠭᠦᠯᠲᠡ ᠪᠡᠨ ᠬᠠᠷᠠᠭᠠᠳ᠄《ᠮᠢᠨᠤ ᠬᠢᠭ᠌ᠰᠡᠨ ᠵᠠᠰᠠᠯ ᠵᠢᠮᠰᠡᠭ ᠦᠨᠳᠦᠰᠦᠲᠡᠨ ᠤ᠋ ᠬᠡᠪ ᠨᠠᠮᠪᠠ ᠲᠠᠶ ᠮᠥᠷᠲᠡᠭᠡᠨ ᠪᠠᠰᠠ ᠴᠠᠭ ᠤ᠋ᠨ ᠦᠨᠭ᠌ᠭᠡ ᠲᠡᠶ ᠨᠡᠢᠴᠡᠵᠦ᠍ ᠪᠤᠢ᠂ ᠡᠨᠡ ᠪᠣᠯ ᠬᠠᠮᠤᠭ ᠤ᠋ᠨ ᠣᠨᠴᠠᠭᠠᠢ ᠥᠪᠥᠷ ᠮᠣᠩᠭᠣᠯ ᠤ᠋ᠨ ᠳᠤᠷᠠᠰᠤᠮᠵᠢ ᠶᠤᠮ》 ᠭᠡᠵᠤ ᠳᠤᠭᠳᠤᠯᠤᠨ ᠶᠠᠷᠢᠨ᠎ᠠ᠃ ᠤᠳᠤ ᠠᠵᠢᠯᠯᠠᠬᠤ ᠲᠠᠰᠤᠭ ᠨᠢ ᠵᠢᠯ ᠪᠦᠷᠢ 100 ᠱᠢᠬᠠᠮ ᠰᠤᠳᠤᠯᠤᠨ ᠰᠤᠷᠤᠯᠴᠠᠬᠤ ᠪᠦᠯᠬᠦᠮ ᠢ᠋ ᠬᠦᠯᠢᠶᠡᠨ ᠠᠪᠴᠤ᠌᠂ ᠡᠸᠡᠩᠬᠢ ᠰᠣᠶᠣᠯ ᠢ᠋ ᠪᠡᠶᠡᠴᠢᠯᠡᠨ ᠣᠢᠯᠠᠭᠠᠬᠤ ᠳᠤᠮᠳᠠ ᠤᠯᠠᠮᠵᠢᠯᠠᠨ ᠪᠠᠳᠠᠷᠠᠭᠤᠯᠵᠤ ᠪᠠᠢᠨ᠎ᠠ᠃
ᠡᠯ᠎ᠡ ᠱᠠᠲᠤᠨ ᠤ᠋ ᠵᠠᠰᠠᠭ ᠤ᠋ᠨ ᠣᠷᠳᠣᠨ ᠤ᠋ ᠳᠡᠮᠵᠢᠯᠭᠡ ᠳᠤᠤᠷ᠎ᠠ ᠲᠡᠷᠭᠡᠨ ᠬᠥᠮᠥᠷᠭᠡ ᠡᠴᠡ ᠡᠬᠢᠯᠡᠭ᠌ᠰᠡᠨ ᠡᠨᠡ ᠬᠦ᠌ ᠵᠢᠵᠢᠭ ᠦᠶ᠋ᠯᠡᠳᠭᠡᠯ ᠤ᠋ᠨ ᠭᠠᠵᠠᠷ ᠨᠢ ᠤᠳᠤ ᠵᠢᠯ ᠳ᠋ᠤ 3 ᠲᠦᠮᠡ ᠭᠠᠷᠤᠢ ᠬᠤᠪᠢ 《ᠨᠠᠷᠠᠨ ᠬᠤᠸᠠᠷ》 ᠤ᠋ᠨ ᠦᠢᠯᠡᠳᠬᠦᠨ ᠬᠢᠵᠤ᠂ ᠠᠢᠵᠠᠮ ᠴᠦ᠍ ᠥᠪᠡᠷᠲᠡᠭᠡᠨ ᠵᠠᠰᠠᠬᠤ ᠣᠷᠣᠨ ᠤ᠋ ᠬᠥᠳᠡᠯᠮᠦᠷᠢ ᠢ᠋ᠢᠨ ᠵᠢᠱ᠌ᠢᠶᠡᠴᠢ ᠢ᠋ᠢᠨ ᠢᠷᠠᠭᠤ ᠠᠯᠳᠠᠷ ᠢ᠋ ᠬᠦᠷᠳᠡᠵᠠᠢ᠃ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ ᠡᠴᠡ ᠪᠢᠳᠡᠨ ᠳ᠋ᠤ ᠬᠥᠭ᠌ᠵᠢᠯᠲᠡ ᠢ᠋ᠢᠨ ᠴᠢᠭ᠌ᠯᠡᠯ ᠢ᠋ ᠲᠣᠳᠣᠷᠬᠠᠢ ᠵᠢᠭᠠᠵᠤ ᠥᠭ᠌ᠴᠡᠢ᠂ ᠵᠠᠰᠠᠭ ᠤ᠋ᠨ ᠣᠷᠳᠣᠨ ᠡᠴᠡ ᠲᠦᠷᠦ᠍ ᠢ᠋ᠢᠨ ᠪᠤᠳᠤᠯᠭ᠎ᠠ᠂ ᠲᠠᠪᠴᠠᠩ ᠪᠠ ᠳᠡᠮᠵᠢᠯᠭᠡ ᠬᠠᠡᠭᠭᠠᠵᠤ᠂ ᠪᠢᠳᠡ ᠪᠠᠢᠳᠠᠯ ᠢ᠋ ᠲᠠᠭᠠᠨ ᠠᠵᠢᠯᠯᠠᠵᠤ᠂ ᠳᠤᠮᠳᠠᠳᠤ ᠢ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠰᠠᠢᠲᠤᠷ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠢ᠋ ᠰᠠᠢᠲᠤᠷ ᠲᠠᠢ᠌ᠴᠢᠯᠠᠨᠠ》 ᠭᠡᠵᠤ ᠠᠢᠵᠠᠮ ᠰᠡᠳᠬᠢᠯ ᠳᠤᠭᠳᠤᠯᠤᠨ ᠶᠠᠷᠢᠪᠠ᠃
ᠲᠠᠯ᠎ᠠ ᠨᠤᠲᠤᠭ ᠲᠤ᠌ ᠬᠦᠢᠲᠡᠨ ᠰᠠᠯᠬᠢ ᠬᠠᠴᠠᠷ ᠵᠦᠰᠦᠨ ᠦᠯᠢᠶᠡᠵᠤ ᠪᠠᠢᠬᠤ ᠳ᠋ᠤ 《ᠨᠡᠷᠡᠨ ᠬᠡᠦᠬᠡᠨ》 ᠠᠵᠢᠯᠯᠠᠬᠤ ᠦᠷᠦᠭᠡ ᠳ᠋ᠤ ᠬᠠᠷᠢᠨ ᠬᠠᠯᠠᠭᠤᠨ ᠳᠤᠯᠠᠭᠠᠨ ᠠᠭᠤᠷ ᠠᠮᠢᠰᠬᠤᠯ ᠢ᠋ᠢᠡᠷ ᠪᠢᠯᠬᠠᠨ᠎ᠠ᠃ ᠡᠸᠡᠩᠬᠢ ᠦᠨᠳᠦᠰᠦᠲᠡᠨ ᠤ᠋ ᠰᠣᠶᠣᠯ ᠤ᠋ᠨ ᠰᠤᠳᠠᠰᠤ ᠢ᠋ᠢ ᠠᠴᠢᠶᠠᠯᠠᠭ᠍ᠰᠠᠨ ᠡᠨᠡ ᠬᠦ᠌ 《ᠨᠡᠷᠡᠨ ᠬᠤᠸᠠᠷ》 ᠨᠢ ᠳᠤᠮᠳᠠᠳᠤ ᠢ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠤᠯᠠᠮᠵᠢᠯᠠᠨ ᠵᠠᠯᠭᠠᠮᠵᠢᠯᠠᠵᠤ ᠱᠢᠨ᠎ᠡ ᠢ᠋ᠢ ᠡᠭᠦᠳᠬᠦ᠌ ᠢ᠋ᠢᠨ ᠠᠮᠢᠳᠤ ᠰᠣᠷᠭᠣᠭ ᠠᠴᠢᠶᠠᠯᠠᠪᠤᠷᠢ ᠪᠣᠯᠬᠤ ᠪᠡᠷ ᠪᠠᠷᠠᠬᠤ ᠦᠭᠡᠢ ᠮᠦᠨ ᠴᠤ᠌ ᠳᠤᠮᠳᠠᠳᠤ ᠢ᠋ᠢᠨ ᠦᠨᠳᠦᠰᠦᠲᠡᠨ ᠤ᠋ ᠬᠠᠮᠲᠤ ᠢ᠋ᠢᠨ ᠴᠣᠭ᠍ᠴᠠ ᠢ᠋ᠢᠨ ᠤᠬᠠᠮᠰᠠᠷ ᠢ᠋ ᠪᠠᠲᠤ ᠴᠣᠭ᠍ᠴᠠᠯᠠᠬᠤ ᠢ᠋ᠢᠨ ᠪᠠᠲᠤ ᠪᠡᠬᠢ ᠬᠣᠯᠪᠣᠭᠠᠰᠤ ᠪᠤᠯᠤᠨ᠎ᠠ᠂ ᠨᠡᠩ ᠴᠤ᠌ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠢ᠋ᠢᠨ ᠦᠨᠳᠦᠰᠦᠨ ᠱᠠᠲᠤᠨ ᠳ᠋ᠤ ᠦᠨᠳᠦᠰᠦᠯᠡᠵᠦ᠍᠂ ᠴᠡᠴᠡᠭ᠌ᠯᠡᠨ ᠵᠢᠮᠢᠰᠯᠡᠭ᠌ᠰᠡᠨ ᠤ᠋ ᠠᠮᠢᠳᠤᠯᠢᠭ ᠵᠢᠷᠤᠭ᠍ᠯᠠᠯ ᠪᠤᠯᠬᠤ ᠶᠤᠮ᠃
ᠤᠳᠤ ᠬᠥᠯᠥᠨ ᠪᠤᠢ᠌ᠷ ᠤ᠋ᠨ ᠥᠷᠭᠡᠨ ᠠᠭᠤᠳᠠᠮ ᠲᠠᠯ᠎ᠠ ᠨᠤᠲᠤᠭ ᠲᠦ᠍ ᠨᠡᠡᠭ ᠤᠯᠠᠨ 《ᠨᠡᠷᠡᠨ ᠬᠤᠸᠠᠷ》 ᠴᠡᠴᠡᠭᠯᠡᠨ ᠳᠡᠯᠭᠡᠷᠡᠵᠦ᠍᠂ ᠦᠨᠳᠦᠰᠦᠲᠡᠨ ᠨᠤᠭᠦᠳ ᠤ᠋ᠨ ᠬᠠᠮᠲᠤ ᠪᠡᠷ ᠪᠦᠯᠬᠦᠮᠳᠡᠨ ᠲᠡᠮᠡᠴᠡᠵᠦ᠍᠂ ᠬᠠᠮᠲᠤ ᠪᠡᠷ ᠴᠡᠴᠡᠭ᠌ᠯᠡᠨ ᠬᠥᠭ᠌ᠵᠢᠬᠦ᠌ ᠵᠣᠯ ᠵᠢᠷᠭᠠᠯᠲᠤ ᠵᠠᠮ ᠢ᠋ ᠬᠡᠷᠡᠯᠲᠦᠭᠦᠯᠵᠦ᠍ ᠪᠠᠢᠨ᠎ᠠ᠃