ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠤᠢᠷ᠎ᠠ ᠳ᠋ᠤ ᠤᠯᠤᠰ ᠤ᠋ᠨ《2023 — 2024 ᠤᠨ ᠤ᠋ ᠤᠯᠠᠨ ᠨᠡᠢᠳᠡ ᠶ᠋ᠢᠨ ᠪᠠᠢᠭᠤᠯᠤᠮᠵᠢ ᠶ᠋ᠢᠨ ᠡᠨᠧᠷᠬᠢ ᠶ᠋ᠢᠨ ᠠᠰᠢᠭᠯᠠᠮᠵᠢ ᠶ᠋ᠢᠨ ᠳᠠᠭᠠᠭᠤᠯᠤᠭᠴᠢ》 ᠶ᠋ᠢᠨ ᠢᠷᠠᠭᠤ ᠠᠯᠳᠠᠷ ᠤ᠋ᠨ ᠴᠤᠯᠠ ᠶ᠋ᠢ ᠬᠦᠷᠳᠡᠵᠤ᠂ ᠲᠤᠰ ᠢᠷᠠᠭᠤ ᠠᠯᠳᠠᠷ ᠢ᠋ ᠬᠦᠷᠳᠡᠭᠰᠡᠨ ᠪᠦᠬᠦ ᠤᠯᠤᠰ ᠤ᠋ᠨ 198 ᠨᠢᠭᠡᠴᠢ ᠶ᠋ᠢᠨ ᠨᠢᠭᠡ ᠳ᠋ᠤ ᠪᠠᠭᠳᠠᠵᠠᠢ᠃
ᠤᠢᠯᠠᠭᠠᠭᠰᠠᠨ ᠶ᠋ᠢᠡᠷ᠂ ᠲᠤᠰ ᠤᠳᠠᠭ᠎ᠠ ᠵᠢᠨ 《 ᠤᠯᠠᠨ ᠨᠡᠢᠳᠡ ᠶ᠋ᠢᠨ ᠪᠠᠢᠭᠤᠯᠤᠮᠵᠢ ᠶ᠋ᠢᠨ ᠡᠨᠧᠷᠬᠢ ᠶ᠋ᠢᠨ ᠠᠰᠢᠭᠯᠠᠮᠵᠢ ᠶ᠋ᠢᠨ ᠳᠠᠭᠠᠭᠤᠯᠤᠭᠴᠢ 》 ᠶ᠋ᠢ ᠰᠢᠯᠭᠠᠷᠠᠭᠤᠯᠬᠤ ᠠᠵᠢᠯ ᠨᠢ ᠤᠯᠤᠰ ᠤ᠋ᠨ《ᠠᠷᠪᠡᠨ ᠳᠦᠷᠪᠡᠳᠦᠭᠡᠷ ᠳᠠᠪᠤᠨ ᠵᠢᠯ》 ᠤ᠋ᠨ ᠤᠯᠠᠨ ᠨᠡᠢᠳᠡ ᠶ᠋ᠢᠨ ᠪᠠᠢᠭᠤᠯᠤᠮᠵᠢ ᠶ᠋ᠢᠨ ᠡᠨᠧᠷᠬᠢ ᠠᠷᠪᠢᠯᠠᠬᠤ ᠠᠵᠢᠯ ᠤ᠋ᠨ ᠶᠡᠷᠦᠩᠬᠡᠢ ᠪᠠᠢᠷᠢᠯᠠᠭᠤᠯᠤᠯᠳᠠ ᠶ᠋ᠢ ᠴᠢᠩᠭ᠎ᠠ ᠨᠠᠢᠳᠠᠪᠤᠷᠢᠵᠢᠭᠤᠯᠵᠤ᠂ ᠡᠯ᠎ᠠ ᠮᠤᠵᠢ ᠬᠤᠳᠠ ᠤᠷᠤᠨ ᠤ᠋ ᠬᠢᠨ ᠦᠪᠡᠰᠦᠪᠡᠨ ᠡᠷᠡᠮᠡᠯᠵᠡᠨ ᠳᠡᠪᠰᠢᠭᠦᠯᠬᠦ᠂ ᠲᠤᠰᠬᠠᠢ ᠮᠡᠷᠭᠡᠵᠢᠯᠳᠡᠨ ᠡᠴᠡ ᠬᠢᠨᠡᠨ ᠦᠨᠡᠯᠡᠬᠦ᠂ ᠰᠦᠯᠵᠢᠶ᠎ᠠ ᠪᠡᠷ ᠠᠰᠠᠭᠤᠯᠳᠠ ᠬᠠᠷᠢᠭᠤᠯᠬᠤ ᠵᠡᠷᠭᠡ ᠠᠯᠬᠤᠮ ᠶ᠋ᠢᠡᠷ ᠶᠠᠪᠤᠭᠳᠠᠪᠠ᠃ ᠮᠠᠨ ᠤ᠋ ᠤᠷᠤᠨ ᠡᠴᠡ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ᠂ ᠤᠯᠠᠭᠠᠨᠬᠠᠳᠠ ᠬᠤᠳᠠ ᠶ᠋ᠢᠨ ᠪᠠᠢᠭᠤᠯᠭ᠎ᠠ ᠶ᠋ᠢᠨ ᠶᠠᠪᠤᠳᠠᠯ ᠤ᠋ᠨ ᠬᠠᠮᠢᠶᠠᠷᠤᠯᠳᠠ ᠶ᠋ᠢᠨ ᠲᠤᠪᠴᠢᠶ᠎ᠠ᠂ ᠤᠷᠳᠤᠰ ᠬᠤᠳᠠ ᠶ᠋ᠢᠨ ᠪᠠᠢᠭᠤᠯᠭ᠎ᠠ ᠶ᠋ᠢᠨ ᠶᠠᠪᠤᠳᠠᠯ ᠤ᠋ᠨ ᠬᠠᠮᠢᠶᠠᠷᠤᠯᠳᠠ ᠶ᠋ᠢᠨ ᠲᠤᠪᠴᠢᠶ᠎ᠠ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ᠋ ᠪᠠᠢᠭᠤᠯᠭ᠎ᠠ ᠶ᠋ᠢᠨ ᠶᠠᠪᠤᠳᠠᠯ ᠤ᠋ᠨ ᠦᠢᠯᠡᠴᠢᠯᠡᠭᠡᠨ ᠤ᠋ ᠲᠦᠪ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠠᠨ ᠤᠯᠤᠰ ᠤ᠋ᠨ ᠮᠤᠩᠭᠤᠯ ᠡᠮᠨᠡᠯᠭᠡ ᠶ᠋ᠢᠨ ᠬᠤᠷᠢᠶ᠎ᠠ᠂ ᠦᠪᠦᠷ ᠮᠤᠩᠭᠤᠯ ᠤ᠋ᠨ ᠶᠡᠬᠡ ᠰᠤᠷᠭᠠᠭᠤᠯᠢ ᠵᠡᠷᠭᠡ 6 ᠪᠠᠢᠭᠤᠯᠭ᠎ᠠ ᠨᠢᠭᠡᠴᠢ ᠲᠤᠰ ᠢᠷᠠᠭᠤ ᠠᠯᠳᠠᠷ ᠢ᠋ ᠬᠦᠷᠳᠡᠭᠰᠡᠨ ᠪᠠᠢᠨ᠎ᠠ᠃
ᠤᠯᠤᠰ ᠤ᠋ᠨ ᠤᠯᠠᠨ ᠨᠡᠢᠳᠡ ᠶ᠋ᠢᠨ ᠪᠠᠢᠭᠤᠯᠤᠮᠵᠢ ᠶ᠋ᠢᠨ ᠡᠨᠧᠷᠬᠢ ᠶ᠋ᠢᠨ ᠠᠰᠢᠭᠯᠠᠮᠵᠢ ᠶ᠋ᠢᠨ ᠳᠠᠭᠠᠭᠤᠯᠤᠭᠴᠢ ᠪᠤᠯᠬᠤ ᠶ᠋ᠢᠨ ᠲᠦᠯᠦᠭᠡ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠨᠠᠮ ᠤ᠋ᠨ ᠤᠳᠤᠷᠢᠳᠬᠤ ᠳᠤᠭᠤᠢᠯᠠᠩ ᠡᠴᠡ ᠨᠢᠭᠡᠳᠦᠯᠳᠠᠢ ᠤᠳᠤᠷᠢᠳᠬᠤ᠂ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠪᠠᠢᠭᠤᠯᠭ᠎ᠠ ᠨᠢᠭᠡᠴᠢ ᠬᠠᠮᠵᠢᠯᠴᠠᠨ ᠠᠬᠢᠭᠤᠯᠬᠤ᠂ ᠪᠦᠬᠦ ᠠᠵᠢᠯᠳᠠᠨ ᠢᠳᠡᠪᠬᠢᠳᠠᠢ ᠤᠷᠤᠯᠴᠠᠬᠰᠠᠨ ᠡᠨᠧᠷᠬᠢ ᠠᠷᠪᠢᠯᠠᠬᠤ ᠠᠵᠢᠯ ᠤ᠋ᠨ ᠪᠠᠢᠷᠢᠰᠢᠯ ᠢ᠋ ᠪᠦᠷᠢᠯᠳᠦᠭᠦᠯᠦᠨ᠂ ᠡᠨᠧᠷᠬᠢ ᠠᠷᠪᠢᠯᠠᠬᠤ ᠬᠠᠮᠢᠶᠠᠷᠤᠯᠳᠠ ᠶ᠋ᠢᠨ ᠳᠦᠷᠢᠮ ᠢ᠋ ᠲᠡᠭᠦᠯᠳᠡᠷᠵᠢᠭᠦᠯᠬᠦ᠂ ᠡᠨᠧᠷᠬᠢ ᠠᠷᠪᠢᠯᠠᠬᠤ ᠲᠦᠬᠦᠭᠡᠷᠦᠮᠵᠢ ᠶ᠋ᠢ ᠳᠡᠰ ᠳᠡᠪᠰᠢᠭᠦᠯᠬᠦ᠂ ᠠᠯᠪᠠᠨ ᠤ᠋ ᠬᠡᠷᠡᠭᠯᠡᠭᠡᠨ ᠤ᠋ ᠭᠡᠷ ᠪᠠᠢᠰᠢᠩ᠂ ᠠᠯᠪᠠᠨ ᠤ᠋ ᠬᠡᠷᠡᠭᠯᠡᠭᠡᠨ ᠤ᠋ ᠲᠡᠷᠭᠡ ᠶ᠋ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶ᠋ᠢ ᠠᠬᠢᠭᠤᠯᠬᠤ᠂ ᠠᠯᠪᠠᠨ ᠤ᠋ ᠬᠡᠷᠡᠭᠯᠡᠭᠡᠨ ᠤ᠋ ᠬᠡᠷᠡᠭᠰᠡᠯ ᠪᠠ ᠡᠯᠧᠺᠲᠷᠤᠨ ᠦᠢᠯᠡᠳᠭᠦᠨ ᠢ᠋ ᠡᠭᠡᠭᠦᠯᠦᠨ ᠠᠪᠴᠤ ᠳᠠᠬᠢᠨ ᠠᠰᠢᠭᠯᠠᠬᠤ ᠵᠡᠷᠭᠡ ᠠᠯᠢ ᠤᠯᠠᠨ ᠠᠷᠭ᠎ᠠ ᠬᠡᠮᠵᠢᠶ᠎ᠠ ᠠᠪᠴᠤ᠂ ᠡᠨᠧᠷᠬᠢ ᠶ᠋ᠢᠨ ᠠᠰᠢᠭᠯᠠᠮᠵᠢ ᠶ᠋ᠢ ᠪᠦᠲᠦᠮᠵᠢᠳᠠᠢ ᠳᠡᠭᠡᠭᠰᠢᠯᠡᠭᠦᠯᠵᠠᠢ᠃