ᠥᠪᠥᠷ ᠮᠣᠩᠭᠣᠯ ᠲᠦᠷ ᠴᠠᠭ᠎ᠦᠨ ᠠᠪᠤᠷᠠᠨ ᠲᠤᠰᠠᠯᠠᠬᠤ ᠮᠦᠨᠭᠬᠦ ᠵᠢ 2.6 ᠳ᠋ᠦᠩᠱᠢᠭᠤᠷ ᠲᠥᠭᠥᠷᠢᠭ ᠲᠠᠷᠬᠠᠭᠠᠵᠠᠢ
2025-12-25 10:00:55
ᠵᠣᠬᠢᠶᠠᠭ᠍ᠴᠢ᠄
ᠪᠠᠢ ᠰᠡᠴᠨᠨ
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠨᠠᠭᠠᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠲᠦᠷ ᠴᠠᠭ᠎ᠦᠨ ᠠᠪᠤᠷᠠᠨ ᠲᠤᠰᠠᠯᠠᠬᠤ ᠮᠦᠨᠭᠬᠦ ᠵᠢ ᠨᠠᠢᠳᠠ 2.6 ᠳ᠋ᠦᠩᠱᠢᠭᠤᠷ ᠲᠥᠭᠥᠷᠢᠭ ᠲᠠᠷᠬᠠᠭᠠᠵᠤ᠂ 10.68 ᠲᠦᠮᠡᠨ ᠬᠦᠴᠢᠷᠳᠡᠯᠳᠠᠢ ᠤᠯᠠᠨ ᠲᠦᠮᠡᠨ ᠳ᠋ᠤ ᠠᠰᠢᠭ ᠬᠦᠷᠳᠡᠭᠡᠪᠠ᠃

ᠣᠢᠯᠠᠭᠠᠭ᠍ᠰᠠᠨ᠎ᠢᠶᠠᠷ᠂ 2018 ᠣᠨ᠎ᠡᠴᠡ ᠥᠪᠥᠷ ᠮᠣᠩᠭᠣᠯ  ᠲᠦᠷ ᠴᠠᠭ᠎ᠤᠨ ᠠᠪᠤᠷᠠᠨ ᠲᠤᠰᠠᠯᠠᠬᠤ ᠪᠡᠯᠡᠳᠭᠡᠯ ᠮᠥᠩᠭᠥ᠎ᠶ᠋ᠢᠨ ᠲᠦᠷᠢᠮ᠎ᠢ ᠬᠡᠷᠡᠭᠵᠢᠬᠦᠯᠵᠤ᠂ ᠤᠯᠠᠮᠵᠢᠯᠠᠯᠲᠤ ᠠᠪᠤᠷᠠᠨ ᠲᠤᠰᠠᠯᠠᠬᠤ ᠶᠠᠪᠤᠴᠠ ᠵᠢᠨ ᠬᠢᠵᠠᠭᠠᠷᠯᠠᠯ᠎ᠢ ᠡᠪᠳᠡᠵᠦ᠍᠂ ᠠᠪᠤᠷᠠᠨ ᠲᠤᠰᠠᠯᠠᠬᠤ᠎ᠠᠵᠢᠯ᠎ᠢ ᠨᠡᠨᠭ ᠪᠦᠳᠦᠮᠵᠢᠳᠠᠢ ᠪᠤᠯᠭᠠᠪᠠ᠃ ᠡᠨᠡ ᠵᠢᠯ᠎ᠡᠴᠡ ᠨᠠᠭᠠᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠢᠨ ᠪᠠᠴᠢᠮ ᠬᠦᠴᠢᠷᠲᠡᠯᠳᠠᠢ ᠬᠡᠯᠪᠡᠷᠢ᠂ ᠵᠠᠷᠤᠯᠭ᠎ᠠ᠎ᠶ᠋ᠢᠨ ᠬᠡᠯᠪᠡᠷᠢ᠎ᠶ᠋ᠢᠨ ᠲᠦᠷ ᠴᠠᠭ ᠠᠪᠤᠷᠠᠨ ᠲᠤᠰᠠᠯᠠᠬᠤ ᠡᠲᠡᠭᠡᠳ᠎ᠢ ᠮᠠᠭᠠᠳᠯᠠᠨ ᠲᠣᠭ᠍ᠲᠠᠭᠠᠬᠤ ᠬᠦᠷᠢᠶ᠎ᠡ ᠬᠡᠪᠴᠢᠶ᠎ᠡ᠎ᠶ᠋ᠢ ᠨᠠᠷᠢᠯᠢᠬ᠍ᠵᠢᠭᠤᠯᠵᠤ ᠂ ᠨᠥᠬᠥᠴᠡᠯ᠎ᠳᠦ ᠨᠡᠢᠴᠡᠭᠰᠡᠨ ᠬᠦᠴᠢᠷᠳᠡᠯᠲᠡᠶ ᠣᠯᠠᠨ ᠲᠦᠮᠡᠨ᠎ᠳᠦ ᠴᠠᠭ ᠲᠤᠬᠠᠶ᠎ᠳᠤᠨᠢ ᠲᠦᠷ ᠴᠠᠭ᠎ᠦᠨ ᠠᠪᠤᠷᠠᠨ ᠲᠤᠰᠠᠯᠠᠯᠲᠠ ᠬᠦᠷᠳᠡᠭᠡᠪᠠ; ᠪᠠᠴᠢᠮ ᠬᠦᠴᠢᠷᠲᠡᠯᠳᠠᠢ ᠭᠠᠵᠠᠷ ᠣᠷᠣᠨ᠎ᠳᠤ  ᠲᠦᠷ ᠴᠠᠭ᠎ᠤᠨ ᠠᠪᠤᠷᠠᠨ ᠲᠤᠰᠠᠯᠠᠬᠤ᠎ᠶ᠋ᠢ ᠱᠢᠭᠤᠳ ᠬᠡᠷᠡᠭ᠌ᠵᠢᠭᠦᠯᠬᠦ᠌ ᠵᠢ ᠪᠦᠬᠦ ᠲᠠᠯ᠎ᠠ ᠪᠡᠷ ᠬᠡᠷᠡᠭᠵᠢᠬᠦᠯᠵᠤ᠂ 《ᠲᠦᠷ ᠴᠠᠭ᠎ᠤᠨ ᠠᠪᠤᠷᠠᠨ ᠲᠤᠰᠠᠯᠠᠬᠤ ᠪᠡᠯᠡᠳᠭᠡᠯ ᠮᠥᠩᠭᠥ᠌》᠂ 《ᠤᠷᠢᠤᠨ ᠵᠢᠡᠷ  ᠠᠪᠤᠷᠠᠨ ᠲᠤᠰᠠᠯᠠᠬᠤ》᠂ 《ᠨᠢᠭᠡ ᠶᠠᠪᠤᠳᠠᠯ᠎ᠢ ᠨᠢᠭᠡ ᠵᠥᠪᠯᠡᠬᠦ᠌》 ᠂ 《ᠨᠢᠭᠡ ᠤᠳᠠᠭ᠎ᠠ ᠬᠢᠨᠠᠨ ᠵᠥᠪᠱᠢᠶᠡᠷᠡᠵᠤ᠂ ᠱᠠᠲᠤ ᠬᠤᠪᠢᠶᠠᠨ ᠠᠪᠤᠷᠠᠨ ᠲᠤᠰᠠᠯᠠᠬᠤ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠠᠢᠳᠡᠪᠤᠷᠢᠵᠢᠭᠤᠯᠵᠤ᠂ ᠠᠪᠤᠷᠠᠨ ᠲᠤᠰᠠᠯᠠᠬᠤ᠎ᠬᠤᠭᠤᠴᠠᠭᠠᠲᠤ ᠴᠢᠨᠠᠷ᠂ ᠴᠠᠭ ᠲᠤᠬᠠᠢᠴᠢ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号