ᠥᠪᠥᠷ ᠮᠣᠩᠭᠣᠯ ᠲᠦᠷᠦᠭᠦᠤ ᠪᠦᠯᠦᠭ᠎ᠤᠨ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ᠎ᠢ ᠪᠠᠢᠭᠤᠯᠪᠠ
2025-12-25 10:04:31
ᠵᠣᠬᠢᠶᠠᠭ᠍ᠴᠢ᠄
​ ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠵᠠᠯᠠᠭᠤᠴᠤᠳ᠎ᠤᠨ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠲᠠᠲᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠫᠤᠰᠲ ᠳ᠋ᠣᠺᠲ᠋ᠣᠷ ᠤ᠋ᠨ ᠴᠢᠳᠠᠪᠤᠷᠢᠲᠠᠨ᠎ᠢ ᠬᠥᠮᠦᠵᠢᠭᠦᠯᠬᠦ᠌ ᠠᠴᠢᠶᠠᠯᠠᠪᠤᠷᠢ᠎ᠶ᠋ᠢ ᠪᠠᠢᠭᠤᠯᠬᠤ᠎ᠶ᠋ᠢᠨ ᠲᠥᠯᠥᠭᠡ᠂ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠡᠴᠡ ᠲᠦᠷᠦᠭᠦᠤ ᠪᠦᠯᠦᠭ᠎ᠤᠨ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠥᠷᠨᠢᠭᠦᠯᠵᠦ᠍᠂ ᠪᠤᠭᠤᠲᠤ ᠬᠣᠲᠠ᠎ᠶ᠋ᠢᠨ ᠬᠤᠸᠠ ᠳ᠋ᠢᠩ ᠵᠡᠰ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠂ ᠬᠥᠬᠡᠬᠣᠲᠠ᠎ᠶ᠋ᠢᠨ ᠨᠢᠭᠡᠳᠦᠭᠡᠷ ᠡᠮᠨᠡᠯᠭᠡ᠎ᠶ᠋ᠢᠨ ᠬᠣᠷᠢᠶ᠎ᠠ ᠵᠡᠷᠭᠡ 10 ᠨᠢᠭᠡᠴᠢ᠎ᠶ᠋ᠢ ᠱᠢᠯᠢᠨ ᠰᠣᠩᠭᠣᠵᠤ ᠥᠪᠡᠷᠲᠡᠭᠡᠨ ᠵᠠᠰᠠᠬᠤ ᠣᠷᠣᠨ᠎ᠤ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ᠎ᠢ ᠪᠠᠢᠭᠤᠯᠪᠠ᠃

ᠤᠢᠯᠠᠭᠠᠭᠰᠠᠨ᠎ᠢᠶᠡᠷ᠂ ᠫᠤᠰᠲ ᠳ᠋ᠣᠺᠲ᠋ᠣᠷ᠎ᠤ᠋ᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢᠨ ᠰᠠᠭᠤᠷᠢᠨ ᠨᠢ ᠱᠢᠨᠵᠢᠯᠡᠬᠦ᠌ ᠤᠬᠠᠭᠠᠨ᠎ᠤ ᠰᠤᠳᠤᠯᠭᠠᠨ ᠪᠤᠶᠤ ᠮᠡᠷᠭᠡᠵᠢᠯ᠎ᠦᠨ ᠨᠡᠭᠡᠭᠡᠯᠲᠡ ᠬᠢᠵᠦ᠍ ᠪᠠᠢᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢ ᠵᠢᠭᠠᠵᠤ ᠪᠤᠶ᠂  ᠲᠡᠷᠨ ᠨᠢ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠦ ᠨᠠᠬᠦᠲᠠᠯ ᠥᠷᠲᠡᠭᠡ᠎ᠳᠦ ᠲᠦᠱᠢᠭ᠌ᠯᠡᠨ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯᠲᠠᠨ᠎ᠢ ᠣᠷᠣᠯᠠᠨ ᠡᠯᠰᠡᠬᠦ᠌᠎ᠶ᠋ᠢᠨ ᠬᠠᠮᠲᠤ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠦ ᠨᠠᠬᠥᠳᠡᠯ ᠥᠷᠲᠡᠭᠡ᠎ᠯᠦᠭᠡ ᠬᠠᠮᠲᠤᠷᠠᠨ ᠱᠢᠨ᠎ᠡ᠎ᠶ᠋ᠢ ᠡᠭᠦᠳᠬᠦ᠌᠎ᠠᠵᠢᠯᠯᠠᠭ᠎ᠠ ᠥᠷᠨᠢᠭᠦᠯᠬᠦ᠌ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠫᠤᠰᠲ ᠳ᠋ᠣᠺᠲ᠋ᠣᠷ᠎ᠤᠨ ᠠᠵᠢᠯ᠎ᠤᠨ ᠲᠠᠪᠴᠠᠩ᠎ᠪᠠᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠤᠷᠭᠠᠨ ᠬᠥᠮᠦᠵᠢᠯ᠂ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠴᠢᠬᠤᠯᠠ ᠬᠣᠯᠪᠣᠭᠠᠰᠤ ᠪᠣᠯᠤᠨ᠎ᠠ᠃ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ ᠤ᠋ ᠬᠠᠮᠢᠶᠠᠷᠤᠯᠲᠠ᠎ᠶ᠋ᠢᠨ ᠠᠷᠭ᠎ᠠ》 ᠶ᠋ᠢ ᠢᠵᠢ ᠪᠦᠷᠢᠳᠦᠭᠦᠯᠦᠨ ᠨᠡᠢᠲᠡᠯᠡᠵᠦ᠍᠂ ᠰᠠᠭᠤᠷᠢᠨ ᠪᠠᠢᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ᠌᠂ ᠬᠠᠮᠢᠶᠠᠷᠤᠯᠲᠠ ᠦᠶ᠋ᠯᠡᠴᠢᠯᠡᠭᠡ ᠵᠡᠷᠭᠡ ᠠᠭᠤᠯᠭ᠎ᠠ᠎ᠶ᠋ᠢ ᠲᠣᠳᠣᠷᠬᠠᠢᠯᠠᠵᠠᠢ᠃

ᠣᠳᠣᠬᠠᠨ᠎ᠳᠤ᠂ ᠮᠠᠨ᠎ᠤ ᠣᠷᠣᠨ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠱᠢᠨᠵᠢᠯᠡᠭᠡᠨ᠎ᠦ ᠰᠠᠯᠠᠭ᠎ᠠ᠎ᠳᠤ ᠲᠦᠱᠢᠭ᠌ᠯᠡᠨ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠡᠭᠦᠳᠡᠯ ᠥᠷᠲᠡᠭᠡ᠎ᠶ᠋ᠢ 31 ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠵᠤ ᠦᠶ᠋ᠯᠡᠰ᠎ᠲᠦ ᠲᠦᠱᠢᠭ᠌ᠯᠡᠨ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠬᠤ ᠥᠷᠲᠡᠭᠡ᠎ᠶ᠋ᠢ 59 ᠪᠠᠢᠭᠤᠯᠪᠠ᠂ ᠲᠣᠰ ᠤᠳᠠᠭ᠎ᠠ ᠵᠢᠨ ᠫᠤᠰᠲ ᠳ᠋ᠣᠺᠲ᠋ᠣᠷ᠎ᠤᠨ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢᠨ ᠰᠠᠭᠤᠷᠢᠨ᠎ᠢ ᠪᠠᠢᠭᠤᠯᠤᠭ᠍ᠰᠠᠨ ᠡᠴᠡ ᠮᠠᠨ᠎ᠤ ᠣᠷᠣᠨ᠎ᠤ ᠫᠤᠰᠲ ᠳ᠋ᠣᠺᠲ᠋ᠣᠷ᠎ᠤᠨ ᠠᠵᠢᠯ᠎ᠤᠨ ᠲᠠᠪᠴᠠᠩ 100 ᠎ᠳ᠋ᠤ ᠬᠦᠷᠴᠦ᠍᠂ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠢ ᠨᠡᠢᠲᠡ 745 ᠬᠥᠮᠦᠨ᠎ᠬᠥᠮᠦᠵᠢᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号