《ᠡᠮᠦᠨ᠎ᠡ ᠤᠮᠠᠷ᠎ᠠ 》᠎ᠶ᠋ᠢᠨ ᠰᠣᠶᠣᠯ ᠵᠢᠭᠤᠯᠴᠢᠯᠠᠯ ᠎ᠤᠨ ᠠᠭᠤᠰᠤᠯᠴᠠᠯ᠎ᠢ ᠠᠬᠢᠭᠤᠯᠤᠨ᠎ᠠ
2025-12-26 12:20:02
ᠵᠣᠬᠢᠶᠠᠭ᠍ᠴᠢ᠄
ᠯᠢ ᠬᠠᠢ ᠵᠧᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 11 ᠎ᠦ ᠡᠳᠦᠷ᠂ ᠬᠥᠬᠡᠬᠣᠲᠠ ᠪᠣᠯᠣᠨ ᠱᠧᠨᠵᠧᠨ ᠬᠣᠶᠠᠷ ᠭᠠᠵᠠᠷ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ ᠬᠠᠮᠲᠤ᠎ᠪᠠᠷ 《 ᠭᠦᠨ ᠠᠮᠢᠰᠬᠤᠯ》 ᠰᠣᠶᠣᠯ ᠵᠢᠭᠤᠯᠴᠢᠯᠠᠯ᠎ᠤᠨ ᠳᠦᠷᠦᠯ ᠳᠡᠮᠳᠡᠭ᠎ᠢ ᠴᠤᠭᠴᠠᠯᠠᠪᠠ᠃ ᠡᠨᠡ ᠨᠢ ᠬᠣᠶᠠᠷ ᠭᠠᠵᠠᠷ᠎ᠤᠨ ᠵᠢᠭᠤᠯᠴᠢᠯᠠᠯ᠎ᠤᠨ ᠡᠬᠢ ᠪᠠᠶᠠᠯᠢᠭ᠋᠎ᠤᠨ ᠳᠥᠭᠥᠮ ᠲᠠᠨᠢᠯᠴᠠᠭᠤᠯᠭ᠎ᠠ ᠪᠣᠯᠬᠤ᠎ᠪᠠᠷ ᠪᠠᠷᠠᠬᠤ ᠦᠭᠡᠢ᠂ ᠨᠡᠩ ᠴᠤ᠌ 《ᠡᠮᠦᠨᠡᠰᠢ ᠤᠮᠠᠷᠠᠰᠢ ᠵᠣᠷᠴᠢᠬᠤ ᠪᠠ ᠬᠦᠢᠳᠡᠨ ᠭᠠᠵᠠᠷ ᠢᠷᠡᠵᠦ ᠬᠠᠯᠠᠭᠤᠨ ᠭᠠᠵᠠᠷ ᠤᠴᠢᠬᠤ》 ᠲᠤᠬᠠᠢ ᠰᠠᠢᠨ ᠰᠠᠢᠬᠠᠨ ᠪᠣᠯᠵᠣᠭ᠎ᠠ ᠵᠢ ᠳᠤᠭᠳᠠᠭᠰᠠᠨ ᠶᠠᠪᠤᠳᠠᠯ ᠪᠠᠢᠯ᠎ᠠ᠃ ᠡᠨᠡ ᠬᠦ᠌ ᠰᠢᠨ᠎ᠡ᠎ᠶᠢ ᠡᠭᠦᠳᠦᠭᠰᠡᠨ ᠠᠷᠭ᠎ᠠ ᠬᠡᠮᠵᠢᠶ᠎ᠡ ᠨᠢ ᠬᠣᠶᠠᠷ ᠭᠠᠵᠠᠷ᠎ᠤᠨ ᠠᠷᠠᠳ ᠲᠦᠮᠡᠨ᠎ᠳᠦ ᠦᠨᠡᠨ ᠪᠣᠳᠠᠲᠠᠢ ᠵᠢᠭᠤᠯᠴᠢᠯᠠᠯ ᠎ᠤᠨ ᠰᠠᠢᠨ᠎ᠢ ᠬᠦᠷᠲᠡᠭᠡᠭᠰᠡᠨ᠎ᠢᠶᠡᠷ ᠪᠠᠷᠠᠬᠤ ᠦᠭᠡᠢ᠂ ᠨᠠᠩ ᠴᠤ᠌ ᠰᠢᠨ᠎ᠡ ᠴᠠᠭ ᠦᠶ᠎ᠡ᠎ᠶᠢᠨ ᠠᠬᠤᠢ ᠪᠠᠢᠳᠠᠯ ᠳᠣᠣᠷᠠᠬᠢ ᠣᠷᠣᠨ ᠪᠦᠰᠡ᠎ᠶᠢᠨ ᠰᠣᠶᠣᠯ ᠵᠢᠭᠤᠯᠴᠢᠯᠠᠯ ᠎ᠢ ᠬᠠᠮᠵᠢᠯᠴᠠᠭᠤᠯᠤᠨ ᠬᠥᠭᠵᠢᠭᠦᠯᠵᠦ᠂ ᠲᠤᠢᠯ᠎ᠤᠨ ᠦᠨ᠎ᠡ ᠥᠷᠲᠡᠭ᠎ᠲᠠᠢ 《ᠬᠥᠬᠡᠬᠣᠲᠠ᠎ᠶᠢᠨ ᠥᠯᠢᠭᠡᠷ ᠬᠡᠪ》 ᠎ᠢ᠋ ᠬᠠᠩᠭᠠᠭᠰᠠᠨ ᠪᠠᠢᠨ᠎ᠠ᠃

ᠳᠦᠷᠦᠯ ᠳᠡᠮᠳᠡᠭ ᠎ᠤᠨ ᠬᠠᠮᠲᠤᠷᠠᠯᠴᠠᠭᠠᠨ᠎ᠤ ᠬᠠᠮᠤᠭ᠎ᠤᠨ ᠢᠯᠡᠷᠬᠡᠢ ᠣᠨᠴᠠᠯᠢᠭ᠋ ᠪᠣᠯ ᠳᠦᠷᠢᠮᠵᠢᠭᠰᠡᠨ᠂ ᠪᠠᠢᠩᠭᠤᠵᠢᠭ᠍ᠰᠠᠨ ᠣᠷᠳᠣ᠌ ᠬᠤᠭᠤᠴᠠᠭᠠᠨ ᠎ᠤ ᠪᠦᠲᠦᠮᠵᠢᠲᠡᠶ ᠡᠵᠡᠩᠨᠡᠯᠲᠡ ᠳᠠᠢᠰᠢ ᠤᠷᠤᠭᠰᠢᠯᠠᠭᠰᠠᠨ ᠎ᠳᠤ ᠣᠷᠣᠰᠢᠨ᠎ᠠ᠃ ᠵᠢᠭᠤᠯᠴᠢᠯᠠᠭᠰᠠᠳ  ᠪᠠ ᠠᠶᠠᠨᠴᠢᠳ᠎ᠤᠨ ᠢᠷᠡᠯᠲᠡ ᠎ᠶᠢ ᠬᠠᠷᠢᠯᠴᠠᠨ ᠪᠠᠳᠤᠯᠠᠨ ᠬᠦᠷᠭᠡᠬᠦ᠂ ᠡᠬᠢ ᠪᠠᠶᠠᠯᠢᠭ᠋᠎ᠢ ᠬᠠᠷᠢᠯᠴᠠᠨ ᠨᠥᠬᠥᠪᠦᠷᠢᠯᠡᠬᠦ᠎ᠳᠦ ᠪᠠᠲᠤ ᠪᠡᠬᠢ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠬᠠᠩᠭᠠᠵᠦ᠂ ᠢᠯᠠᠩᠭᠤᠶ᠎ᠠ《ᠰᠣᠯᠢᠯᠴᠠᠭᠠᠨ᠎ᠤ ᠤᠯᠠᠷᠢᠯ᠎ᠤᠨ ᠲᠦᠮᠡᠨ ᠬᠥᠮᠥᠨ᠎ᠦ ᠬᠠᠷᠢᠯᠴᠠᠨ ᠵᠢᠭᠤᠯᠴᠢᠯᠠᠬᠤ ᠲᠥᠯᠥᠪᠯᠡᠭᠡ》 ᠡᠬᠢᠯᠡᠭᠰᠡᠨ ᠵᠢᠴᠢ ᠳᠠᠯ ᠠᠭᠤᠯᠡ ᠮᠥᠰᠥ ᠴᠠᠰᠤᠨ᠎ᠤ ᠰᠤᠳᠤᠯᠤᠨ ᠰᠤᠷᠤᠯᠴᠠᠬᠤ ᠲᠤᠰᠬᠠᠢ ᠭᠠᠯᠲᠤ ᠲᠡᠷᠭᠡ᠂ 《ᠰᠣᠶᠣᠯ ᠵᠢᠭᠤᠯᠴᠢᠯᠠᠯ+ ᠠᠭᠠᠷ᠎ᠤᠨ ᠠᠶᠠᠯᠠᠯ》 ᠵᠡᠷᠭᠡ ᠪᠦᠲᠦᠭᠡᠭᠳᠡᠬᠦᠨ᠎ᠢ ᠰᠦᠯᠵᠢᠶᠡᠨ᠎ᠳᠦ ᠭᠠᠷᠭᠠᠵᠤ᠂ ᠪᠤᠳᠠᠳᠤ ᠮᠡᠳᠡᠷᠡᠮᠵᠢ᠎ᠲᠠᠢ ᠵᠢᠭᠤᠯᠴᠢᠯᠠᠯ᠎ᠤᠨ ᠦᠢᠯᠡᠳᠬᠦᠨ ᠪᠣᠯᠭᠠᠨ ᠬᠤᠪᠢᠷᠠᠭᠤᠯᠪᠠ᠃ ᠡᠢᠮᠦᠷᠬᠦᠦ《ᠵᠠᠰᠠᠭ᠎ᠤᠨ ᠣᠷᠳᠣᠨ ᠬᠥᠲᠥᠯᠥᠨ ᠵᠢᠯᠤᠭᠣᠳᠬᠤ᠂ ᠨᠡᠢᠭᠡᠮᠯᠢᠭ᠎ᠢᠶᠡᠷ ᠲᠠᠪᠴᠠᠩ ᠪᠠᠶ᠋ᠢᠭᠤᠯᠬᠤ᠂ ᠠᠵᠤ ᠠᠬᠤᠢᠯᠡᠯ᠎ᠢᠶᠠᠷ ᠭᠣᠣᠯ ᠴᠣᠭᠴᠠ ᠪᠣᠯᠭᠠᠬᠤ᠂ ᠵᠠᠬ᠎ᠠ ᠳᠡᠯᠭᠡᠭᠦᠷ᠎ᠢᠶᠡᠷ ᠠᠵᠢᠯᠯᠠᠭᠤᠯᠬᠤ》 ᠪᠣᠰᠣᠭ᠎ᠠ ᠴᠣᠭᠴᠠᠲᠤ ᠬᠠᠮᠲᠤᠷᠠᠯᠴᠠᠭᠠᠨ᠎ᠤ ᠰᠦᠯᠵᠢᠶ᠎ᠡ ᠨᠢ ᠵᠠᠮ ᠬᠠᠷᠢᠯᠴᠠᠭ᠎ᠠ᠂ ᠦᠵᠡᠮᠵᠢ᠎ᠶᠢᠨ ᠣᠷᠣᠨ᠂ ᠬᠣᠨᠣᠭ ᠪᠠᠭᠤᠳᠠᠯ᠂ ᠢᠳᠡᠭᠡᠨ ᠤᠮᠳᠠᠭᠠᠨ ᠵᠡᠷᠭᠡ ᠡᠯ᠎ᠡ ᠭᠣᠭᠴᠣᠭ᠎ᠠ᠎ᠶᠢ ᠨᠡᠪᠲᠡᠷᠡᠭᠦᠯᠦᠭᠰᠡᠨ᠎ᠢᠶᠡᠷ ᠪᠠᠷᠠᠬᠤ ᠦᠭᠡᠢ᠂ ᠨᠠᠩ ᠴᠤ᠌《ᠠᠭᠠᠷ ᠠᠶᠠᠯᠠᠯ ᠰᠣᠶᠣᠯ ᠵᠢᠭᠤᠯᠴᠢᠯᠠᠯ》 ᠎ᠤ᠋ᠨ ᠭᠦᠨᠵᠡᠭᠡᠢ ᠠᠭᠤᠰᠤᠯᠴᠠᠯ᠎ᠢᠶᠠᠷ ᠳᠡᠮᠵᠢᠨ᠂ ᠵᠠᠮ ᠬᠠᠷᠢᠯᠴᠠᠭᠠᠨ᠎ᠤ ᠤᠷᠤᠰᠴᠠ᠎ᠶᠢ ᠵᠢᠭᠤᠯᠴᠢᠯᠠᠯ᠎ᠤᠨ ᠠᠶᠠᠨᠴᠢᠳ᠎ᠤᠨ ᠤᠷᠤᠰᠬᠠᠯ ᠪᠣᠯᠭᠠᠨ ᠪᠦᠲᠦᠮᠵᠢᠲᠡᠶ ᠬᠤᠪᠢᠷᠠᠭᠤᠯᠵᠤ᠂ 《ᠤᠷᠤᠰᠴᠠ》 ᠎ᠠ᠋ᠴᠠ 《 ᠬᠡᠮᠵᠢᠶ᠎ᠡ ᠵᠢ ᠪᠠᠳᠤᠯᠠᠬᠤ》 ᠪᠣᠯᠭᠠᠨ ᠬᠤᠪᠢᠷᠠᠭᠤᠯᠬᠤ᠎ᠶᠢ ᠦᠨᠡᠨ ᠬᠦ᠌ ᠪᠡᠶᠡᠯᠡᠭᠦᠯᠵᠦ᠂ ᠬᠣᠶᠠᠷ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠦᠷᠭᠦᠯᠵᠢᠯᠡᠬᠦ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠭᠰᠡᠨ ᠪᠠᠢᠨ᠎ᠠ᠃

ᠳᠦᠷᠦᠯ ᠳᠡᠮᠳᠡᠭ᠎ᠤᠨ ᠬᠠᠮᠳᠤᠷᠠᠯᠴᠠᠭ᠎ᠠ ᠨᠢ ᠮᠥᠨ ᠴᠦ᠍ ᠰᠣᠶᠣᠯ᠎ᠤᠨ ᠦᠨ᠎ᠡ ᠥᠷᠲᠡᠭ᠎ᠦᠨ ᠭᠦᠨᠴᠡ᠎ᠶᠢᠨ ᠬᠠᠮᠲᠤ᠎ᠶᠢᠨ ᠲᠤᠰᠬᠠᠯ ᠪᠠᠢᠵᠤ᠂ ᠡᠮᠦᠨᠡᠲᠦ ᠤᠮᠠᠷᠠᠲᠤ᠎ᠶᠢᠨ ᠰᠣᠶᠣᠯ᠎ᠤᠨ ᠬᠣᠣᠰ ᠴᠢᠭᠯᠡᠯᠲᠦ ᠶᠠᠪᠤᠯᠴᠠᠭ᠎ᠠ ᠰᠤᠯᠢᠯᠴᠠᠭ᠎ᠠ ᠪᠠ ᠠᠭᠤᠰᠤᠯᠴᠠᠯ᠎ᠢ ᠪᠡᠶᠡᠯᠡᠭᠦᠯᠪᠡ᠃ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠵᠢᠨ ᠭᠣᠣᠯᠳᠠᠯᠭ᠎ᠠ ᠨᠢ 《ᠰᠣᠶᠣᠯ》 ᠎ᠳᠤ ᠪᠤᠢ᠂ ᠵᠠᠩᠭᠢᠯᠠᠭ᠎ᠠ ᠨᠢ 《ᠬᠥᠮᠥᠨ》᠎ᠳᠤ ᠪᠤᠢ᠃ᠲᠣᠰ ᠤᠳᠠᠭᠠᠨ᠎ᠤ ᠠᠵᠢᠯᠯᠠᠭ᠎ᠠ ᠨᠢ ᠳᠥᠭᠥᠮᠬᠡᠨ ᠦᠵᠡᠮᠵᠢ᠎ᠶᠢᠨ ᠴᠡᠭ᠎ᠲᠦ ᠵᠣᠭᠰᠤᠩᠭᠤᠢᠷᠠᠭᠰᠠᠨ ᠪᠢᠰᠢ᠂ ᠬᠠᠷᠢᠨ ᠨᠠᠷᠢᠨ ᠲᠥᠰᠥᠪᠯᠡᠭᠰᠡᠨ ᠰᠣᠶᠣᠯ᠎ᠤᠨ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠠᠮᠲᠠᠲᠤ ᠢᠳᠡᠭᠡᠨ᠎ᠢ ᠪᠡᠶᠡᠴᠢᠯᠡᠨ ᠣᠢᠯᠠᠭᠠᠬᠤ᠎ᠪᠠᠷ ᠳᠡᠮᠵᠢᠨ᠂ ᠬᠥᠬᠡᠬᠣᠲᠠ᠎ᠶᠢᠨ ᠲᠡᠦᠬᠡ᠎ᠶᠢᠨ ᠠᠭᠤᠯᠬᠤᠨ ᠪᠣᠯᠣᠨ ᠰᠤᠶᠤᠯ ᠢᠷᠬᠡᠨᠰᠢᠯ ᠵᠢᠴᠢ ᠵᠠᠩ ᠠᠭᠠᠯᠢ᠎ᠶᠢ ᠪᠥᠬᠥ ᠦᠵᠡᠮᠵᠢ᠎ᠶᠢᠨ ᠮᠠᠶᠢᠭ᠋᠎ᠢᠶᠠᠷ 《ᠨᠡᠭᠦᠯᠭᠡᠪᠡ》᠃ ᠢᠷᠡᠭᠡᠳᠦᠢ᠎ᠳᠦ᠂ 《ᠤᠷᠢᠵᠤ ᠣᠷᠣᠭᠤᠯᠬᠤ》ᠪᠠ《ᠭᠠᠳᠠᠭ᠍ᠰᠢ ᠭᠠᠷᠬᠤ》 ᠎ᠶ᠋ᠢ ᠣᠷᠭᠠᠨᠢᠭ᠋᠎ᠢᠶᠠᠷ ᠤᠶᠠᠯᠳᠤᠭᠤᠯᠵᠤ᠂ ᠵᠢᠭᠤᠯᠴᠢᠯᠠᠯ ᠎ᠢ ᠦᠨᠡᠨ ᠬᠦ᠌ 《ᠶᠠᠪᠤᠵᠤ ᠰᠠᠭᠤᠬᠤ ᠬᠢᠴᠢᠶᠡᠯ᠎ᠦᠨ ᠲᠠᠩᠬᠢᠮ》 ᠪᠣᠯᠭᠠᠵᠤ᠂ ᠠᠳᠠᠯᠢ ᠪᠤᠰᠤ ᠭᠠᠵᠠᠷ ᠣᠷᠣᠨ ᠎ᠤ ᠰᠣᠶᠣᠯ᠎ᠢ ᠬᠠᠷᠢᠯᠴᠠᠨ ᠠᠭᠤᠰᠤᠯᠴᠠᠭᠤᠯᠵᠤ᠂ ᠰᠣᠯᠢᠯᠴᠠᠭᠠᠨ᠎ᠤ ᠳᠤᠮᠳᠠ ᠳᠡᠭᠡᠭᠰᠢᠯᠡᠭᠦᠯᠬᠦ᠎ᠳᠤ ᠪᠦᠬᠦ ᠬᠦᠴᠦᠨ ᠵᠢᠡᠨ ᠳᠠᠯᠪᠢᠬᠤ ᠪᠤᠯᠤᠨ᠎ᠠ᠃

ᠳᠦᠷᠦᠯ ᠳᠡᠮᠳᠡᠭ᠎ᠤᠨ ᠬᠠᠮᠳᠤᠷᠠᠯᠴᠠᠭ᠎ᠠ ᠨᠢ ᠡᠴᠦᠰ᠎ᠲᠡᠬᠡᠨ ᠨᠢᠭᠡ ᠵᠦᠢᠯ᠎ᠦᠨ ᠠᠮᠢᠳᠤᠷᠠᠯ᠎ᠤᠨ ᠣᠪᠣᠷ᠎ᠤᠨ ᠰᠠᠨᠠᠭᠠᠴᠢᠯᠠᠭ᠎ᠠ ᠪᠠ ᠰᠠᠢᠨ ᠰᠠᠢᠬᠠᠨ ᠠᠮᠢᠳᠤᠷᠠᠯ᠎ᠤᠨ ᠬᠠᠮᠲᠤ᠎ᠶᠢᠨ ᠡᠭᠦᠳᠦᠯᠲᠡ᠎ᠶᠢ ᠵᠢᠭᠠᠳᠠᠭ᠃ ᠡᠮᠦᠨᠡᠳᠦ ᠤᠷᠤᠨ᠎ᠤ ᠵᠢᠭᠤᠯᠴᠢᠯᠠᠭᠰᠠᠳ ᠲᠤ᠌ ᠬᠥᠬᠡᠬᠣᠲᠠ᠎ᠶᠢᠨ ᠡᠪᠦᠯ᠎ᠦᠨ ᠤᠯᠠᠷᠢᠯ᠎ᠤᠨ ᠮᠥᠰᠥ ᠴᠠᠰᠤᠨ᠎ᠤ ᠵᠢᠭᠤᠯᠴᠢᠯᠡᠯ᠎ᠤᠨ ᠤᠯᠠᠷᠢᠯ᠎ᠤᠨ 88 ᠡᠳᠦᠷ ᠰᠤᠨᠳᠠᠯᠠᠬᠤ 300 ᠭᠠᠷᠤᠢ ᠵᠦᠢᠯ᠎ᠦᠨ ᠣᠨᠴᠠᠯᠢᠭ᠍ᠲᠤ ᠠᠵᠢᠯᠯᠠᠭ᠎ᠠ ᠨᠢ ᠳᠠᠷᠤᠭᠠᠰᠦ᠎ᠪᠠᠨ ᠲᠠᠢᠯᠬᠤ᠂ ᠡᠬᠡ ᠪᠠᠢᠭᠠᠯᠢ᠎ᠳᠠᠭᠠᠨ ᠪᠤᠴᠠᠬᠤ᠂ ᠥᠪᠡᠷ᠎ᠢ᠎ᠪᠡᠨ ᠪᠠᠶᠠᠰᠬᠠᠬᠤ ᠣᠨᠴᠠ ᠰᠠᠢᠨ ᠲᠠᠯᠠᠪᠤᠷ ᠬᠠᠩᠭᠠᠬᠤ ᠠᠵᠢ᠃

ᠳᠦᠷᠦᠯ ᠳᠡᠮᠳᠡᠭ᠎ᠤᠨ ᠬᠠᠮᠳᠤᠷᠠᠯᠴᠠᠭ᠎ᠠ ᠨᠢ ᠨᠡᠩ ᠴᠤ᠌ ᠠᠷᠠᠳ᠎ᠤᠨ ᠠᠮᠢᠳᠤᠷᠠᠯ᠎ᠤᠨ ᠠᠮᠢᠳᠤᠯᠢᠭ᠋ ᠵᠢᠷᠤᠭ ᠪᠣᠯᠬᠤ ᠶᠤᠮ᠃ ᠡᠨᠡ ᠬᠦ᠌ ᠲᠦᠷᠦᠯ ᠲᠡᠮᠳᠡᠭ᠎ᠢ ᠦᠷᠭᠦᠯᠵᠢᠯᠡᠨ ᠭᠦᠨᠵᠡᠭᠡᠢ ᠳᠡᠯᠭᠡᠷᠡᠭᠦᠯᠬᠦ᠎ᠶᠢ ᠳᠠᠭᠠᠯᠳᠤᠨ᠂ ᠬᠥᠬᠡᠬᠣᠲᠠ ᠪᠣᠯᠣᠨ ᠱᠧᠨᠵᠧᠨ ᠵᠢᠴᠢ ᠪᠦᠬᠦᠶ᠋ᠢᠯᠡ ᠬᠦᠭᠵᠢᠭᠰᠡᠨ ᠣᠷᠣᠨ᠎ᠯᠤᠭ᠎ᠠ ᠵᠢᠨ ᠬᠠᠷᠢᠯᠴᠠᠭ᠎ᠠ ᠨᠢᠭ᠍ᠲᠠᠷᠡᠵᠦ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠬᠠᠮᠲᠤ᠎ᠪᠠᠷ ᠠᠰᠢᠭ᠋ ᠬᠦᠷᠳᠡᠬᠦ᠎ᠪᠡᠷ ᠪᠠᠷᠠᠬᠤ ᠦᠭᠡᠢ᠂ ᠨᠡᠩ ᠴᠤ᠌ ᠡᠮᠦᠨᠡᠲᠦ ᠤᠮᠠᠷᠠᠲᠤ ᠎ᠶᠢᠨ ᠰᠣᠶᠣᠯ ᠎ᠤᠨ ᠠᠭᠤᠰᠤᠯᠴᠠᠯ ᠥᠢᠯᠠᠭᠠᠯᠳᠠ ᠵᠢᠨ᠎ᠠᠮᠢᠳᠤᠯᠢᠭ᠋ ᠵᠢᠷᠤᠭᠯᠠᠯ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号