ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠤ᠋ᠨ ᠰᠢᠨ᠎ᠡ ᠶ᠋ᠢ ᠡᠭᠦᠳᠬᠦ ᠬᠣᠲᠠ ᠪᠡᠷ ᠰᠣᠩᠭᠣᠭᠳᠠᠪᠠ
2025-12-26 12:20:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠲᠥᠪ ᠤ᠋ᠨ ᠷᠠᠳᠢᠣ᠋ ᠲᠧᠯᠸᠢᠰ ᠤ᠋ᠨ ᠶᠡᠷᠦᠩᠬᠡᠢ ᠬᠣᠷᠢᠶ᠎ᠠ ᠶ᠋ᠢᠨ 《2024 - 2025 ᠣᠨ ᠤ᠋ ᠬᠣᠲᠠ ᠶ᠋ᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠤ᠋ᠨ ᠰᠢᠨ᠎ᠡ ᠶ᠋ᠢ ᠡᠭᠦᠳᠦᠭᠰᠡᠨ ᠮᠡᠳᠡᠭᠦᠯᠦᠯᠲᠡ》 ᠶ᠋ᠢ ᠪᠡᠭᠡᠵᠢᠩ ᠳ᠋ᠤ᠌ ᠨᠡᠢᠲᠡᠯᠡᠪᠡ᠃ ᠡᠭᠦᠨ ᠳ᠋ᠤ᠌ 《ᠰᠢᠨ᠎ᠡ ᠶ᠋ᠢ ᠡᠭᠦᠳᠬᠦ ᠡᠯᠧᠮᠧᠨ᠋ᠲ ᠢ᠋ ᠲᠡᠭᠦᠯᠳᠡᠷᠵᠢᠭᠦᠯᠬᠦ》 ᠲᠠᠯ᠎ᠠ ᠪᠠᠷ ᠭᠦᠭᠡᠬᠣᠲᠠ 《ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠤ᠋ᠨ ᠰᠢᠨ᠎ᠡ ᠶ᠋ᠢ ᠡᠭᠦᠳᠬᠦ ᠬᠤᠳᠠ》ᠪᠡᠷ ᠵᠢᠭ᠍ᠰᠠᠭᠠᠭᠳᠠᠪᠠ᠃

ᠣᠢᠯᠠᠭᠠᠭᠰᠠᠨ ᠢ᠋ᠶ᠋ᠡᠷ᠂ 《ᠬᠣᠲᠠ ᠶ᠋ᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠤ᠋ᠨ ᠰᠢᠨ᠎ᠡ ᠶ᠋ᠢ ᠡᠭᠦᠳᠦᠭᠰᠡᠨ ᠮᠡᠳᠡᠭᠦᠯᠦᠯᠲᠡ》 ᠨᠢ ᠵᠢᠯ ᠪᠦᠷᠢ ᠮᠠᠨ ᠤ᠋ ᠤᠯᠤᠰ ᠤ᠋ᠨ ᠰᠢᠭᠤᠳ ᠬᠠᠷᠢᠶ᠎ᠠ ᠬᠣᠲᠠ᠂ ᠮᠤᠵᠢ ᠶ᠋ᠢᠨ ᠲᠥᠪ ᠬᠣᠲᠠ᠂ GDP ᠨᠢ ᠲᠦᠮᠡᠨ ᠳ᠋ᠦᠩᠰᠢᠭᠤᠷ ᠲᠥᠭᠥᠷᠢᠭ ᠢ᠋ ᠳᠠᠪᠠᠭᠰᠠᠨ ᠠᠵᠤ ᠠᠬᠤᠢ ᠶ᠋ᠢᠨ ᠬᠥᠭᠵᠢᠶᠡᠨᠲᠦ ᠬᠣᠲᠠ ᠵᠢᠴᠢ ᠶᠡᠷᠦᠩᠬᠡᠢᠯᠡᠭᠰᠡᠨ ᠪᠣᠳᠠᠲᠤ ᠬᠦᠴᠦᠨ ᠢ᠋ᠶ᠋ᠡᠷ ᠨᠡᠯᠢᠶᠡᠳ ᠴᠢᠩᠭ᠎ᠠ ᠰᠢᠶᠠᠨ (ᠬᠣᠲᠠ) ᠢ᠋ᠶ᠋ᠡᠷ ᠭᠣᠣᠯ  ᠡᠲᠡᠭᠡᠳ ᠪᠤᠯᠭᠠᠵᠤ᠂ ᠮᠠᠨ ᠤ᠋ ᠤᠯᠤᠰ ᠤ᠋ᠨ ᠬᠣᠲᠠ᠂ ᠰᠢᠶᠠᠨ ᠤ᠋ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭ᠍ᠰᠠᠨ᠂ ᠳᠡᠯᠡᠬᠡᠢᠴᠢᠯᠡᠭᠰᠡᠨ ᠲᠡᠷᠢᠭᠦᠨ ᠤ᠋ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠢ᠋ ᠪᠤᠶ ᠪᠤᠯᠭᠠᠬᠤ ᠳᠤᠮᠳᠠᠬᠢ ᠰᠢᠨ᠎ᠡ ᠶ᠋ᠢ ᠡᠭᠦᠳᠦᠭᠰᠡᠨ ᠭᠢᠯᠠᠰ ᠴᠡᠭ ᠪᠠ ᠦᠢᠯᠡᠳᠦᠯᠭᠡ ᠶ᠋ᠢ ᠳᠡᠯᠭᠡᠨ ᠦᠵᠡᠭᠦᠯᠵᠦ ᠪᠠᠢᠨ᠎ᠠ᠃

ᠣᠢᠷ᠎ᠠ ᠶ᠋ᠢᠨ ᠵᠢᠯ ᠡᠴᠡ ᠨᠠᠭᠠᠰᠢ᠂ ᠭᠦᠭᠡᠬᠣᠲᠠ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ ᠢ᠋ ᠶᠡᠬᠡ ᠪᠡᠷ ᠰᠢᠯᠢᠳᠡᠭᠵᠢᠭᠦᠯᠵᠦ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠪᠡᠷ ᠭᠠᠷᠳᠠᠴᠠ ᠪᠣᠯᠭᠠᠨ ᠠᠯᠢ ᠣᠯᠠᠨ ᠪᠣᠳᠠᠲᠠᠢ ᠶ᠋ᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠡᠵᠡᠩᠨᠡᠯᠲᠡ ᠶ᠋ᠢᠨ ᠭᠣᠣᠯ ᠴᠣᠭᠴᠠ ᠶ᠋ᠢᠨ ᠬᠦᠴᠢᠷᠳᠡᠯ ᠢ᠋ ᠰᠢᠢᠳᠪᠦᠷᠢᠯᠡᠬᠦ ᠶ᠋ᠢ 《ᠨᠠᠷᠢᠯᠢᠭ᠋ ᠣᠨᠣᠴᠠᠲᠠᠢ ᠥᠨᠳᠥᠷ ᠪᠦᠲᠦᠮᠵᠢᠲᠡᠶ》 ᠪᠤᠯᠭᠠᠵᠤ᠂ ᠡᠵᠡᠩᠨᠡᠯᠲᠡ ᠶ᠋ᠢᠨ ᠭᠣᠣᠯ ᠴᠣᠭᠴᠠ ᠵᠢᠨ ᠳᠠᠷᠤᠭᠠᠰᠤ ᠶ᠋ᠢ ᠬᠥᠩᠭᠡᠷᠡᠭᠦᠯᠦᠨ᠂ ᠪᠦᠭᠦ ᠬᠣᠲᠠ ᠶ᠋ᠢᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ ᠳ᠋ᠤ᠌ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠪᠡ᠃ ᠭᠦᠭᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠶ᠋ᠢ ᠭᠦᠨᠵᠡᠭᠡᠢᠷᠡᠭᠦᠯᠦᠨ ᠠᠬᠢᠭᠤᠯᠵᠤ᠂ ᠰᠢᠯᠢᠳᠡᠭ ᠰᠠᠢᠨ ᠣᠷᠴᠢᠨ ᠨᠥᠬᠥᠴᠡᠯ ᠢ᠋ ᠬᠦᠴᠦᠯᠡᠨ ᠪᠤᠶ ᠪᠣᠯᠭᠠᠪᠠ᠃ ᠡᠵᠡᠩᠨᠡᠯᠲᠡ ᠶ᠋ᠢᠨ ᠭᠣᠣᠯ ᠴᠣᠭᠴᠠ ᠶ᠋ᠢᠨ ᠨᠡᠭᠡᠭᠡᠨ ᠡᠷᠭᠢᠯᠡᠭᠦ ᠭᠠᠷ ᠭᠦᠢᠴᠡᠳᠬᠡᠯ ᠬᠢᠬᠦ ᠴᠠᠭ ᠢ᠋ 0.5 ᠠᠵᠢᠯᠯᠠᠬᠤ ᠡᠳᠦᠷ ᠪᠤᠯᠲᠠᠯ᠎ᠠ ᠪᠣᠭᠣᠨᠢᠰᠬᠠᠵᠤ᠂ 《ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠭᠡ ᠶ᠋ᠢ ᠠᠵᠤ ᠠᠬᠤᠢᠯᠠᠯ ᠪᠣᠯᠭᠠᠨ ᠬᠤᠪᠢᠷᠠᠭᠤᠯᠬᠤ》 ᠵᠡᠷᠭᠡ ᠥᠭᠡᠷᠡᠴᠢᠯᠡᠯᠲᠡ ᠶ᠋ᠢ ᠪᠦᠭᠦ ᠲᠠᠯ᠎ᠠ ᠪᠡᠷ ᠬᠡᠷᠡᠭᠵᠢᠭᠦᠯᠵᠦ᠂ 《ᠰᠦᠯᠵᠢᠶᠡᠨ ᠳᠡᠭᠡᠷ᠎ᠡ ᠨᠢᠭᠡ ᠰᠦᠯᠵᠢᠶ᠎ᠡ ᠪᠡᠷ ᠪᠦᠭᠦᠨ ᠢ᠋ ᠭᠦᠢᠴᠡᠳᠬᠡᠬᠦ᠂ ᠲᠤᠬᠠᠢ ᠶ᠋ᠢᠨ ᠲᠠᠯᠠᠪᠤᠷ ᠲᠦ᠍ ᠨᠢᠭᠡ ᠴᠣᠩᠬᠣᠪᠴᠢ ᠪᠡᠷ ᠭᠦᠢᠴᠡᠳᠬᠡᠬᠦ》 ᠶ᠋ᠢ ᠪᠡᠶᠡᠯᠡᠭᠦᠯᠪᠡ᠃ ᠡᠯᠧᠺᠲᠷᠣᠨ ᠭᠡᠷᠡᠴᠢ ᠦᠨᠡᠮᠯᠡᠯ ᠢ᠋ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠬᠦ ᠶ᠋ᠢ ᠬᠡᠷᠡᠭᠵᠢᠭᠦᠯᠤᠨ᠂ ᠡᠵᠡᠩᠨᠡᠯᠲᠡ ᠶ᠋ᠢᠨ ᠵᠥᠪᠰᠢᠶᠡᠷᠡᠯ ᠤ᠋ᠨ ᠬᠦᠷᠢᠶᠡᠨ ᠳ᠋ᠤ᠌᠂ ᠢᠳᠡᠭᠡᠨ ᠤ᠋ ᠡᠵᠡᠩᠨᠡᠯᠲᠡ ᠶ᠋ᠢᠨ ᠵᠥᠪᠰᠢᠶᠡᠷᠡᠯ ᠤ᠋ᠨ 《ᠨᠢᠭᠡ ᠶᠠᠪᠤᠳᠠᠯ ᠢ᠋ ᠨᠢᠭᠡ ᠯᠡ ᠤᠳᠠᠭ᠎ᠠ ᠳ᠋ᠤ᠌ ᠭᠦᠢᠴᠡᠳᠬᠡᠬᠦ》 ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠂ ᠶᠠᠪᠤᠴᠠ ᠶ᠋ᠢ ᠰᠢᠯᠢᠳᠡᠭᠵᠢᠭᠦᠯᠦᠨ᠂ ᠦᠷ᠎ᠡ ᠪᠦᠲᠦᠮᠵᠢ ᠶ᠋ᠢ ᠳᠡᠭᠡᠭᠰᠢᠯᠡᠭᠦᠯᠵᠦ᠂ 《ᠡᠵᠡᠩᠨᠡᠯᠲᠡ ᠶ᠋ᠢᠨ ᠦᠨᠡᠮᠯᠡᠯ ᠪᠠ ᠡᠵᠡᠩᠨᠡᠯᠲᠡ ᠶ᠋ᠢᠨ ᠵᠥᠪᠰᠢᠶᠡᠷᠡᠯ ᠤ᠋ᠨ ᠦᠨᠡᠮᠯᠡᠯ ᠤ᠋ᠨ ᠬᠢᠨᠠᠨ ᠵᠥᠪᠰᠢᠶᠡᠷᠡᠬᠦ ᠶᠠᠪᠤᠴᠠ ᠶ᠋ᠢ ᠰᠠᠯᠭᠠᠬᠤ》 ᠥᠭᠡᠷᠡᠴᠢᠯᠡᠯᠲᠡ ᠶ᠋ᠢ ᠨᠡᠢᠳᠡᠮ ᠬᠡᠷᠡᠭᠵᠢᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠢᠨᠠᠨ ᠵᠥᠪᠰᠢᠶᠡᠷᠡᠬᠦ ᠶᠠᠪᠤᠴᠠ ᠶ᠋ᠢ ᠦᠭᠡᠢᠰᠭᠡᠭᠦ᠂ ᠬᠢᠨᠠᠨ ᠵᠥᠪᠰᠢᠶᠡᠷᠡᠬᠦ ᠶ᠋ᠢ ᠳᠠᠩᠰᠠᠯᠠᠬᠤ ᠪᠣᠯᠭᠠᠨ ᠥᠭᠡᠷᠡᠴᠢᠯᠡᠬᠦ᠂ ᠮᠡᠳᠡᠭᠳᠡᠬᠦ ᠪᠠ ᠠᠮᠠᠯᠠᠯᠲᠠ ᠬᠢᠬᠦ᠂ ᠣᠷᠣᠬᠤ ᠶ᠋ᠢ ᠵᠥᠪᠰᠢᠶᠡᠷᠡᠬᠦ ᠦᠢᠯᠡᠴᠢᠯᠡᠭᠡ ᠶ᠋ᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤ᠋ᠨ ᠠᠷᠭ᠎ᠠ ᠭᠡᠯᠪᠡᠷᠢ ᠪᠡᠷ ᠳᠠᠮᠵᠢᠭᠤᠯᠤᠨ᠂ ᠠᠵᠤ ᠠᠬᠤᠢᠯᠠᠯ ᠤ᠋ᠨ ᠳᠦᠷᠢᠮ ᠤ᠋ᠨ ᠴᠢᠨᠠᠷᠲᠠᠢ ᠠᠷᠠᠯᠵᠢᠶᠠᠨ ᠤ᠋ ᠥᠪᠡᠷ ᠤ᠋ᠨ ᠥᠷᠲᠡᠭ ᠢ᠋ ᠶᠡᠬᠡ ᠪᠡᠷ ᠪᠠᠭᠤᠷᠠᠭᠤᠯᠵᠤ᠂ ᠶᠡᠬᠡ ᠬᠡᠮᠵᠢᠶᠡᠨ ᠤ᠋ ᠡᠵᠡᠩᠨᠡᠯᠲᠡ ᠶ᠋ᠢᠨ ᠭᠣᠣᠯ ᠴᠣᠭᠴᠠ ᠳ᠋ᠤ᠌ ᠠᠰᠢᠭ᠋ ᠬᠦᠷᠲᠡᠭᠡᠪᠡ᠃ 

ᠬᠦᠬᠡᠬᠤᠳᠠ ᠵᠢᠨ ᠬᠠᠮ ᠵᠠᠭᠤᠴᠢᠯᠠᠭᠤᠷ᠎ᠤᠨ ᠳᠦᠪ᠎ᠤᠨ ᠭᠢᠨ ᠮᠡᠳᠡᠭᠡᠯᠡᠪᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号