ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠮᠥᠨ᠃《ᠠᠷᠪᠠᠨ ᠳᠥᠷᠪᠡᠳᠦᠭᠡᠷ ᠲᠠᠪᠤᠨ ᠵᠢᠯ》 ᠢ᠋ ᠡᠷᠭᠢᠴᠡᠭᠦᠯᠬᠦ᠎ᠳᠤ᠂ ᠬᠥᠬᠡᠬᠣᠲᠠ ᠢᠮᠠᠭᠲᠠ ᠶᠡᠷᠦᠩᠬᠡᠢ ᠱᠦᠵᠢ ᠰᠢ ᠵᠢᠨ ᠫᠢᠩ᠎ᠦᠨ ᠠᠵᠢᠯ ᠣᠯᠭᠣᠯᠲᠠ᠎ᠶᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠪᠡᠷ ᠦᠨᠳᠦᠰᠦᠨ ᠵᠢᠷᠤᠮᠯᠠᠯ ᠪᠣᠯᠭᠠᠵᠤ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ ᠤᠨ ᠠᠵᠠ ᠵᠢᠷᠭᠠᠯ᠎ᠢ ᠲᠠᠰᠤᠷᠠᠯᠲᠠ ᠦᠭᠡᠢ ᠨᠡᠮᠡᠭᠳᠡᠭᠦᠯᠵᠡᠢ᠃ ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠪᠥᠬᠥ ᠬᠣᠲᠠ᠎ᠶᠢᠨ ᠬᠣᠲᠠ ᠪᠠᠯᠭᠠᠰᠤᠨ᠎ᠳᠤ ᠨᠡᠶ᠋ᠢᠲᠡ 30.35 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠪᠥᠬᠥ ᠣᠷᠣᠨ᠎ᠤ ᠭᠤᠷᠪᠠᠨ᠎ᠤ ᠨᠢᠭᠡ ᠬᠤᠪᠢ᠎ᠶᠢ ᠡᠵᠡᠯᠡᠵᠦ᠂ 20.75 ᠲᠦᠮᠡᠨ ᠵᠠᠯᠠᠭᠤᠴᠤᠳ ᠬᠥᠬᠡᠬᠣᠲᠠ᠎ᠳᠤ ᠠᠵᠢᠯ ᠣᠯᠵᠤ ᠦᠢᠯᠡᠰ ᠴᠣᠭᠴᠠᠯᠠᠵᠠᠢ᠃ ᠡᠨᠡ ᠬᠦ᠌ ᠠᠷᠠᠳ᠎ᠤᠨ ᠠᠮᠢᠳᠤᠷᠠᠯ᠎ᠤᠨ ᠬᠠᠷᠢᠭᠤᠯᠲᠠ᠎ᠶᠢᠨ ᠬᠠᠭᠤᠳᠠᠰᠤ ᠨᠢ ᠬᠠᠯᠠᠭᠤᠨ ᠳᠤᠯᠠᠭᠠᠨ ᠪᠠᠢᠵᠤ᠂《ᠠᠷᠠᠳ ᠲᠦᠮᠡᠨ᠎ᠳᠦ ᠵᠣᠯ ᠵᠢᠷᠭᠠᠯ ᠬᠦᠷᠳᠡᠬᠡᠬᠦ》ᠬᠥᠭᠵᠢᠯᠲᠡ᠎ᠶᠢᠨ ᠤᠭ ᠰᠠᠨᠠᠭ᠎ᠠ᠎ᠶᠢ ᠭᠦᠨᠵᠡᠭᠡᠢ ᠭᠡᠷᠡᠴᠢᠯᠡᠪᠡ᠃

ᠬᠦᠬᠡᠬᠤᠳᠠ ᠵᠢᠨ
ᠦᠵᠡᠮᠵᠢ
ᠲᠥᠷᠥ ᠶᠢᠨ ᠪᠣᠳᠣᠯᠭ᠎ᠠ ᠶᠢᠨ ᠰᠢᠰᠲᠧᠮ ᠢ ᠨᠠᠩ ᠪᠦᠷᠢᠨᠰᠢᠭᠦᠯᠵᠦ ᠠᠵᠢᠯ ᠣᠯᠭᠣᠯᠲᠠ᠎ᠶᠢᠨ ᠶᠠᠰᠤ ᠴᠢᠨᠠᠷ ᠪᠠ ᠪᠠᠭᠲᠠᠭᠠᠮᠵᠢ᠎ᠶᠢ ᠵᠡᠷᠭᠡ᠎ᠪᠡᠷ ᠳᠡᠭᠡᠭᠰᠢᠯᠡᠭᠦᠯᠪᠠ
《ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠵᠤ᠂ ᠪᠤᠴᠠᠭᠠᠬᠤ ᠪᠡᠯᠡ ᠮᠥᠩᠭᠥ᠎ᠶᠢ ᠰᠢᠭᠤᠳ ᠲᠠᠩᠰᠠᠨ᠎ᠳᠤ ᠣᠷᠣᠭᠤᠯᠵᠤ᠂ ᠮᠠᠨ᠎ᠤ ᠠᠵᠤ ᠠᠬᠤᠢᠯᠡᠯ᠎ᠤᠨ ᠠᠵᠢᠯᠲᠠᠨ᠎ᠢᠶᠠᠨ ᠦᠯᠡᠳᠡᠭᠡᠵᠦ᠂ ᠲᠣᠭᠲᠠᠭᠤᠨ᠎ᠢᠶᠠᠷ ᠦᠢᠯᠡᠳᠪᠦᠷᠢᠯᠡᠬᠦ᠎ᠳᠦ ᠬᠦᠴᠦ ᠨᠡᠮᠡᠷᠢᠯᠡᠭᠰᠡᠨ ᠰᠢᠦ》 ᠭᠡᠵᠦ ᠬᠥᠬᠡᠬᠣᠲᠠ᠎ᠶᠢᠨ ᠨᠢᠭᠡᠨ ᠲᠣᠨᠣᠭ ᠲᠥᠬᠦᠭᠡᠷᠦᠮᠵᠢ ᠦᠢᠯᠡᠳᠬᠦ ᠠᠵᠤ ᠠᠬᠤᠢᠯᠡᠯ᠎ᠤᠨ ᠬᠠᠷᠢᠭᠤᠴᠠᠯᠭᠠᠲᠠᠨ ᠬᠡᠯᠡᠨ᠎ᠠ᠂ ᠡᠨᠡ ᠪᠣᠯ ᠣᠷᠣᠨ᠎ᠤ ᠲᠥᠪ᠎ᠦᠨ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ᠎ᠶᠢᠨ ᠨᠠᠷᠢᠯᠢᠭ᠋ ᠣᠨᠣᠴᠠᠲᠠᠢ ᠬᠦᠴᠦᠯᠡᠭᠰᠡᠨ ᠠᠮᠢᠳᠤᠯᠢᠭ᠋ ᠬᠤᠷᠢᠶᠠᠩᠭᠤᠢ ᠳᠦᠷᠰᠦ ᠪᠣᠯᠣᠨ᠎ᠠ᠃ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ ᠶᠠᠪᠤᠳᠠᠯ ᠪᠣᠯ ᠣᠷᠣᠨ᠎ᠤ ᠲᠥᠪ᠎ᠦᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠬᠤ ᠪᠥᠭᠡᠳ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠦᠨᠳᠦᠰᠦᠨ ᠠᠷᠭ᠎ᠠ ᠬᠡᠮᠵᠢᠶ᠎ᠡ ᠪᠣᠯᠣᠨ᠎ᠠ᠃《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠬᠥᠬᠡᠬᠣᠲᠠ ᠠᠵᠢᠯ ᠣᠯᠭᠣᠯᠲᠠ᠎ᠶᠢ ᠠᠬᠢᠭᠤᠯᠬᠤ᠎ᠶᠢ ᠴᠢᠬᠤᠯᠠ ᠶᠡᠬᠡ ᠤᠯᠤᠰ ᠲᠦᠷᠦ᠎ᠶᠢᠨ ᠬᠠᠷᠢᠭᠤᠴᠠᠯᠭ᠎ᠠ ᠪᠠ ᠲᠡᠷᠢᠭᠦᠨ ᠴᠢᠬᠤᠯᠠ ᠡᠭᠦᠷᠭᠡ ᠪᠣᠯᠭᠠᠬᠤ᠎ᠶᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ《ᠰᠠᠭᠤᠷᠢ ᠴᠢᠯᠠᠭᠤ》 ᠶ᠋ᠢ ᠪᠠᠲᠤ ᠴᠣᠭᠴᠠᠯᠠᠪᠠ᠃《ᠠᠵᠢᠯ ᠦᠢᠯᠡᠰ᠎ᠲᠦ ᠲᠣᠬᠢᠷᠠᠭᠰᠠᠨ》 ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠭᠦᠨᠵᠡᠭᠡᠢ ᠠᠬᠢᠭᠤᠯᠬᠤ ᠭᠤᠷᠪᠠᠨ ᠵᠢᠯ᠎ᠦᠨ ᠠᠵᠢᠯᠯᠠᠭ᠎ᠠ᠂《ᠵᠠᠰᠠᠭ᠎ᠤᠨ ᠣᠷᠳᠣᠨ ᠶᠡᠷᠦᠩᠬᠡᠢ ᠳ᠋ᠦ᠍ᠨᠢ ᠲᠥᠯᠥᠪᠵᠢᠭᠦᠯᠦᠨ ᠠᠳᠬᠤᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠲᠦᠷᠦᠭᠦᠯᠡᠨ ᠠᠬᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ》᠂ 《ᠶᠡᠬᠡ ᠠᠵᠢᠯ ᠣᠯᠭᠣᠯᠲᠠ》 ᠶ᠋ᠢᠨ ᠠᠵᠢᠯ᠎ᠤᠨ ᠪᠠᠢᠷᠢᠰᠢᠯ ᠡᠳᠦᠷ ᠢᠷᠡᠬᠦᠶ᠎ᠡ ᠪᠣᠯᠪᠠᠰᠤᠷᠠᠩᠭᠤᠢ ᠪᠣᠯᠵᠤ᠂ ᠠᠵᠢᠯ ᠣᠯᠭᠣᠬᠤ ᠦᠢᠯᠡᠴᠢᠯᠡᠭᠡᠨ᠎ᠦ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠪᠠᠢᠭᠤᠯᠤᠨ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠠᠵᠢᠯ ᠣᠯᠭᠣᠵᠤ ᠠᠵᠤ ᠠᠬᠤᠢᠯᠡᠯ᠎ᠢ ᠲᠤᠰᠠᠯᠠᠬᠤ᠂ ᠠᠵᠢᠯ᠎ᠤᠨ ᠪᠠᠢᠷᠢ᠎ᠶᠢ ᠡᠯᠰᠡᠬᠦ ᠵᠡᠷᠭᠡ ᠦᠢᠯᠡᠴᠢᠯᠡᠭᠡ᠎ᠶᠢ ᠥᠷᠨᠢᠭᠦᠯᠵᠦ᠂ ᠬᠠᠮᠤᠭ᠎ᠤᠨ ᠭᠣᠶᠣ᠌ ᠠᠵᠢᠯ ᠣᠯᠭᠣᠯᠲᠠ᠎ᠶᠢᠨ 《ᠢᠵᠢᠯᠢ ᠲᠥᠪ᠎ᠲᠦ ᠲᠣᠭᠣᠷᠢᠭ᠋》 ᠢ᠋ ᠵᠢᠷᠤᠭᠯᠠᠪᠠ᠃ ᠡᠭᠦᠨ᠎ᠦ ᠬᠠᠮᠲᠤ᠂ ᠠᠵᠤ ᠠᠬᠤᠢᠯᠡᠯ᠎ᠤᠨ ᠨᠡᠢᠭᠡᠮ᠎ᠦᠨ ᠳᠠᠭᠠᠳᠬᠠᠯ ᠤᠨ ᠰᠦᠢᠳᠬᠡᠯ᠎ᠢ ᠱᠠᠲᠤᠴᠢ ᠴᠢᠨᠠᠷᠲᠠᠢ᠎ᠪᠠᠷ ᠬᠠᠰᠤᠵᠤ ᠬᠡᠯᠲᠦᠷᠢᠭᠦᠯᠬᠦ᠂ ᠠᠵᠢᠯ ᠠᠯᠳᠠᠯᠲᠠ᠎ᠶᠢᠨ ᠳᠠᠭᠠᠳᠬᠠᠯ᠎ᠢ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ᠂ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠨᠥᠬᠥᠪᠦᠷᠢ ᠥᠭᠬᠦ ᠵᠡᠷᠭᠡ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠴᠢᠩᠭᠠᠳᠬᠠᠵᠤ᠂ 《ᠭᠤᠶᠤᠴᠢᠯᠠᠬᠤ ᠦᠭᠡᠢ᠎ᠪᠡᠷ ᠭᠥᠷᠳᠡᠬᠦ》᠂ 《ᠲᠥᠷᠥ᠎ᠶᠢᠨ ᠪᠣᠳᠣᠯᠭ᠎ᠠ᠎ᠪᠠᠷ ᠬᠥᠮᠥᠨ ᠡᠷᠢᠬᠦ》᠂《ᠲᠥᠷᠥ᠎ᠶᠢᠨ ᠪᠣᠳᠣᠯᠭ᠎ᠠ᠎ᠪᠠᠷ ᠠᠵᠤ ᠠᠬᠤᠢᠯᠡᠯ ᠢ ᠡᠷᠢᠬᠦ》 ᠳᠥᠭᠥᠮ ᠳᠥᠲᠡ ᠠᠷᠭ᠎ᠠ ᠬᠡᠮᠵᠢᠶ᠎ᠡ᠎ᠶᠢ ᠪᠡᠬᠢᠵᠢᠭᠦᠯᠦᠨ ᠥᠷᠭᠡᠳᠬᠡᠵᠦ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠬᠦᠯᠢᠶᠡᠰᠦ᠎ᠶᠢ ᠰᠤᠯᠠᠯᠠᠨ ᠳᠠᠷᠤᠭᠠᠰᠤ᠎ᠶᠢ ᠬᠥᠩᠭᠡᠷᠡᠭᠦᠯᠵᠦ᠂ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠡᠢ᠃
ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠨᠢ ᠬᠣᠷᠸ᠎ᠠ ᠲᠠᠯ᠎ᠠ᠎ᠶᠢᠨ ᠶᠡᠬᠡ ᠲᠠᠯ᠎ᠠ ᠶᠡᠬᠡ ᠬᠠᠨᠳᠤᠰᠢ᠎ᠲᠠᠢ ᠬᠣᠯᠪᠣᠭᠳᠠᠵᠤ᠂ ᠪᠠᠰᠠ ᠬᠤᠪᠢ ᠬᠥᠮᠥᠨ᠎ᠦ ᠬᠦᠰᠡᠯ ᠡᠷᠡᠮᠡᠯᠵᠡᠯ᠎ᠢ ᠨᠥᠯᠥᠭᠡᠯᠡᠵᠦ ᠪᠠᠢᠳᠠᠭ᠃ ᠬᠥᠬᠡᠬᠣᠲᠠ ᠪᠡᠯᠡ ᠣᠷᠣᠭᠤᠯᠤᠯᠲᠠ᠎ᠪᠠᠷ ᠲᠦᠷᠦ᠎ᠶᠢᠨ ᠪᠣᠳᠣᠯᠭ᠎ᠠ᠎ᠶᠢᠨ ᠰᠢᠮ᠎ᠡ᠎ᠪᠡᠷ ᠠᠵᠢᠯ ᠣᠯᠭᠣᠯᠲᠠ ᠦᠢᠯᠡᠰ ᠪᠣᠰᠬᠠᠬᠤ《ᠰᠢᠮᠡᠲᠦ ᠬᠥᠷᠥᠰᠥ》᠎ᠶ᠋ᠢ ᠤᠮᠳᠠᠯᠠᠵᠤ ᠪᠤᠢ᠃ ᠬᠥᠬᠡᠬᠣᠲᠠ᠎ᠶᠢᠨ ᠦᠨᠳᠦᠰᠦᠲᠡᠨ᠎ᠦ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠬᠤᠤ ᠶᠤᠸᠠᠨ᠎ᠤ ᠮᠣᠷᠢᠨ ᠬᠤᠭᠤᠷ᠎ᠤᠨ ᠠᠵᠢᠯᠯᠠᠬᠤ ᠲᠠᠰᠤᠭ᠎ᠲᠤ ᠣᠷᠣᠬᠤ᠎ᠳᠤ᠂ ᠬᠤᠤ ᠶᠤᠸᠠᠨ ᠶᠠᠭ ᠥᠪᠡᠷ᠎ᠦᠨ ᠥᠭᠡᠷᠡᠴᠢᠯᠡᠨ ᠵᠣᠬᠢᠶᠠᠵᠤ ᠪᠦᠲᠦᠭᠡᠭᠰᠡᠨ ᠮᠣᠷᠢᠨ ᠬᠤᠭᠤᠷ᠎ᠢᠶᠠᠨ ᠬᠤᠭᠤᠷᠳᠡᠵᠦ ᠪᠠᠢᠯ᠎ᠠ᠃ ᠬᠤᠤ ᠶᠤᠸᠠᠨ ᠰᠤᠷᠪᠤᠯᠵᠢᠯᠠᠭ᠍ᠴᠢ᠎ᠳᠤ᠄ 《ᠪᠢ 12 ᠨᠠᠰᠤᠨ᠎ᠠᠴᠠ᠎ᠪᠠᠨ ᠮᠣᠷᠢᠨ ᠬᠤᠭᠤᠷ ᠰᠤᠷᠴᠤ᠂ ᠶᠡᠬᠡ ᠰᠤᠷᠭᠠᠭᠤᠯᠢ᠎ᠶᠢᠨ ᠬᠤᠭᠤᠴᠠᠭᠠᠨ᠎ᠳᠠᠭᠠᠨ ᠪᠠᠰᠠ ᠮᠣᠷᠢᠨ ᠬᠤᠭᠤᠷ ᠦᠢᠯᠡᠳᠬᠦ᠎ᠶᠢ ᠰᠤᠷᠴᠤ᠂ ᠰᠢᠨ᠎ᠠ ᠮᠠᠶᠢᠭ᠎ᠤᠨ ᠮᠣᠷᠢᠨ ᠬᠤᠭᠤᠷ᠎ᠢ ᠡᠭᠦᠳᠦᠨ ᠦᠢᠯᠡᠳᠴᠦ ᠲᠤᠰᠬᠠᠢ ᠠᠰᠢᠭ᠋᠎ᠤᠨ ᠡᠷᠬᠡ ᠭᠤᠶᠤᠴᠢᠯᠠᠵᠤ᠂ ᠤᠯᠠᠮ ᠵᠢᠡᠷ ᠦᠢᠯᠡᠰ ᠪᠣᠰᠬᠠᠬᠤ ᠪᠤᠳᠤᠯ᠎ᠲᠠᠢ ᠪᠣᠯᠵᠠᠢ》ᠭᠡᠵᠦ ᠬᠡᠯᠡᠪᠡ᠃ ᠰᠤᠷᠤᠯᠭ᠎ᠠ᠎ᠪᠡᠨ ᠰᠠᠶᠢᠬᠠᠨ ᠳᠡᠬᠦᠰᠬᠡᠭᠰᠡᠨ ᠳᠡᠬᠦᠨ᠎ᠳᠦ ᠠᠪᠴᠤ ᠬᠡᠯᠡᠪᠡᠯ᠂ ᠪᠡᠯᠡ ᠮᠥᠩᠭᠥ ᠪᠠ ᠲᠠᠯᠠᠪᠤᠷ ᠨᠢ ᠲᠡᠭᠦᠨ᠎ᠦ ᠡᠮᠦᠨ᠎ᠡ ᠬᠣᠶᠠᠷ ᠶᠡᠬᠡ ᠬᠦᠴᠢᠷ ᠠᠰᠠᠭᠤᠳᠠᠯ ᠪᠣᠯᠵᠠᠢ᠃《ᠰᠣᠨᠢᠨ ᠮᠡᠳᠡᠭᠡ ᠦᠵᠡᠬᠦ᠎ᠪᠡᠷ ᠳᠡᠮᠵᠢᠨ ᠪᠢ ᠬᠥᠬᠡᠬᠣᠲᠠ᠎ᠶᠢᠨ ᠣᠶᠤᠲᠠᠳ᠎ᠲᠤ ᠴᠢᠭᠯᠡᠭᠦᠯᠦᠨ ᠦᠢᠯᠡᠰ ᠪᠤᠰᠬᠠᠬᠤ᠎ᠶᠢ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ ᠨᠡᠢᠲᠡᠯᠡᠵᠦ ᠪᠠᠢᠬᠤ᠎ᠶᠢ ᠣᠢᠯᠠᠭᠠᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ 10 ᠲᠦᠮᠡᠨ ᠲᠥᠭᠥᠷᠢᠭ᠎ᠦᠨ ᠦᠢᠯᠡᠰ ᠪᠤᠰᠬᠠᠬᠤ ᠵᠢᠭᠡᠯᠡᠯᠭᠡ ᠭᠤᠶᠤᠴᠢᠯᠠᠬᠤ᠎ᠶᠢᠨ ᠬᠠᠮᠲᠤ ᠰᠤᠷᠭᠠᠭᠤᠯᠢ᠎ᠲᠠᠢ ᠬᠠᠮᠲᠤᠷᠠᠨ ᠠᠵᠢᠯᠯᠠᠵᠤ᠂ ᠦᠢᠯᠡᠰ ᠪᠤᠰᠬᠠᠬᠤ ᠳᠤᠮᠳᠠᠬᠢ ᠬᠦᠴᠢᠷ ᠠᠰᠠᠭᠤᠳᠠᠯᠵᠢᠡᠨ ᠦᠨᠡᠨ ᠪᠣᠳᠠᠲᠠᠢ ᠰᠢᠢᠳᠪᠦᠷᠢᠯᠡᠯᠠ》 ᠬᠡᠵᠦ ᠳᠡᠷᠡ ᠪᠠᠰᠠ ᠬᠡᠯᠡᠨ᠎ᠠ᠃
ᠬᠥᠬᠡᠬᠣᠲᠠ ᠠᠳᠠᠯ ᠦᠢᠯᠡᠰ ᠪᠤᠰᠬᠠᠬᠤ ᠵᠢᠭᠡᠯᠡᠯᠭᠡ᠎ᠶᠢᠨ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠠᠳᠠᠯ ᠦᠢᠯᠡᠰ ᠪᠤᠰᠬᠠᠬᠤ ᠵᠢᠭᠡᠯᠡᠯᠭᠡ ᠵᠢ 5.5 ᠳ᠋ᠦᠩᠰᠢᠭᠤᠷ ᠲᠥᠭᠥᠷᠢᠭ ᠲᠠᠯᠪᠢᠪᠠ᠃ ᠦᠢᠯᠡᠰ ᠡᠷᠬᠢᠯᠡᠭᠴᠢᠳ ᠲᠤ᠌ ᠪᠡᠯᠡ ᠣᠷᠣᠭᠤᠯᠬᠤ᠎ᠶᠢ ᠪᠠᠷᠢᠮᠲᠠᠯᠠᠵᠤ᠂ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠬᠥᠳᠡᠯᠮᠦᠷᠢᠴᠢᠳ᠎ᠦᠨ ᠬᠡᠪ ᠴᠢᠨᠠᠷ᠎ᠢ ᠳᠡᠭᠡᠭᠰᠢᠯᠡᠭᠦᠯᠵᠦ᠂ ᠨᠠᠰᠤᠨ ᠲᠤᠷᠰᠢᠲᠠ᠎ᠶᠢᠨ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠤᠨ ᠳᠦᠷᠢᠮ᠎ᠢ ᠪᠦᠷᠢᠨᠰᠢᠭᠦᠯᠵᠦ᠂ ᠠᠵᠤ ᠠᠬᠤᠢᠯᠡᠯ᠎ᠤᠨ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ ᠵᠡᠷᠭᠡ ᠨᠡᠢ᠍ᠢᠳᠡ 16.47 ᠲᠦᠮᠡᠨ ᠬᠥᠮᠥᠨ ᠤᠳᠠᠭ᠎ᠠ᠎ᠳᠤ ᠨᠥᠬᠥᠪᠦᠷᠢ᠎ᠶᠢᠨ ᠴᠢᠨᠠᠷᠲᠠᠢ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ ᠬᠦᠷᠳᠡᠭᠡᠪᠡ᠃ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠲᠥᠷᠦ᠎ᠶᠢᠨ ᠪᠣᠳᠣᠯᠭ᠎ᠠ᠂ ᠴᠢᠳᠠᠪᠤᠷᠢᠲᠠᠨ᠎ᠢᠶᠠᠷ ᠬᠣᠲᠠ᠎ᠪᠠᠨ ᠬᠦᠴᠦᠷᠬᠡᠭᠵᠢᠭᠦᠯᠬᠦ ᠪᠠᠢᠯᠳᠤᠬᠤ ᠪᠣᠳᠣᠯᠭ᠎ᠠ᠎ᠲᠠᠢ ᠨᠢᠭ᠍ᠲᠠ ᠤᠶᠠᠯᠳᠤᠭᠤᠯᠤᠨ᠂《ᠴᠢᠳᠠᠪᠤᠷᠢᠲᠠᠨ᠎ᠤ 10 ᠵᠤᠷᠪᠤᠰ》ᠵᠡᠷᠭᠡ ᠣᠯᠠᠨ ᠵᠦᠢᠯ᠎ᠦᠨ ᠴᠢᠳᠠᠪᠤᠷᠢᠲᠠᠨ᠎ᠤ ᠲᠥᠷᠦ᠎ᠶᠢᠨ ᠪᠣᠳᠣᠯᠭ᠎ᠠ᠎ᠶᠢ ᠲᠣᠭᠲᠠᠭᠠᠨ ᠨᠡᠢᠲᠡᠯᠡᠵᠦ᠂ ᠭᠡᠷ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠥᠪᠦᠷᠢ ᠵᠡᠷᠭᠡ ᠵᠢ 1.17 ᠳ᠋ᠦᠩᠰᠢᠭᠤᠷ ᠲᠥᠭᠥᠷᠢᠭ ᠲᠠᠷᠬᠠᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠢᠳᠡᠵᠦ ᠡᠮᠦᠰᠬᠦ ᠶᠠᠪᠤᠵᠤ ᠰᠠᠭᠤᠬᠤ᠎ᠶᠢᠨ《ᠵᠠᠩᠭᠢᠯᠠᠭ᠎ᠠ᠎ᠶᠢᠨ ᠪᠠᠭ᠎ᠠ ᠶᠠᠪᠤᠳᠠᠯ》 ᠢ᠋ ᠰᠢᠢᠳᠪᠦᠷᠢᠯᠡᠵᠦ᠂ ᠬᠥᠬᠡᠬᠣᠲᠠ 《ᠬᠠᠮᠤᠭ ᠤᠨ ᠰᠠᠢᠨ ᠴᠢᠳᠠᠪᠤᠷᠢᠲᠠᠨ᠎ᠤ ᠬᠥᠭᠵᠢᠯᠲᠡ᠎ᠶᠢᠨ ᠬᠣᠲᠠ·ᠪᠦᠬᠦ ᠤᠯᠤᠰᠤ᠋ᠠ 50 ᠬᠦᠴᠦᠷᠬᠡᠭ》 ᠲᠤ᠌ ᠰᠣᠩᠭᠣᠭᠳᠠᠪᠠ᠃
ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ ᠠᠵᠢᠯ ᠣᠯᠭᠣᠯᠲᠠ᠎ᠶᠢᠨ ᠦᠨᠳᠦᠰᠦᠨ ᠪᠠᠢᠳᠠᠯ ᠲᠠᠰᠤᠷᠠᠯᠲᠠ ᠦᠭᠡᠢ ᠪᠡᠬᠢᠵᠢᠪᠡ
ᠬᠥᠬᠡᠬᠣᠲᠠ《ᠠᠷᠪᠠᠨ ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠭᠡᠬᠦ ᠢᠨᠵᠧᠨᠧᠷᠢᠩ》᠂ 《ᠭᠤᠷᠪᠠᠨ ᠵᠢᠯ᠎ᠳᠦ ᠠᠷᠪᠠᠨ ᠲᠠᠪᠤᠨ ᠲᠦᠮᠡᠨ ᠵᠠᠯᠠᠭᠤᠴᠤᠳ᠎ᠢ ᠬᠥᠬᠡᠬᠣᠲᠠ᠎ᠳᠤ ᠦᠯᠡᠳᠡᠭᠡᠬᠦ ᠠᠵᠢᠯᠯᠠᠭ᠎ᠠ》 ᠶ᠋ᠢ ᠭᠦᠨᠵᠡᠭᠡᠢ ᠬᠡᠷᠡᠭᠵᠢᠭᠦᠯᠵᠦ᠂ ᠠᠵᠢᠯ ᠡᠷᠢᠬᠦ ᠪᠥᠬᠥ ᠶᠠᠪᠤᠴᠠ᠎ᠶᠢ ᠬᠠᠮᠤᠷᠤᠭᠰᠠᠨ ᠲᠥᠷᠥ᠎ᠶᠢᠨ ᠪᠣᠳᠣᠯᠭ᠎ᠠ᠎ᠶᠢᠨ ᠦᠢᠯᠡᠴᠢᠯᠡᠭᠡᠨ᠎ᠦ ᠰᠢᠰᠲᠧᠮᠵᠢ᠎ᠶᠢ ᠪᠠᠢᠭᠤᠯᠤᠨ ᠪᠦᠷᠢᠨᠰᠢᠭᠦᠯᠪᠡ᠃2021 ᠣᠨ᠎ᠠᠴᠠ ᠨᠠᠭᠠᠰᠢ᠂ ᠨᠡᠶ᠋ᠢᠲᠡ 20.75 ᠲᠦᠮᠡᠨ ᠣᠶᠤᠲᠠᠨ ᠵᠠᠯᠠᠭᠤᠴᠤᠳ᠎ᠢ ᠬᠠᠪᠰᠤᠷᠤᠨ ᠬᠥᠬᠡᠬᠣᠲᠠ᠎ᠳᠤ ᠠᠵᠢᠯ ᠣᠯᠭᠣᠵᠤ᠂《ᠠᠷᠪᠠᠨ ᠲᠦᠮᠡᠨ ᠣᠶᠤᠲᠠᠨ᠎ᠢ ᠬᠥᠬᠡᠬᠣᠲᠠ᠎ᠳᠤ ᠦᠯᠡᠳᠡᠭᠡᠬᠦ ᠢᠨᠵᠧᠨᠧᠷᠢᠩ》᠎ᠨᠢ 2022 ᠣᠨ᠎ᠤ ᠪᠥᠬᠥ ᠤᠯᠤᠰ᠎ᠤᠨ ᠣᠷᠣᠨ ᠨᠤᠲᠤᠭ᠎ᠤᠨ ᠠᠵᠢᠯ ᠣᠯᠭᠣᠯᠲᠠ᠎ᠶᠢᠨ ᠰᠢᠨ᠎ᠡ᠎ᠶᠢ ᠡᠭᠦᠳᠦᠭᠰᠡᠨ ᠬᠡᠷᠡᠭ᠎ᠢᠶᠡᠷ ᠦᠨᠡᠯᠡᠭᠳᠡᠵᠦ᠂ ᠬᠣᠲᠠ᠎ᠶᠢᠨ ᠴᠢᠳᠠᠪᠤᠷᠢᠲᠠᠨ᠎ᠢ ᠲᠠᠲᠠᠬᠤ ᠢᠷᠠᠭᠤ ᠰᠠᠢᠬᠠᠨ ᠨᠡᠷ᠎ᠡ᠎ᠶᠢᠨ ᠬᠠᠭᠤᠳᠠᠰᠤ ᠪᠣᠯᠤᠭᠰᠠᠨ ᠪᠠᠢᠨ᠎ᠠ᠃ ᠠᠵᠢᠯ ᠣᠯᠭᠣᠵᠤ ᠦᠢᠯᠡᠰ ᠪᠣᠰᠬᠠᠬᠤ ᠲᠥᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠦᠢᠯᠡᠰ ᠪᠣᠰᠬᠠᠬᠤ ᠱ᠌ᠠᠯᠤᠨ᠂ ᠦᠢᠯᠡᠰ ᠪᠣᠰᠬᠠᠬᠤ ᠪᠣᠯᠪᠠᠰᠤᠷᠠᠯ᠎ᠤᠨ ᠭᠠᠵᠠᠷ᠂ ᠰᠤᠷᠭᠠᠭᠤᠯᠢ᠎ᠶᠢᠨ ᠬᠦᠷᠢᠶᠡᠨ᠎ᠦ ᠠᠵᠢᠯᠲᠠᠨ ᠡᠯᠰᠡᠬᠦ ᠴᠤᠭᠯᠠᠭᠠᠨ ᠵᠡᠷᠭᠡ ᠣᠯᠠᠨ ᠡᠰᠢᠲᠦ ᠠᠵᠢᠯᠯᠠᠭ᠎ᠠ ᠵᠢ 75 ᠲᠠᠯᠠᠪᠠᠢ ᠵᠣᠬᠢᠶᠠᠨ ᠪᠠᠢᠭᠤᠯᠤᠨ ᠥᠷᠨᠢᠭᠦᠯᠵᠦ᠂ ᠰᠤᠷᠭᠠᠭᠤᠯᠢ᠎ᠶᠢᠨ ᠬᠦᠷᠢᠶ᠎ᠡ᠎ᠡᠴᠡ ᠠᠵᠢᠯ᠎ᠤᠨ ᠲᠠᠯᠠᠪᠤᠷ᠎ᠲᠤ ᠬᠦᠷᠬᠦ 《ᠠᠯᠲᠠᠨ ᠬᠥᠭᠥᠷᠭᠡ》 ᠶ᠋ᠢ ᠪᠠᠢᠭᠤᠯᠪᠠ᠃ ᠠᠯᠪᠠᠲᠠᠨ ᠰᠢᠯᠭᠠᠨ ᠡᠯᠰᠡᠬᠦ᠂ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ ᠡᠯᠰᠡᠬᠦ᠂ ᠤᠯᠤᠰ᠎ᠤᠨ ᠥᠮᠴᠢᠯᠡᠯᠲᠦ ᠠᠵᠤ ᠠᠬᠤᠢᠯᠡᠯ᠎ᠤᠨ ᠠᠵᠢᠯᠲᠠᠨ ᠡᠯᠰᠡᠬᠦ ᠪᠠ ᠦᠨᠳᠦᠰᠦᠨ ᠱᠠᠲᠤᠨ᠎ᠤ ᠦᠢᠯᠡᠴᠢᠯᠡᠭᠡᠨ᠎ᠦ ᠲᠥᠷᠥᠯ ᠵᠦᠢᠯ ᠤᠨ ᠠᠵᠢᠯᠳᠠᠨ ᠡᠯᠰᠡᠬᠦ ᠵᠡᠷᠭᠡ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠥᠷᠭᠡᠨ᠎ᠢᠶᠡᠷ ᠡᠯᠰᠡᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠡᠯ᠎ᠡ ᠲᠥᠷᠥᠯ᠎ᠦᠨ ᠰᠢᠯᠭᠠᠯᠲᠠ᠎ᠶᠢ 264 ᠲᠠᠯᠠᠪᠤᠷ ᠵᠣᠬᠢᠶᠠᠨ ᠪᠠᠢᠭᠤᠯᠵᠤ᠂ ᠵᠠᠭᠤᠨ ᠲᠦᠮᠡᠨ ᠰᠢᠯᠭᠠᠭᠤᠯᠤᠭ᠍ᠴᠢ᠎ᠳᠤ ᠦᠢᠯᠡᠴᠢᠯᠡᠨ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ 4 ᠲᠦᠮᠡ ᠭᠠᠷᠤᠢ ᠵᠠᠯᠠᠭᠤ ᠴᠢᠳᠠᠪᠤᠷᠢᠲᠠᠨ᠎ᠢ ᠡᠯᠰᠡᠨ ᠬᠡᠷᠡᠭᠯᠡᠵᠦ᠂ ᠪᠥᠬᠥ ᠣᠷᠣᠨ᠎ᠤ ᠲᠡᠷᠢᠭᠦᠨ᠎ᠳᠦ ᠣᠷᠣᠪᠠ᠃《ᠵᠠᠬ᠎ᠠ ᠳᠡᠯᠭᠡᠭᠦᠷ ᠢᠶᠡᠷ ᠠᠵᠢᠯ ᠣᠯᠭᠣᠯᠲᠠ᠎ᠶᠢ ᠠᠬᠢᠭᠤᠯᠬᠤ+ ᠲᠥᠷᠦ᠎ᠶᠢᠨ ᠪᠣᠳᠣᠯᠭ᠎ᠠ᠎ᠶᠢᠨ ᠴᠢᠨᠠᠷᠲᠠᠢ ᠨᠢᠭᠡᠳᠦᠯᠲᠡᠢᠲᠥᠯᠥᠪᠵᠢᠭᠦᠯᠦᠨ ᠠᠵᠢᠯ ᠣᠯᠭᠣᠬᠤ+ ᠦᠨᠳᠦᠰᠦᠨ ᠱᠠᠲᠤᠨ᠎ᠤ ᠨᠡᠢᠭᠡᠮ ᠲᠣᠭᠣᠷᠢᠭ᠋᠎ᠤᠨ ᠠᠵᠢᠯ᠎ᠤᠨ ᠪᠠᠢᠷᠢ᠎ᠶᠢᠨ ᠳᠡᠮᠵᠢᠯᠭᠡ+ ᠰᠤᠷᠭᠠᠭᠤᠯᠢ᠎ᠠᠴᠠ ᠰᠠᠯᠤᠭᠰᠠᠨ ᠪᠣᠯᠪᠠᠴᠤ ᠠᠵᠢᠯ ᠦᠯᠦ ᠤᠯᠤᠭᠰᠠᠳ᠎ᠢ ᠬᠠᠪᠰᠤᠷᠤᠨ ᠲᠡᠳᠬᠦᠬᠦ》 ᠲᠥᠷᠦ᠎ᠶᠢᠨ ᠪᠣᠳᠣᠯᠭ᠎ᠠ᠎ᠶᠢᠨ《ᠬᠠᠮ ᠠᠷᠭ᠎ᠠ ᠬᠡᠮᠵᠢᠶ᠎ᠡ》 ᠨᠢ ᠰᠤᠷᠤᠭ᠍ᠴᠢᠳ᠎ᠤᠨ ᠠᠵᠢᠯ ᠮᠡᠷᠭᠡᠵᠢᠯ᠎ᠦᠨ ᠬᠦᠰᠡᠯ ᠵᠡᠭᠦᠳᠦ᠎ᠶᠢ ᠲᠣᠭᠲᠠᠪᠤᠷᠢᠵᠢᠭᠤᠯᠤᠨ᠂ ᠲᠡᠳᠡᠨ᠎ᠦ ᠵᠠᠯᠠᠭᠤ ᠨᠠᠰᠤᠨ᠎ᠤ ᠭᠡᠷᠡᠯ ᠭᠢᠯᠪᠠᠭ᠎ᠠ᠎ᠶᠢ ᠰᠠᠴᠤᠷᠠᠭᠤᠯᠤᠨ᠎ᠠ᠃
《ᠠᠵᠢᠯ ᠣᠯᠭᠣᠬᠤ᠂ ᠪᠣᠯᠪᠠᠰᠤᠷᠠᠭᠤᠯᠬᠤ᠂ ᠡᠷᠬᠡ᠎ᠶᠢ ᠬᠠᠮᠠᠭᠠᠯᠠᠬᠤ》 ᠭᠤᠷᠪᠠ᠎ᠶᠢ ᠨᠢᠭᠡ ᠴᠣᠭᠴᠠᠵᠢᠭᠤᠯᠤᠭᠰᠠᠨ ᠵᠣᠬᠢᠴᠠᠮᠵᠢ᠎ᠶᠢ ᠪᠦᠬᠦ ᠲᠠᠯ᠎ᠠ᠎ᠪᠠᠷ ᠪᠠᠢᠭᠤᠯᠵᠤ᠂《ᠤᠷᠢᠬᠠᠨ ᠰᠠᠯᠬᠢᠨ᠎ᠤ ᠠᠵᠢᠯᠯᠠᠭ᠎ᠠ》ᠵᠡᠷᠭᠡ ᠰᠢᠷᠢᠰ ᠠᠵᠢᠯᠯᠠᠭ᠎ᠠ᠎ᠵᠢ ᠴᠢᠨᠠᠷ ᠰᠠᠢᠲᠠᠢ ᠵᠣᠬᠢᠶᠠᠨ ᠪᠠᠢᠭᠤᠯᠤᠨ ᠥᠷᠨᠢᠭᠦᠯᠵᠦ᠂ ᠪᠦᠬᠦ ᠬᠣᠲᠠ᠎ᠶᠢᠨ 43 ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ ᠲᠥᠷᠦᠯ ᠵᠦᠢᠯ᠎ᠳᠦ ᠲᠦᠰᠢᠭᠯᠡᠨ᠂ ᠡᠨᠡ ᠵᠢᠯ᠎ᠦᠨ 10 ᠰᠠᠷ᠎ᠠ᠎ᠶᠢᠨ ᠰᠡᠭᠦᠯᠴᠢ ᠪᠣᠯᠲᠠᠯ᠎ᠠ᠂ ᠬᠥᠳᠡᠭᠡ ᠲᠣᠰᠬᠣᠨ᠎ᠤ ᠬᠥᠳᠡᠯᠮᠦᠷᠢ ᠬᠦᠴᠦᠨ᠎ᠢ ᠰᠢᠯᠵᠢᠭᠦᠯᠦᠨ ᠠᠵᠢᠯ ᠣᠯᠭᠣᠭᠰᠠᠨ ᠬᠡᠪᠴᠢᠶ᠎ᠡ 37.98 ᠲᠦᠮᠡᠨ ᠬᠥᠮᠥᠨ᠎ᠳᠦ ᠬᠦᠷᠴᠡᠢ᠃
ᠠᠵᠢᠯ ᠣᠯᠬᠤ᠎ᠳᠤ ᠬᠦᠴᠢᠷᠲᠡᠢ ᠬᠥᠮᠥᠰ ᠪᠠ ᠠᠵᠢᠯ ᠠᠯᠳᠠᠭᠰᠠᠳ᠎ᠲᠤ᠂ ᠬᠥᠬᠡᠬᠣᠲᠠ᠎ᠶᠢᠨ ᠬᠢᠨ ᠪᠠᠢᠩᠭᠤ ᠰᠠᠭᠤᠭ᠎ᠠ ᠭᠠᠵᠠᠷ᠎ᠤᠨ ᠠᠵᠢᠯ ᠣᠯᠭᠣᠯᠲᠠ᠎ᠶᠢ ᠲᠤᠰᠠᠯᠠᠬᠤ ᠳᠦᠷᠢᠮ ᠵᠡᠷᠭᠡ《ᠠᠵᠢᠯ ᠣᠯᠭᠣᠯᠲᠠ ᠶᠢ ᠲᠣᠭᠲᠠᠪᠤᠷᠢᠵᠢᠭᠤᠯᠬᠤ》ᠲᠥᠷᠥ ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ 12 ᠲᠦᠮᠡ ᠭᠠᠷᠤᠢ ᠬᠥᠮᠥᠨ ᠤᠳᠠᠭ᠎ᠠ᠎ᠳᠤ ᠠᠮᠢᠳᠤᠯᠢᠭ᠋᠎ᠢᠶᠠᠷ ᠠᠵᠢᠯ ᠣᠯᠭᠣᠬᠤ ᠨᠡᠢᠭᠡᠮ᠎ᠦᠨ ᠪᠠᠲᠤᠯᠠᠭ᠎ᠠ᠎ᠶᠢᠨ ᠨᠥᠬᠥᠪᠦᠷᠢ᠎ᠶᠢ 9.32 ᠳ᠋ᠦᠩᠰᠢᠭᠤᠷ ᠲᠥᠭᠥᠷᠢᠭ ᠲᠠᠷᠬᠠᠭᠠᠵᠤ᠂ ᠠᠵᠢᠯ ᠣᠯᠬᠤ᠎ᠳᠤ ᠬᠦᠴᠢᠷᠲᠡᠢ 4.63 ᠲᠦᠮᠡᠨ ᠬᠥᠮᠥᠨ᠎ᠢ ᠬᠠᠪᠰᠤᠷᠤᠨ ᠬᠥᠳᠡᠯᠦᠩᠭᠦᠢ᠎ᠪᠡᠷ ᠠᠵᠢᠯ ᠣᠯᠭᠣᠪᠠ᠃ᠣᠳᠣᠬᠠᠨ ᠪᠣᠯᠲᠠᠯ᠎ᠠ᠂ ᠪᠥᠬᠥ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ 500 ᠶᠢ ᠳᠠᠪᠠᠵᠤ᠂ ᠵᠢᠯ᠎ᠦᠨ ᠡᠵᠡᠩᠨᠡᠯᠲᠡ᠎ᠶᠢᠨ ᠣᠷᠣᠯᠭ᠎ᠠ ᠨᠢ ᠪᠥᠬᠥ ᠣᠷᠣᠨ᠎ᠤ ᠭᠤᠷᠪᠠᠨ᠎ᠤ ᠨᠢᠭᠡ᠎ᠶᠢ ᠡᠵᠡᠯᠡᠪᠡ᠃ᠡᠭᠦᠨ᠎ᠡᠴᠡ ᠭᠠᠳᠠᠨ᠎ᠠ᠂ ᠣᠷᠣᠨ᠎ᠤ ᠲᠥᠪ ᠳᠥᠷᠪᠡᠳᠦᠭᠡᠷ ᠬᠤᠭᠤᠴᠠᠭᠠᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠤᠷᠠᠯ᠎ᠢ ᠢᠳᠡᠪᠬᠢᠲᠡᠢ ᠳᠠᠭᠠᠭᠠᠨ ᠡᠷᠭᠢᠯᠡᠵᠦ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠰᠢᠨ᠎ᠡ ᠲᠡᠦᠬᠡ᠎ᠶᠢᠨ ᠭᠠᠷᠤᠭ᠎ᠠ᠎ᠳᠤ ᠵᠣᠭᠰᠣᠵᠤ᠂ ᠬᠥᠬᠡᠬᠣᠲᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠭᠦᠨᠵᠡᠭᠡᠢ ᠦᠢᠯᠡᠳᠦᠯᠭᠡᠵᠢᠭᠦᠯᠵᠦ ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠢᠯ ᠣᠯᠭᠣᠯᠲᠠ᠎ᠶᠢᠨ ᠬᠥᠭᠵᠢᠯᠲᠡ᠎ᠶᠢᠨ ᠵᠢᠷᠤᠭ ᠲᠥᠯᠥᠪᠯᠡᠭᠡ᠎ᠶᠢ ᠨᠠᠷᠢᠨ ᠵᠢᠷᠤᠭᠯᠠᠵᠤ᠂ ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠦᠢᠯᠡᠴᠢᠯᠡᠭᠡ᠂ ᠨᠡᠩ ᠴᠢᠩᠭ᠎ᠠ ᠪᠠᠲᠤᠯᠠᠭ᠎ᠠ᠎ᠪᠠᠷ ᠠᠵᠢᠯ ᠣᠯᠭᠣᠯᠲᠠ ᠠᠷᠠᠳ᠎ᠤᠨ ᠠᠮᠢᠳᠤᠷᠠᠯ᠎ᠤᠨ ᠰᠠᠭᠤᠷᠢ ᠶᠢ ᠪᠦᠬᠦ ᠬᠦᠴᠦᠨ᠎ᠢᠶᠡᠷ᠎ᠢᠶᠡᠨ ᠪᠡᠬᠢᠵᠢᠭᠦᠯᠵᠦ ᠳᠡᠭᠡᠭᠰᠢᠯᠡᠭᠦᠯᠦᠨ᠎ᠡ᠃