12 ᠰᠠᠷ᠎ᠠ ᠶ᠋ᠢᠨ 25 ᠤ᠋ ᠡᠳᠦᠷ᠂ ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡᠨ ᠤ᠋ ᠠᠯᠪᠠᠨ ᠭᠡᠷ 《〈ᠠᠷᠪᠠᠨ ᠳᠦᠷᠪᠡᠳᠦᠭᠡᠷ ᠲᠠᠪᠤᠨ ᠵᠢᠯ〉 ᠤ᠋ᠨ ᠲᠦᠯᠦᠪᠵᠢᠭᠦᠯᠭᠡ ᠵᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ ᠵᠢ ᠠᠬᠢᠭᠤᠯᠬᠤ 》 ᠰᠢᠷᠢᠰ ᠭᠤᠤᠯ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ ᠤ᠋ᠨ 《ᠨᠠᠡᠭ ᠦᠨᠳᠦᠷ ᠲᠦᠪᠰᠢᠨ ᠪᠦᠬᠦᠢ ᠠᠮᠤᠭᠤᠯᠠᠡᠭ᠎ᠳᠤ ᠦᠪᠦᠷ ᠮᠤᠡᠭᠭᠤᠯ ᠢ᠋ ᠪᠦᠳᠦᠭᠡᠨ ᠪᠠᠢᠭᠤᠯᠵᠤ ᠡᠭᠡ ᠤᠯᠤᠰ ᠤ᠋ᠨ ᠤᠮᠠᠷᠠᠳᠤ ᠬᠢᠯᠢ ᠵᠢᠨ ᠠᠮᠤᠷ ᠲᠦᠪᠰᠢᠨ ᠲᠤᠬᠳᠠᠭᠤᠨ ᠤ᠋ ᠬᠠᠯᠬᠠᠪᠴᠢ ᠵᠢ ᠪᠠᠳᠤ ᠴᠤᠬᠴᠠᠯᠠᠬᠤ》ᠲᠤᠰᠬᠠᠢ ᠲᠠᠯᠠᠪᠠᠢ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠶ᠋ᠢᠨ ᠤᠯᠤᠰ ᠲᠦᠷᠦ ᠬᠠᠤᠯᠢ ᠴᠠᠭᠠᠵᠠ ᠵᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ᠋ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠳᠠ ᠵᠢᠨ ᠲᠢᠡᠭᠭᠢᠮ᠂ ᠦᠪᠡᠷᠳᠡᠭᠡᠨ ᠵᠠᠰᠠᠬᠤ ᠤᠷᠤᠨ ᠤ᠋ ᠵᠠᠬ᠎ᠠ ᠲᠡᠯᠭᠡᠭᠦᠷ ᠤ᠋ᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ ᠤ᠋ ᠲᠤᠳᠤᠭᠠᠳᠤ ᠵᠢ ᠬᠠᠮᠠᠭᠠᠯᠠᠬᠤ ᠲᠢᠡᠭᠬᠢᠮ ᠤ᠋ᠨ ᠬᠠᠮᠢᠶ᠎ᠠ ᠪᠦᠬᠦᠢ ᠬᠠᠷᠢᠭᠤᠴᠠᠯᠭᠠᠲᠠᠨ ᠢ᠋ ᠤᠷᠢᠵᠤ᠂ 《ᠠᠷᠪᠠᠨ ᠳᠦᠷᠪᠡᠳᠦᠭᠡᠷ ᠲᠠᠪᠤᠨ ᠵᠢᠯ》 ᠳ᠋ᠡᠬᠢ ᠦᠪᠦᠷ ᠮᠤᠡᠭᠭᠤᠯ ᠤ᠋ᠨ ᠠᠮᠤᠷ ᠲᠦᠪᠰᠢᠨ ᠤ᠋ ᠭᠦᠭᠵᠢᠯᠳᠠ ᠵᠢᠨ ᠬᠤᠷᠢᠭ᠎ᠠ ᠱᠤᠭᠤᠮ ᠢ᠋ ᠪᠠᠳᠤ ᠰᠠᠬᠢᠵᠤ᠂ ᠨᠡᠢᠭᠡᠮ ᠤ᠋ᠨ ᠠᠮᠤᠷ ᠲᠤᠬᠳᠠᠭᠤᠨ ᠢ᠋ ᠬᠠᠮᠠᠭᠠᠯᠠᠵᠤ᠂ ᠬᠢᠯᠢ ᠬᠢᠵᠠᠭᠠᠷ ᠢ᠋ ᠪᠡᠬᠢᠵᠢᠬᠦᠯᠦᠭᠰᠡᠨ ᠬᠠᠮᠢᠶ᠎ᠠ ᠪᠦᠬᠦᠢ ᠠᠷᠭ᠎ᠠ ᠬᠡᠮᠵᠢᠶ᠎ᠠ ᠪᠠ ᠠᠮᠵᠢᠯᠳᠠ ᠪᠦᠳᠦᠮᠵᠢ ᠵᠢ ᠲᠠᠨᠢᠯᠴᠠᠭᠤᠯᠪᠠ᠃
ᠤᠯᠤᠰ᠎ᠤ᠋ᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ ᠪᠠᠢᠳᠠᠯ ᠢ᠋ ᠪᠦᠳᠦᠮᠵᠢᠳᠡᠢ ᠬᠠᠮᠠᠭᠠᠯᠠᠪᠠ
《〈 ᠠᠷᠪᠠᠨ ᠳᠥᠷᠪᠡᠳᠦᠭᠡᠷ ᠲᠠᠪᠤᠨ ᠵᠢᠯ 〉 ᠳ᠋ᠤ᠂ ᠥᠪᠥᠷ ᠮᠣᠩᠭᠣᠯ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠂ ᠬᠢᠯᠢ ᠬᠢᠵᠠᠭᠠᠷ᠎ᠤᠨ ᠲᠤᠬᠳᠠᠭᠤᠨ ᠪᠠᠢᠳᠠᠯ᠎ᠢ ᠦᠷᠭᠦᠯᠵᠢᠯᠡᠨ ᠪᠡᠬᠢᠵᠢᠭᠦᠯᠪᠡ》ᠭᠡᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ ᠵᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠭᠤᠤ ᠬᠤᠸᠠᠢ ᠯᠠᠢ ᠲᠠᠨᠢᠯᠴᠠᠭᠤᠯᠪᠠ᠃
ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ ᠥᠪᠥᠷ ᠮᠣᠩᠭᠣᠯ ᠢᠮᠠᠭ᠍ᠲᠠ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠲᠡᠷᠢᠭᠦᠨ ᠪᠠᠢᠷᠢᠨ᠎ᠳᠤ ᠲᠠᠯᠪᠢᠵᠤ᠂ ᠤᠬᠠᠮᠰᠠᠷ᠎ᠠᠴᠠ᠎ᠪᠠᠨ ᠵᠠᠰᠠᠭ᠎ᠤᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠤᠯᠤᠰ᠎ᠤᠨ ᠠᠮᠤᠷ ᠲᠦᠪᠱᠢᠨ ᠪᠠ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠪᠠᠳᠤᠯᠠᠪᠠ᠃ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠢ ᠶᠡᠬᠡ ᠳᠡᠭᠡᠳᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠱᠢᠰᠲ᠋ᠧᠮ᠎ᠳᠦ ᠣᠷᠣᠭᠤᠯᠵᠤ᠂ ᠬᠠᠮᠢᠶ᠎ᠠ ᠪᠥᠬᠥᠶ ᠭᠤᠤᠯ ᠰᠡᠳᠦᠪᠲᠦ ᠴᠡᠴᠡᠷᠯᠢᠭ᠂ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠰᠠᠭᠤᠷᠢᠨ ᠢ᠋ 98 ᠪᠠᠢᠭᠤᠯᠵᠤ᠂ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ ᠢ᠋ 《ᠳᠣᠯᠣᠭ᠎ᠠ ᠳ᠋ᠤ ᠣᠷᠣᠭᠤᠯᠬᠤ》 ᠶ᠋ᠢ ᠪᠦᠷᠢᠨ ᠪᠦᠷᠬᠦᠭᠦᠯᠪᠡ᠃
ᠨᠡᠢᠭᠡᠮ᠎ᠦᠨ ᠶᠡᠬᠡ ᠲᠠᠯ᠎ᠠ ᠦᠷᠭᠦᠯᠵᠢᠯᠡᠨ ᠲᠣᠭ᠍ᠲᠠᠭᠤᠨ ᠪᠠᠢᠬᠤ ᠵᠢ ᠪᠠᠳᠤᠯᠠᠪᠠ᠃《ᠵᠥᠷᠢᠴᠡᠯ ᠵᠠᠭᠤᠷᠠᠯᠳᠤᠭᠠᠨ ᠢ᠋ ᠨᠠᠮᠳᠠᠭᠤᠯᠵᠤ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ》 ᠲᠤᠰᠭᠠᠶ ᠵᠠᠰᠠᠯᠲᠠ᠎ᠪᠠᠷ ᠭᠠᠷᠳᠠᠴᠠ ᠪᠣᠯᠭᠠᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠵᠦ᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ 《1 + 6》 ᠠᠵᠢᠯᠯᠠᠭ᠎ᠠ᠎ᠶ᠋ᠢ ᠥᠷᠨᠢᠭᠦᠯᠪᠡ᠃ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠵᠦ᠍᠂ ᠱᠢᠶᠠᠨ ᠱᠢᠶᠠᠩ ᠬᠣᠶᠠᠷ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ 《ᠲᠠᠪᠤ᠎ᠶ᠋ᠢ ᠪᠠᠢᠯᠭᠠᠬᠤ ᠨᠣᠷᠮ᠎ᠠ》 ᠶ᠋ᠢ 100 % ᠳ᠋ᠤ ᠬᠦᠷᠦᠭᠦᠯᠬᠦ᠌ᠶ᠋ᠢ ᠠᠬᠢᠭᠤᠯᠪᠠ᠃ 《ᠲᠤᠤᠷᠵᠢᠯ ᠤ᠋ᠨ ᠨᠠᠮ᠎ᠤᠨ ᠳᠤᠭᠤᠢᠯᠠᠩ + ᠲᠤᠤᠷᠵᠢᠯ ᠤ᠋ᠨ ᠬᠠᠮᠢᠶᠠᠷᠤᠯᠲᠠ᠎ᠶ᠋ᠢᠨ ᠠᠵᠢᠯᠲᠠᠨ + ᠠᠰᠠᠷ ( ᠨᠢᠭᠡᠴᠢ᠂ ᠬᠣᠯᠪᠣᠭᠠᠲᠤ ᠡᠷᠦᠬᠡ) ᠤ᠋ᠨ ᠳᠠᠷᠤᠭ᠎ᠠ 》᠎ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠦᠴᠦᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
ᠬᠢᠯᠢ ᠬᠢᠵᠠᠭᠠᠷ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠡᠭᠭᠠᠳᠬᠠᠪᠠ᠃ 《ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ》 ᠵᠢᠨ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《 ᠠᠷᠪᠠᠨ ᠳᠥᠷᠪᠡᠳᠦᠭᠡᠷ ᠲᠠᠪᠤᠨ ᠵᠢᠯ 》 ᠳ᠋ᠤ᠂ 2287 ᠰᠠᠤᠷᠢ ᠬᠤᠳᠳᠤᠭ ᠪᠠᠢᠭᠤᠯᠵᠤ᠂ 2.15 ᠲᠦᠮᠡᠨ ᠮᠠᠯᠴᠢᠨ ᠲᠠᠷᠢᠶᠠᠴᠢᠨ ᠡᠷᠦᠬᠡ᠎ᠳᠦ ᠰᠠᠯᠬᠢ ᠬᠡᠷᠡᠯ ᠬᠠᠷᠢᠯᠴᠠᠨ ᠨᠥᠬᠥᠪᠥᠷᠢᠯᠡᠬᠦ᠌ ᠲᠥᠬᠥᠭᠡᠷᠦᠮᠵᠢ ᠤᠭ᠍ᠰᠠᠷᠠᠨ ᠥᠭ᠌ᠴᠦ᠂ ᠡᠯ᠎ᠡ ᠲᠠᠰ᠎ᠤᠨ ᠵᠠᠰᠠᠮᠠᠯ ᠵᠠᠮ ᠢ᠋ 1705 ᠺᠢᠯᠣᠮᠧᠲ᠋ᠷᠨᠡᠪᠲᠡᠷᠡᠭᠦᠯᠵᠦ᠍᠂ 331 ᠤᠯᠤᠰ᠎ᠤᠨ ᠵᠠᠮ᠎ᠤᠨ 4G ᠳᠣᠬᠢᠶᠠᠨ᠎ᠤ ᠪᠦᠷᠬᠦᠴᠡ᠎ᠶ᠋ᠢᠨ ᠨᠣᠷᠮ᠎ᠠ᠎ᠶ᠋ᠢ 82% ᠪᠣᠯᠭᠠᠨ ᠳᠡᠭᠡᠭ᠌ᠰᠢᠯᠡᠭᠦᠯᠵᠦ᠍᠂ ᠬᠢᠯᠢ ᠬᠢᠵᠠᠭᠠᠷ ᠣᠷᠣᠨ᠎ᠤ ᠮᠠᠯᠴᠢᠨ ᠲᠠᠷᠢᠶᠠᠴᠢᠨ᠎ᠤ 《ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ 》 ᠵᠢᠨ ᠠᠰᠠᠭᠤᠳᠠᠯ᠎ᠢ ᠦᠨᠳᠦᠰᠦᠨ᠎ᠳᠡᠭᠡᠨ ᠱᠢᠶ᠋ᠳᠪᠦᠷᠢᠯᠡᠪᠡ᠃ 《ᠬᠦᠮᠦᠨ ᠤ᠋ ᠰᠡᠷᠭᠡᠢᠯᠡᠯᠳᠡ+ ᠮᠡᠷᠭᠡᠵᠢᠯ᠎ᠦᠨ ᠰᠡᠷᠭᠡᠢᠯᠡᠯᠲᠡ》 ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠯ᠎ᠠ ᠨᠤᠲᠤᠭ᠎ᠤᠨ 110᠂ 《ᠬᠤᠪᠢᠰᠭᠠᠯᠲᠤ ᠪᠡᠬᠢᠯᠡᠯᠲᠡ ᠡᠷᠦᠬᠡ》 ᠵᠡᠷᠭᠡ ᠠᠷᠭ᠎ᠠ ᠬᠢᠳᠡᠯ᠎ᠢ ᠲᠡᠯᠭᠡᠷᠡᠬᠦᠯᠵᠦ᠂ ᠬᠢᠯᠢ ᠬᠠᠮᠠᠭᠠᠯᠠᠬᠴᠢ ᠵᠢᠨ ᠡᠡᠭᠨᠡᠭᠡ ᠵᠢ ᠪᠤᠵᠠᠭᠠᠢᠷᠠᠭᠤᠯᠵᠤ᠂ 《ᠣᠶᠤᠨᠴᠢ ᠬᠢᠯᠢ᠎ᠶ᠋ᠢᠨ ᠬᠠᠮᠠᠭᠠᠯᠠᠯᠲᠠ》 ᠶ᠋ᠢᠨ ᠪᠠᠢᠭᠤᠯᠤᠯᠲᠠ ᠪᠠ ᠪᠣᠳᠠᠲᠤ ᠪᠠᠢᠯᠳᠤᠭᠠᠨ᠎ᠦ ᠬᠡᠷᠡᠭ᠌ᠯᠡᠯᠲᠡ᠎ᠶ᠋ᠢ ᠲᠦᠷᠭᠡᠳᠭᠡᠨ ᠠᠬᠢᠭᠤᠯᠵᠤ᠂ ᠬᠢᠯᠢ᠎ᠬᠢᠵᠠᠭᠠᠷ ᠢ᠋ ᠬᠠᠮᠢᠶᠠᠷᠤᠨ ᠡᠵᠡᠮᠳᠡᠬᠦ᠌ ᠮᠡᠳᠡᠭᠡ ᠵᠠᠩᠭᠢᠵᠢᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠢ᠋ ᠪᠠᠳᠤᠯᠠᠪᠠ
《ᠪᠥᠬᠥ᠌ ᠣᠷᠣᠨ᠎ᠤ ᠡᠯ᠎ᠡ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ᠎ᠬᠢᠨ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠨᠠᠮᠳᠠᠭᠤᠯᠬᠤ᠎ᠶ᠋ᠢ ᠲᠡᠷᠢᠭᠦᠨ ᠴᠢᠬᠤᠯᠠ ᠡᠭᠦᠷᠭᠡᠪᠣᠯᠭᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠥᠬᠥ᠌ ᠬᠦᠴᠦᠨ᠎ᠢᠶᠡᠷ ᠬᠠᠮᠠᠭᠠᠯᠠᠪᠠ》ᠭᠡᠵᠦ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠱᠢᠩ ᠭᠦᠸᠧ ᠱᠢᠶᠠᠨ ᠲᠠᠨᠢᠯᠴᠠᠭᠤᠯᠪᠠ᠃
ᠦᠪᠦᠷ ᠮᠤᠡᠭᠭᠤᠯ ᠨᠠᠮ ᠵᠠᠰᠠᠭ᠎ᠤᠨ ᠤᠳᠤᠷᠢᠳᠭᠤ ᠺᠠᠳ᠋ᠷᠴᠤᠳ᠎ᠤᠨ ᠠᠶᠤᠯᠭᠦᠢ ᠦᠢᠯᠡᠳᠪᠦᠷᠢᠯᠡᠯ᠎ᠦᠨ ᠲᠤᠱᠢᠶᠠᠯ ᠬᠠᠷᠢᠭᠤᠴᠠᠯᠭ᠎ᠠ ᠪᠠ ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢᠨ 《ᠬᠣᠣᠰ ᠨᠠᠷᠢᠨ ᠲᠠᠡᠭᠰᠠ》 ᠶ᠋ᠢ ᠬᠡᠷᠡᠭ᠌ᠵᠢᠭᠦᠯᠵᠦ᠍᠂ ᠠᠶᠤᠯᠭᠦᠢ ᠦᠢᠯᠡᠳᠪᠦᠷᠢᠯᠡᠯ᠎ᠦᠨ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠶ᠋ᠢᠨ ᠲᠣᠭ᠍ᠲᠠᠭᠠᠯ᠎ᠢ ᠨᠡᠢᠲᠡᠯᠡᠵᠦ᠍᠂ ᠡᠯ᠎ᠡ ᠬᠦᠷᠢᠶ᠎ᠠ ᠴᠠᠷᠠᠭᠠᠨ ᠤ᠋ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠬᠢᠨᠠᠨ ᠬᠠᠮᠢᠶᠠᠷᠬᠤ ᠲᠤᠱᠢᠶᠠᠯ ᠬᠠᠷᠢᠭᠤᠴᠠᠯᠭ᠎ᠠ ᠪᠠ ᠪᠠᠢᠭᠠᠯᠢ᠎ᠶ᠋ᠢᠨ ᠭᠠᠮᠱᠢᠭ᠎ᠢ 《ᠰᠡᠷᠭᠡᠢᠯᠡᠬᠦ᠌》᠂ 《ᠠᠪᠤᠷᠠᠬᠤ》 ᠲᠤᠱᠢᠶᠠᠯ ᠬᠠᠷᠢᠭᠤᠴᠠᠯᠭ᠎ᠠ᠎ᠶ᠋ᠢ ᠲᠣᠳᠣᠷᠬᠠᠢᠯᠠᠪᠡ᠃ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠭᠡᠮ ᠰᠤᠭᠤᠭ᠎ᠢ ᠵᠢᠬᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠨᠠᠷᠢᠯᠢᠭ ᠣᠨᠣᠴᠠᠲᠠᠢ ᠬᠢᠵᠦ᠍᠂ ᠤᠯᠠᠨ ᠵᠦᠢᠯ᠎ᠦᠨ ᠲᠤᠰᠭᠠᠢ ᠠᠵᠢᠯᠯᠠᠭ᠎ᠠ ᠥᠷᠨᠢᠭᠦᠯᠦᠨ᠂ 1.5 ᠲᠦᠮᠡ ᠭᠠᠷᠤᠢ ᠬᠦᠨᠳᠦ ᠶᠡᠬᠡ ᠡᠨᠳᠡᠯ᠎ᠦᠨ ᠳᠠᠯᠳᠠ ᠭᠡᠮ᠎ᠢ ᠴᠡᠭ᠌ᠴᠡᠯᠡᠨ ᠵᠠᠰᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠳ᠋ᠤ᠂ ᠦᠪᠦᠷ ᠮᠤᠡᠭᠭᠤᠯ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠢᠴᠢ ᠪᠠᠲᠤᠯᠠᠬᠤ ᠴᠢᠳᠠᠪᠤᠷᠢ᠎ᠵᠢ ᠱᠢᠰᠲ᠋ᠧᠮ᠎ᠲᠡᠶ ᠳᠡᠭᠡᠭ᠌ᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠬᠠᠸ᠋ ᠵᠥᠪᠯᠡᠯ ᠪᠠᠢᠭᠤᠯᠵᠤ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠵᠢᠯᠣᠭᠣᠳᠭᠤ ᠭᠠᠵᠠᠷ᠂ ᠣᠶ ᠱᠢᠭᠤᠶ ᠨᠤᠲᠤᠭ ᠪᠡᠯᠴᠢᠭᠡᠷ᠎ᠦᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠵᠢᠯ᠎ᠤᠨ ᠵᠢᠯᠣᠭᠣᠳᠭᠤ ᠭᠠᠵᠠᠷ᠂ ᠭᠠᠵᠠᠷ ᠬᠥᠳᠡᠯᠦᠯᠲᠡ᠎ᠲᠡᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠠᠵᠢᠯ᠎ᠤᠨ ᠵᠢᠯᠣᠭᠣᠳᠭᠤ ᠭᠠᠵᠠᠷ᠎ᠤᠨ ᠬᠤᠪᠢᠶᠠᠷᠢ ᠱᠤᠭᠤᠮ᠎ᠢ ᠨᠠᠢᠳᠠᠪᠤᠷᠢᠵᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠮᠡᠳᠡᠭᠡ ᠵᠠᠩᠭᠢ᠎ᠶ᠋ᠢ ᠬᠠᠮᠲᠤ᠎ᠪᠠᠷ ᠭᠥᠷᠳᠡᠬᠦ᠌᠂ ᠡᠬᠢ ᠪᠠᠶᠠᠯᠢᠭ᠎ᠢ ᠬᠠᠮᠲᠤ᠎ᠪᠠᠷ ᠬᠡᠷᠡᠭ᠌ᠯᠡᠬᠦ᠌᠂ ᠳᠠᠯᠳᠠ ᠬᠡᠮ᠎ᠢ ᠬᠠᠮᠲᠤ᠎ᠪᠠᠷ ᠪᠠᠢᠴᠠᠭᠠᠬᠤ᠂ ᠠᠪᠤᠷᠠᠨ ᠲᠤᠰᠠᠯᠠᠵᠤ ᠬᠣᠯᠪᠣᠭᠠᠯᠠᠨ ᠬᠥᠳᠡᠯᠦᠯᠴᠡᠬᠦ᠌ ᠵᠡᠷᠭᠡ ᠲᠣᠭ᠍ᠲᠠᠴᠠ᠎ᠶ᠋ᠢ ᠪᠠᠢᠭᠤᠯᠪᠠ᠃
ᠦᠨᠳᠦᠰᠦᠨ ᠱᠠᠳᠤ ᠪᠣᠯ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠡᠮᠦᠨ᠎ᠡ ᠹᠷᠣᠨᠲ᠎ᠤᠨ ᠪᠡᠬᠢᠯᠡᠯᠲᠡ ᠮᠥᠨ᠃ 《ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ 》 ᠢ᠋ ᠳᠠᠷᠤᠮᠠᠯᠯᠠᠨ ᠲᠠᠷᠬᠠᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠤᠨ ᠬᠦᠴᠦᠨ᠎ᠢ ᠳᠣᠷᠣᠭ᠍ᠰᠢ ᠪᠠᠭᠤᠯᠭᠠᠬᠤ᠂ ᠪᠠᠲᠤᠯᠠᠭ᠎ᠠ᠎ᠶ᠋ᠢ ᠳᠣᠷᠣᠭ᠍ᠰᠢ ᠬᠡᠯᠪᠡᠢᠯᠭᠡᠵᠦ᠂ ᠪᠣᠭᠣᠮᠲᠠ᠎ᠶ᠋ᠢ ᠤᠷᠤᠭ᠍ᠰᠢ ᠱᠢᠯᠵᠢᠭᠦᠯᠬᠦ᠌᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠵᠤ ᠭᠠᠮᠱᠢᠭ᠎ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ᠌ ᠪᠠᠲᠤᠯᠠᠭ᠎ᠠ᠎ᠶ᠋ᠢᠨ ᠱᠢᠰᠲ᠋ᠧᠮ ᠢ᠋ ᠦᠨᠳᠦᠰᠦᠨ᠎ᠳᠡᠭᠡᠨ ᠪᠠᠢᠭᠤᠯᠵᠤ᠂ ᠲᠠᠪᠤᠨ ᠵᠢᠯ᠎ᠦᠨ ᠲᠤᠷᠰᠢ ᠭᠠᠮᠱᠢᠭ᠍ᠳᠠᠭ᠍ᠰᠠᠨ ᠬᠦᠴᠢᠷᠳᠡᠯᠲᠡᠶ ᠣᠯᠠᠨ ᠲᠦᠮᠡᠨ᠎ᠢ 600 ᠭᠠᠷᠤᠶ ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃
ᠢᠳᠡᠭᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠪᠡ
《〈ᠠᠷᠪᠠᠨ ᠳᠥᠷᠪᠡᠳᠦᠭᠡᠷ ᠲᠠᠪᠤᠨ ᠵᠢᠯ〉 ᠳ᠋ᠤ᠂ ᠪᠥᠬᠥ᠌ ᠣᠷᠣᠨ᠎ᠤ ᠢᠳᠡᠭᠡᠨ᠎ᠦ ᠰᠤᠭᠤᠴᠢᠨ ᠪᠠᠢᠴᠠᠭᠠᠯᠲᠠ᠎ᠶ᠋ᠢᠨ ᠬᠢᠷᠢ ᠲᠡᠩᠴᠡᠭ᠌ᠰᠡᠨ ᠨᠣᠷᠮ᠎ᠠ 96.8 % ᠡᠴᠠ ᠳᠡᠭᠡᠭ᠌ᠰᠢ ᠪᠠᠢᠬᠤ᠎ᠶ᠋ᠢ ᠪᠠᠲᠤᠯᠠᠵᠦ ᠂ ᠢᠯᠠᠩᠭᠤᠶ᠎ᠠ ᠴᠠᠭᠠᠨ ᠢᠳᠡᠭᠡᠨ᠂ ᠦᠬᠡᠷ ᠬᠣᠨᠢᠨ ᠮᠢᠬ᠎ᠠ ᠵᠡᠷᠭᠡ᠎ᠶ᠋ᠢᠨ ᠬᠢᠷᠢ ᠲᠡᠩᠴᠡᠭ᠌ᠰᠡᠨ ᠨᠣᠷᠮ᠎ᠠ 99 % ᠡᠴᠠ ᠳᠡᠭᠡᠭ᠌ᠰᠢᠪᠠᠢᠵᠤ᠂ ᠥᠪᠥᠷ ᠮᠣᠩᠭᠣᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠴᠢᠨᠠᠷ ᠴᠢᠨᠰᠠᠭ᠎ᠠ᠎ᠶ᠋ᠢ ᠢᠯᠡᠷᠡᠭᠦᠯᠪᠡ》ᠭᠡᠵᠦ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠨᠢᠩ ᠶᠦᠨ ᠹᠸᠢ ᠲᠠᠨᠢᠯᠴᠠᠭᠤᠯᠪᠠ᠃
ᠦᠪᠦᠷ ᠮᠤᠡᠭᠭᠤᠯ《ᠲᠠᠷᠢᠶᠠᠨ ᠭᠠᠵᠠᠷ᠎ᠠᠴᠠ ᠬᠣᠭᠣᠯᠠᠨ ᠱᠢᠷᠡᠭᠡ》 ᠬᠦᠷᠲᠡᠯᠡᠬᠢ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ ᠤᠮᠳᠠᠭᠠᠨᠦ ᠵᠢᠵᠢᠭ ᠦᠶ᠋ᠯᠡᠳᠭᠡᠯ᠎ᠦᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ᠎ᠦ ᠳᠡᠯᠭᠡᠭᠦᠷ ᠪᠠ ᠢᠳᠡᠭᠡᠨ᠎ᠦ ᠫᠠᠨᠽᠠᠴᠢᠨᠦ ᠬᠠᠮᠢᠶᠠᠷᠤᠯᠲᠠ᠎ᠶ᠋ᠢᠨ ᠲᠦᠷᠢᠮ》᠎ᠤ᠋ᠨ ᠢᠵᠢ ᠪᠦᠷᠢᠳᠦᠭᠰᠡᠨ ᠬᠠᠮᠢᠶᠠᠷᠤᠯᠲᠠ᠎ᠶ᠋ᠢᠨ ᠠᠷᠭ᠎ᠠ᠎ᠳᠤ ᠵᠠᠰᠠᠪᠤᠷᠢ ᠣᠷᠣᠭᠤᠯᠵᠤ᠂ ᠢᠳᠡᠭᠡᠨ᠎ᠦ ᠠᠮᠤᠷ ᠲᠦᠪᠱᠢᠨ᠎ᠦ ᠪᠥᠬᠥ᠌ ᠬᠡᠯᠬᠢᠶ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢᠨ ᠨᠠᠷᠢᠨ ᠳᠠᠩᠰᠠ᠎ᠶ᠋ᠢ ᠲᠣᠭ᠍ᠲᠠᠭᠠᠵᠦ᠂ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ ᠵᠡᠷᠭᠡ 13 ᠵᠦᠶ᠋ᠯ᠎ᠦᠨ ᠬᠠᠮᠳᠤᠷᠠᠯᠴᠠᠭᠠᠨ ᠤ᠋ ᠲᠣᠭ᠍ᠲᠠᠴᠠ᠎ᠶ᠋ᠢ ᠪᠠᠢᠭᠤᠯᠤᠨ᠂ ᠠᠵᠢᠯ᠎ᠤᠨ ᠬᠠᠮᠳᠤᠷᠠᠯ ᠬᠦᠴᠦᠨ᠎ᠢ ᠪᠦᠷᠢᠯᠳᠦᠭᠦᠯᠪᠡ᠃
ᠭᠣᠣᠯᠳᠠᠯᠭ᠎ᠠ᠎ᠲᠠᠶ ᠢᠳᠡᠭᠡᠨ ᠦᠢᠯᠡᠳᠪᠤᠷᠢᠯᠡᠬᠦ ᠠᠵᠤ ᠠᠬᠤᠢᠯᠠᠯ᠎ᠳᠤ ᠴᠢᠩᠭ᠎ᠠ ᠱᠢᠰᠲ᠋ᠧᠮ ᠤ᠋ᠨ ᠪᠠᠢᠴᠠᠭᠠᠯᠲᠠ᠎ᠶ᠋ᠢ ᠬᠡᠷᠡᠭ᠌ᠵᠢᠭᠦᠯᠵᠦ᠍᠂ ᠰᠤᠷᠭᠠᠭᠤᠯᠢ᠎ᠶ᠋ᠢᠨ ᠬᠣᠭᠣᠯᠠᠨ ᠭᠡᠷ᠎ᠲᠦ ᠪᠦᠬᠦᠨ᠎ᠢ ᠪᠦᠷᠬᠦᠭᠦᠯᠦᠭᠰᠡᠨ ᠬᠢᠨᠠᠯᠲᠠ ᠪᠠᠢᠴᠠᠭᠠᠯᠲᠠᠬᠢᠵᠤ᠂ 《ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠣᠭᠠᠨ ᠭᠡᠷ》᠎ᠢ᠋ ᠳᠡᠯᠭᠡᠷᠡᠭᠦᠯᠦᠨ᠂ ᠪᠦᠬᠦ᠌ ᠣᠷᠣᠨ᠎ᠤ ᠰᠤᠷᠭᠠᠭᠤᠯᠢ᠎ᠶ᠋ᠢᠨ ᠬᠣᠭᠣᠯᠠᠨ ᠭᠡᠷ᠂ ᠲᠣᠮᠣ ᠬᠡᠯᠪᠡᠷᠢ᠎ᠶ᠋ᠢᠨ ᠢᠳᠡᠭᠡᠨ ᠤᠮᠳᠠᠭᠠᠨ᠎ᠤ ᠨᠢᠭᠡᠴᠢ᠎ᠶ᠋ᠢᠨ ᠬᠠᠮᠤᠷᠤᠬᠰᠠᠨ ᠨᠣᠷᠮ᠎ᠠ᠎ᠶ᠋ᠢ 98% ᠳ᠋ᠸ᠋ ᠬᠦᠷᠦᠭᠦᠯᠪᠡ᠃
ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠠᠮᠤᠷ ᠲᠦᠪᠱᠢᠨ᠎ᠦ ᠮᠡᠳᠡᠭᠡ ᠵᠠᠩᠭᠢ᠎ᠶ᠋ᠢᠨ ᠮᠥᠷᠳᠡᠬᠦ ᠱᠢᠰᠲ᠋ᠧᠮ ᠤ᠋ᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ᠎ᠲᠠᠶ ᠢᠳᠡᠭᠡᠨ᠎ᠦ ᠮᠥᠷᠳᠡᠬᠦ ᠭᠠᠷᠴᠠᠭ᠎ᠢ ᠨᠡᠢᠲᠡᠯᠡᠨ᠂ ᠰᠦ᠂ ᠮᠢᠬ᠎ᠠ᠂ ᠠᠮᠤ ᠪᠤᠳᠠᠭ᠎ᠠ ᠲᠣᠰᠣ ᠵᠡᠷᠭᠡ 39 ᠵᠦᠶ᠋ᠯ᠎ᠦᠨ ᠢᠳᠡᠭᠡᠨ᠎ᠢ ᠮᠥᠷᠳᠡᠬᠦ ᠬᠦᠷᠢᠶ᠎ᠡ ᠬᠡᠪᠴᠢᠶ᠎ᠡ᠎ᠳᠦ ᠣᠷᠣᠭᠤᠯᠪᠠ᠃ ᠢᠳᠡᠭᠡᠨ᠎ᠦ ᠠᠮᠤᠷ ᠲᠦᠪᠱᠢᠨ᠎ᠦ 《ᠢᠨᠲ᠋ᠧᠷ ᠰᠦᠯᠵᠢᠶ᠎ᠡ + AI ᠬᠢᠨᠠᠯᠲᠠ ᠬᠠᠮᠢᠶᠠᠷᠤᠯᠲᠠ》 ᠶ᠋ᠢ ᠠᠬᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠪᠠᠢᠷᠢᠱᠢᠯ᠎ᠢ ᠠᠩᠬ᠎ᠠ ᠠᠯᠬᠤᠮ ᠪᠠᠢᠭᠤᠯᠪᠠ᠃ ᠣᠯᠠᠨ ᠲᠦᠮᠡᠨ ᠤ᠋ ᠢᠳᠡᠭᠡᠨ᠎ᠦ ᠠᠮᠤᠷ ᠲᠦᠪᠱᠢᠨ᠎ᠦ ᠬᠡᠪ ᠪᠣᠯᠪᠠᠰᠤᠷᠠᠯ ᠪᠠ ᠡᠷᠬᠡ᠎ᠪᠡᠨ ᠬᠠᠮᠠᠭᠠᠯᠠᠬᠤ ᠤᠬᠠᠮᠰᠠᠷ᠎ᠢ ᠳᠡᠭᠡᠭ᠌ᠰᠢᠯᠡᠭᠦᠯᠵᠦ᠂ 12345᠂ 12315 ᠬᠠᠯᠠᠮᠱᠢᠯ ᠤᠲᠠᠰᠤ᠎ᠪᠠᠷ ᠳᠠᠮᠵᠢᠨ ᠢᠳᠡᠭᠡᠨ᠎ᠦ ᠲᠥᠷᠥᠯ᠎ᠦᠨ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭ᠌ᠰᠡᠨ ᠬᠡᠷᠡᠭ᠎ᠢ 6.98 ᠲᠦᠮᠡᠨ ᠬᠤᠪᠢ ᠱᠢᠶ᠋ᠳᠪᠦᠷᠢᠯᠡᠵᠦ᠍ ᠳᠠᠭᠤᠰᠭᠠᠪᠠ᠃
ᠨᠡᠢᠭᠡᠮ ᠤ᠋ᠨ ᠠᠮᠤᠷ ᠢ᠋ ᠬᠠᠮᠠᠭᠠᠯᠠᠬᠤ ᠲᠤᠤᠷ ᠢ᠋ ᠨᠢᠬᠳᠠ ᠰᠦᠯᠵᠢᠪᠡ
《ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 〈ᠠᠮᠤᠭᠤᠯᠠᠩᠳᠤ ᠥᠪᠥᠷ ᠮᠣᠩᠭᠣᠯ〉 ᠤ᠋ᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢᠨ ᠲᠣᠭᠣᠷᠢᠨ᠎ᠳᠤ ᠠᠮᠤᠷ᠎ᠢ ᠬᠠᠮᠠᠭᠠᠯᠠᠬᠤ ᠠᠵᠢᠯ᠎ᠤᠨ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂〈ᠴᠣᠬᠢᠯᠲᠠ ᠥᠭ᠌ᠬᠦ ᠰᠡᠷᠭᠡᠢᠯᠡᠬᠦ᠌ ᠬᠠᠮᠢᠶᠠᠷᠬᠤ ᠡᠵᠡᠮᠳᠡᠬᠦ᠌ ᠵᠠᠰᠠᠬᠤ ᠦᠶ᠋ᠯᠡᠴᠢᠯᠡᠬᠦ᠌〉᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠪᠡ》 ᠭᠡᠵᠦ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠯᠢ ᡁᠢ ᠭᠠᠩ ᠬᠡᠯᠡᠪᠠ᠃
ᠠᠮᠤᠷ᠎ᠢ ᠬᠠᠮᠠᠭᠠᠯᠠᠬᠤ ᠬᠦᠷᠢᠶ᠎ᠠ ᠴᠠᠷᠠᠭᠠᠨ᠎ᠳᠡᠬᠢ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ ᠥᠨᠳᠥᠷ ᠳᠠᠷᠤᠯᠲᠠᠲᠤ ᠪᠠᠢᠳᠠᠯ᠎ᠢ ᠢᠮᠠᠭ᠍ᠲᠠ ᠪᠠᠲᠤᠯᠠᠵᠤ᠂ ᠠᠷᠠᠳ ᠣᠯᠠᠨ᠎ᠤ ᠲᠤᠰᠭᠠᠯ ᠴᠢᠩᠭ᠎ᠠ ᠪᠠᠢᠭ᠎ᠠ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠪᠠᠢᠩᠭᠤ᠎ᠶ᠋ᠢᠨ ᠴᠢᠨᠠᠷᠲᠠᠶ ᠴᠣᠬᠢᠯᠲᠠ ᠥᠭ᠌ᠴᠦ᠂《ᠵᠠᠭᠤᠨ ᠡᠳᠦᠷ᠎ᠦᠨ ᠠᠵᠢᠯᠯᠠᠭ᠎ᠠ》᠂ 《ᠵᠣᠨ᠎ᠤ ᠤᠯᠠᠷᠢᠯ᠎ᠤᠨ ᠠᠵᠢᠯᠯᠠᠭ᠎ᠠ》 ᠵᠡᠷᠭᠡ ᠵᠢ ᠴᠢᠭ᠌ᠯᠡᠭᠦᠯᠦᠯᠳᠦ ᠴᠢᠨᠠᠷᠲᠠᠶ᠎ᠪᠠᠷ ᠵᠣᠬᠢᠶᠠᠨ ᠪᠠᠢᠭᠤᠯᠵᠤ᠂ ᠪᠥᠬᠥ᠌ ᠣᠷᠣᠨ᠎ᠤ ᠠᠮᠤᠷ᠎ᠢ ᠬᠠᠮᠠᠭᠠᠯᠠᠬᠤ ᠬᠡᠷᠡᠭ ᠪᠠ ᠠᠮᠤᠷ᠎ᠢ ᠬᠠᠮᠠᠭᠠᠯᠠᠬᠤ ᠴᠠᠭ᠍ᠳᠠᠭᠠᠨ᠎ᠤ ᠪᠠᠢᠳᠠᠯ᠎ᠤᠨ《ᠬᠣᠤᠰ ᠪᠠᠭᠤᠷᠠᠯᠳᠠ》 ᠵᠢ ᠪᠡᠶᠡᠯᠡᠬᠦᠯᠵᠦ᠂ ᠠᠮᠤᠷ ᠲᠦᠪᠱᠢᠨ ᠲᠣᠭ᠍ᠲᠠᠭᠤᠨ ᠨᠡᠢᠭᠡᠮ᠎ᠦᠨ ᠠᠮᠤᠷ᠎ᠢ ᠬᠠᠮᠠᠭᠠᠯᠠᠬᠤ ᠣᠷᠴᠢᠨ ᠲᠣᠭᠣᠷᠢᠨ᠎ᠢ ᠪᠦᠷᠢᠯᠳᠦᠭᠦᠯᠪᠡ᠃
ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ 《ᠵᠠᠭᠤ ᠲᠦᠮᠡᠨ ᠴᠠᠭ᠍ᠳᠠᠭ᠎ᠠ᠎ᠶ᠋ᠢ ᠲᠦᠭ ᠲᠦᠮᠡᠨ ᠡᠷᠦᠬᠡ᠎ᠪᠡᠷ ᠬᠦᠨᠵᠡᠭᠡᠢᠷᠡᠬᠦᠯᠬᠦ》ᠠᠵᠢᠯᠯᠠᠭ᠎ᠠ᠎ᠶ᠋ᠢ ᠥᠷᠨᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠨᠠᠮᠳᠠᠭᠤᠯᠬᠤ ᠠᠵᠢᠯ᠎ᠢ ᠭᠦᠨᠵᠡᠭᠡᠢᠷᠡᠭᠦᠯᠵᠦ᠍᠂ ᠠᠮᠤᠷ ᠲᠦᠪᠱᠢᠨ᠎ᠦ ᠬᠡᠮ ᠰᠣᠭᠣᠭ᠎ᠢ ᠴᠠᠭ ᠲᠤᠬᠠᠶ᠎ᠳᠤᠨᠢ ᠢᠯᠡᠷᠡᠭᠦᠯᠦᠨ ᠰᠢᠢᠳᠪᠤᠷᠢᠯᠡᠪᠡ᠃ 《ᠦᠨᠳᠦᠰᠦᠨ ᠱᠠᠲᠤ᠎ᠶ᠋ᠢ ᠶᠡᠬᠡᠪᠡᠷ ᠠᠳᠭᠤᠬᠤ᠂ ᠰᠠᠭᠤᠷᠢ᠎ᠶ᠋ᠢ ᠶᠡᠬᠡᠪᠡᠷ ᠠᠳᠭᠤᠬᠤ》 ᠪᠠᠷ ᠤᠳᠤᠷᠢᠳᠤᠮᠵᠢ ᠪᠣᠯᠭᠠᠵᠤ᠂ ᠭᠤᠤᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠂ ᠴᠠᠭ᠍ᠳᠠᠭᠠᠨ᠎ᠤ ᠬᠦᠴᠦᠨ᠎ᠢ ᠳᠣᠷᠣᠭ᠍ᠰᠢ ᠪᠠᠭᠤᠯᠭᠠᠬᠤ᠂ ᠪᠠᠲᠤᠯᠠᠭ᠎ᠠ᠎ᠶ᠋ᠢ ᠳᠣᠷᠣᠭ᠍ᠰᠢ ᠬᠡᠯᠪᠡᠢᠯᠭᠡᠬᠦ᠌᠎ᠶ᠋ᠢ ᠦᠷᠭᠦᠯᠵᠢᠯᠡᠨ ᠠᠬᠢᠭᠤᠯᠪᠡ᠃
ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠂ 《ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ》 ᠶ᠋ᠢᠨ ᠱᠢᠨ᠎ᠡ ᠬᠡᠯᠪᠡᠷᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭ᠍ᠪᠤᠷ᠎ᠢ ᠲᠦᠷᠭᠡᠳᠭᠡᠨ ᠪᠠᠢᠭᠤᠯᠵᠤ᠂ ᠣᠶᠤᠨᠴᠢ ᠠᠮᠤᠷ ᠢ᠋ ᠬᠠᠮᠠᠭᠠᠯᠠᠬᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠲᠠᠰ ᠳᠡᠪᠱᠢᠭᠦᠯᠵᠦ᠍᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ᠎ᠢ ᠶᠡᠷᠦᠩᠬᠡᠢᠯᠡᠨ ᠬᠡᠷᠡᠭ᠌ᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠤᠷ ᠲᠦᠪᠱᠢᠨ᠎ᠦ ᠰᠠᠭᠤᠷᠢ᠎ᠶ᠋ᠢ ᠴᠢᠨᠠᠬᠰᠢᠳᠠ ᠪᠡᠬᠢᠵᠢᠭᠦᠯᠪᠡ᠃ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶᠭᠦᠶ᠋ᠴᠡᠳᠭᠡᠬᠦ》᠂《ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌》᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ ᠬᠣᠲᠠ ᠪᠠᠯᠭᠠᠰᠤᠨ᠎ᠤ ᠡᠷᠦᠬᠡ ᠠᠮᠠ ᠵᠢᠨ ᠳᠠᠩᠰᠠ᠎ᠶ᠋ᠢ ᠱᠢᠯᠵᠢᠭᠦᠯᠬᠦ᠌᠎ᠳᠦ ᠰᠠᠭᠠᠳ ᠥᠬᠡᠶ ᠪᠥᠭᠡᠳ ᠳᠥᠭᠥᠮ ᠳᠥᠲᠡ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌》᠂ 《ᠪᠥᠬᠥ᠌ ᠣᠷᠣᠨ᠎ᠳᠤ ᠨᠡᠢᠳᠡᠮ ᠭᠦᠶ᠋ᠴᠡᠳᠭᠡᠬᠦ᠌》 ᠵᠡᠷᠭᠡ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠵᠢᠷᠤᠮᠵᠢᠭᠤᠯᠤᠨ ᠬᠡᠷᠡᠭᠵᠢᠬᠦᠯᠵᠦ᠂ ᠠᠷᠠᠳ ᠣᠯᠠᠨ᠎ᠤ ᠬᠠᠨᠤᠮᠵᠢ ᠵᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃