ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ》 ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠭᠤᠷᠪᠠᠨ ᠠᠢᠮᠠᠭ ᠬᠣᠲᠠ᠎ᠳᠤ ᠬᠦᠷᠴᠦ ᠤᠬᠠᠭᠤᠯᠤᠨ ᠲᠠᠢᠯᠪᠤᠷᠢᠯᠠᠪᠠ
2025-12-26 10:31:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

12 ᠰᠠᠷ᠎ᠠ᠎ᠶ᠋ᠢᠨ 22 ᠡᠴᠡ 24 ᠤ᠋ ᠡᠳᠦᠷ ᠪᠣᠯᠲᠠᠯ᠎ᠠ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ 《ᠤᠨᠤᠯ᠎ᠤᠨ ᠰᠤᠷᠤᠯᠴᠠᠯᠭ᠎ᠠ᠎ᠶ᠋ᠢᠨ ᠬᠦᠩᠭᠡᠨ ᠮᠣᠷᠢᠲᠤ ᠴᠡᠷᠢᠭ》 ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠳᠥᠷᠪᠡᠳᠦᠭᠡᠷ ᠪᠠᠭ᠎ᠠ ᠰᠠᠯᠪᠤᠷᠢ ᠠᠩᠬᠢ ᠡᠷᠢᠶᠡᠨ ᠬᠤᠳᠠ᠂ ᠱᠢᠯᠢ᠎ᠶ᠋ᠢᠨ ᠭᠣᠣᠯ ᠠᠢᠮᠠᠭ᠂ ᠤᠯᠠᠭᠠᠨᠬᠠᠳᠠ ᠬᠤᠳᠠ᠎ᠳᠤ ᠬᠦᠷᠴᠦ᠍᠂ ᠥᠷᠭᠡᠨ ᠤᠯᠠᠨ ᠪᠠᠭ᠍ᠰᠢ ᠰᠤᠷᠤᠭ᠍ᠴᠢᠳ᠎ᠲᠤ ᠤᠬᠠᠭᠤᠯᠤᠨ ᠲᠠᠢᠯᠪᠤᠷᠢᠯᠠᠪᠠ᠃

ᠡᠷᠢᠶᠡᠨ ᠬᠣᠲᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ ᠪᠠ ᠱᠢᠯᠢ᠎ᠶ᠋ᠢᠨ ᠭᠤᠤᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠡᠷᠢᠶᠡᠨ ᠬᠣᠲᠠ᠎ᠶ᠋ᠢᠨ ᠣᠯᠠᠨ ᠤᠯᠤᠰ᠎ᠤᠨ ᠳᠡᠭᠡᠳᠦ ᠰᠤᠷᠭᠠᠭᠤᠯᠢ᠎ᠳᠤ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠬᠣᠱᠢᠭᠤᠴᠢ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠴᠠᠶ ᠢ ᠹᠠᠨ᠂ ᠪᠤᠭᠤᠲᠤ ᠬᠣᠲᠠ᠎ᠶ᠋ᠢᠨ ᠠᠬᠠᠮᠠᠳ ᠺᠠᠳ᠋ᠷ᠎ᠤᠨ ᠢᠳᠡᠪᠬᠢ ᠬᠦᠴᠦᠨ᠎ᠢ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠪᠤᠭᠤᠲᠤ᠎ᠶ᠋ᠢᠨ ᠡᠳᠦᠷ᠎ᠦᠨ ᠰᠣᠨᠢᠨ᠎ᠤ ᠬᠤᠷᠢᠶ᠎ᠠ ᠵᠢᠨ ᠠᠵᠢᠯ᠎ᠡᠴᠡ᠎ᠪᠠᠨ ᠠᠮᠠᠷᠠᠭᠰᠠᠨ ᠺᠠᠳ᠋ᠷ ᠰᠦᠨ ᠯᠧ ᠵᠢᠦ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠦᠨ ᠣᠨᠣᠯ᠎ᠤᠨ ᠬᠥᠮᠦᠵᠢᠯ᠎ᠦᠨ ᠰᠠᠯᠠᠭᠠᠨ᠎ᠤ ᠳᠠᠷᠤᠭ᠎ᠠ᠎ᠶ᠌ᠢᠨ ᠺᠧ ᠸᠧᠶ᠂ ᠥᠪᠡᠷᠲᠡᠭᠡᠨ ᠵᠠᠰᠠᠬᠤ ᠣᠷᠣᠨ᠎ᠤ ᠠᠬᠠᠮᠠᠳ ᠪᠠᠢᠯᠳᠤᠭ᠍ᠴᠢ᠎ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠴᠡᠷᠢᠭ ᠠᠩᠭᠢ᠎ᠶ᠋ᠢᠨ ᠠᠵᠢᠯ᠎ᠡᠴᠡ᠎ᠪᠠᠨ ᠳᠠᠷᠬᠠᠯᠠᠭ᠍ᠳᠠᠭ᠍ᠰᠠᠨ ᠠᠵᠢᠯ᠎ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠦᠶ᠋ᠯᠡᠴᠢᠯᠡᠭᠡᠨ᠎ᠦ ᠲᠥᠪ᠎ᠦᠨ ᠺᠠᠳ᠋ᠷ ᠬᠤᠸᠠᠩ ᠭᠦᠸᠧ ᠼᠠᠢ᠂ ᠬᠥᠬᠡᠬᠣᠲᠠ᠎ᠶ᠋ᠢᠨ ᠤᠯᠠᠭᠠᠨ ᠪᠦᠴᠡᠳᠡᠨ ᠤ᠋ ᠲᠣᠭᠣᠷᠢᠨ ᠶᠠᠷᠢᠬᠤ ᠪᠦᠯᠬᠦᠮ᠎ᠦᠨ ᠪᠦᠷᠢᠯᠳᠦᠬᠦᠨ᠂ ᠬᠥᠬᠡᠬᠣᠲᠠ᠎ᠶ᠋ᠢᠨ ᠠᠷᠪᠠᠨ ᠳᠣᠯᠣᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠶᠡᠬᠡ ᠠᠩᠭᠢ᠎ᠶ᠋ᠢᠨ ᠬᠠᠪᠰᠤᠷᠤᠨ ᠵᠢᠯᠣᠭᠣᠳᠤᠭ᠍ᠴᠢ ᠱ᠌ᠢ ᠬᠣᠩ ᠸᠧᠶ᠂ ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠤ 《ᠭᠡᠰᠡᠷ ᠤᠬᠠᠭᠤᠯᠤᠨ ᠲᠠᠢᠯᠪᠤᠷᠢᠯᠠᠬᠤ ᠪᠦᠯᠬᠦᠮ》 ᠤ᠋ᠨ ᠭᠡᠱᠢᠭᠦᠨ ᠣᠳᠭᠣᠨᠬᠤᠸᠠᠷ᠂ ᠲᠦᠮᠡᠨ᠌ᠦ᠌ᠯᠵᠡᠶ ᠲᠣᠰ ᠲᠣᠰ 《ᠱᠢᠨᠵᠢᠯᠡᠬᠦ᠌ ᠤᠬᠠᠭᠠᠨ᠎ᠤ ᠰᠤᠳᠤᠯᠭᠠᠨ᠎ᠢᠶᠠᠷ ᠤᠯᠤᠰ᠎ᠤᠨ᠎ᠢᠶᠠᠨ ᠲᠥᠯᠥᠭᠡ ᠵᠢᠳᠬᠦᠬᠦ᠌ ᠳᠤᠮᠳᠠ ᠵᠠᠯᠠᠭᠤᠴᠤᠳ᠎ᠤᠨ ᠡᠭᠦᠷᠭᠡᠯᠡᠯ᠎ᠢ ᠢᠯᠡᠷᠡᠭᠦᠯᠦᠨ᠎ᠡ》᠂ 《ᠲᠣᠮᠣ ᠨᠢᠰᠭᠡᠯ ᠨᠢᠰᠦᠯ᠎ᠡ》᠂ 《ᠠᠷᠪᠠᠨ ᠵᠢᠯ᠎ᠦᠨ ᠪᠠᠲᠤ ᠰᠠᠬᠢᠯᠲᠠ᠎ᠪᠠᠷ ᠰᠤᠷᠭᠠᠨ ᠬᠦᠮᠦᠵᠢᠯᠲᠡᠨ᠎ᠦ ᠵᠣᠷᠢᠭ ᠰᠠᠨᠠᠭ᠎ᠠ᠎ᠶ᠋ᠢ ᠲᠠᠢᠯᠪᠤᠷᠢᠯᠠᠭ᠍ᠰᠠᠨ ᠵᠠᠯᠠᠭᠤ ᠨᠠᠰᠤᠨ᠎ᠤ ᠳᠦᠷᠰᠦ ᠪᠠᠢᠳᠠᠯ》᠂ 《ᠬᠤᠪᠢᠰᠭᠠᠯᠲᠤ ᠤᠳᠤᠮᠱᠢᠯ᠎ᠢ ᠡᠭᠦᠷᠢᠳᠡ ᠤᠯᠠᠮᠵᠢᠯᠠᠶ᠎ᠠ》᠂ 《ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠭᠤᠤᠯ ᠲᠡᠢᠨ᠎ᠦ ᠲᠠᠯᠠᠪᠤᠷ᠎ᠲᠤ ᠣᠷᠣᠯᠴᠠᠶ᠎ᠠ》᠂ 《ᠰᠣᠶᠣᠯ᠎ᠤᠨ ᠬᠦᠴᠦᠷᠬᠡᠭ ᠣᠷᠣᠨ᠎ᠤ ᠪᠥᠲᠥᠭᠡᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠶ᠎ᠡ》 ᠭᠡᠬᠦ᠌ ᠰᠡᠳᠦᠪ᠎ᠢᠶᠡᠷ ᠰᠡᠳᠦᠪᠯᠡᠵᠦ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠬᠤ ᠲᠠᠶ ᠤᠶᠠᠯᠳᠤᠭᠤᠯᠤᠨ ᠤᠬᠠᠭᠤᠯᠤᠨ ᠲᠠᠢᠯᠪᠤᠷᠢᠯᠠᠵᠤ᠂ ᠪᠠᠭ᠍ᠰᠢ ᠰᠤᠷᠤᠭ᠍ᠴᠢᠳ᠎ᠢ᠋ ᠢᠯᠠᠯᠲᠠ᠎ᠶ᠋ᠢᠨ ᠡᠷᠴᠢᠨ ᠳᠡᠭᠡᠷ᠎ᠡ ᠤᠷᠤᠭ᠍ᠰᠢᠯᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ᠎ᠳᠤ ᠭᠠᠪᠢᠶ᠎ᠠ ᠪᠠᠢᠭᠤᠯᠤᠨ ᠦᠢᠯᠡᠰ ᠪᠦᠲᠦᠭᠡᠵᠦ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ ᠭᠡᠵᠦ ᠵᠣᠷᠢᠭ᠍ᠵᠢᠭᠤᠯᠪᠠ᠃ ᠡᠷᠢᠶᠡᠨ ᠬᠤᠳᠠ᠎ᠶ᠋ᠢᠨ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠳᠦᠷᠦ᠍᠎ᠶ᠋ᠢᠨ ᠪᠠᠭ᠍ᠰᠢ ᠵᠠᠩ ᠶᠠᠨ ᠮᠧᠢ᠄ 《ᠦᠵᠡᠯ ᠰᠠᠨᠠᠭ᠎ᠠ ᠤᠯᠤᠰ ᠳᠦᠷᠦ᠍᠎ᠶ᠋ᠢᠨ ᠬᠢᠴᠢᠶᠡᠯ᠎ᠦᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠬᠢᠴᠢᠶᠡᠯ᠎ᠦᠨ ᠲᠠᠩᠬᠢᠮ ᠭᠡᠬᠦ᠌ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠭᠣᠣᠯ ᠵᠢᠭ᠍ᠰᠠᠭᠠᠯ᠎ᠤᠨ ᠭᠠᠵᠠᠷ᠎ᠲᠤ ᠰᠠᠭᠤᠷᠢᠯᠠᠵᠤ᠂ ᠰᠤᠷᠤᠭ᠍ᠴᠢᠳ᠎ᠤᠨ ᠣᠨᠴᠠᠯᠢᠭ᠎ᠲᠤ ᠳᠤᠬᠢᠷᠠᠬ᠍ᠰᠠᠨ ᠠᠷᠭ᠎ᠠ ᠬᠡᠯᠪᠡᠷᠢ᠎ᠪᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠦᠬᠦ᠌ ᠶᠠᠪᠤᠴᠠ᠎ᠳᠤ ᠣᠷᠭᠠᠨᠢᠭ᠎ᠢᠶᠠᠷ ᠠᠭᠤᠰᠤᠯᠴᠠᠭᠤᠯᠵᠦ᠍᠂ ᠵᠠᠯᠠᠭᠤᠴᠤᠳ ᠪᠠᠭᠠᠴᠤᠳ᠎ᠲᠦ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠣᠢᠯᠠᠭᠠᠭᠤᠯᠬᠤ ᠪᠡᠷ ᠬᠦᠳᠦᠯᠦᠨ ᠵᠢᠯᠣᠭᠣᠳᠤᠨ᠎ᠠ》 ᠭᠡᠪᠡ᠃

ᠱᠢᠯᠢ᠎ᠶ᠋ᠢᠨ ᠭᠤᠤᠯ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠪ ᠪᠣᠯᠤᠨ ᠱᠢᠯᠢ᠎ᠶ᠋ᠢᠨ ᠭᠤᠤᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ᠂ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠲᠣᠰ ᠲᠣᠰ ᠬᠤᠪᠢᠰᠭᠠᠯᠳᠤ ᠤᠳᠤᠮᠱᠢᠯ᠎ᠢ ᠤᠯᠠᠮᠵᠢᠯᠠᠨ ᠵᠠᠯᠭᠠᠮᠵᠢᠯᠠᠬᠤ᠂ ᠰᠤᠷᠭᠠᠨ ᠬᠦᠮᠦᠵᠢᠯᠳᠡᠨ᠎ᠤ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠍ ᠵᠠᠯᠠᠭᠤᠴᠤᠳ ᠪᠠᠭᠠᠴᠤᠳ᠎ᠤᠨ ᠦᠰᠦᠨ ᠪᠣᠢᠵᠢᠯᠲᠠ᠎ᠶ᠋ᠢ ᠬᠥᠲᠥᠯᠥᠨ ᠳᠠᠭᠠᠭᠤᠯᠬᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠳᠤ ᠣᠷᠣᠯᠴᠠᠵᠤ ᠤᠯᠤᠰ᠎ᠲᠠᠭᠠᠨ ᠵᠢᠳᠬᠦᠬᠦ᠌ ᠵᠢᠴᠢ ᠰᠣᠶᠣᠯ᠎ᠢ ᠤᠯᠠᠮᠵᠢᠯᠠᠨ ᠵᠠᠯᠭᠠᠮᠵᠢᠯᠠᠵᠤ ᠱᠢᠨ᠎ᠡ᠎ᠶ᠋ᠢ ᠡᠭᠦᠳᠬᠦ᠌ ᠵᠡᠷᠭᠡ ᠲᠠᠯ᠎ᠠ᠎ᠶ᠋ᠢᠨ ᠥᠩᠭᠡᠷᠡᠯᠲᠡ᠎ᠲᠡᠶ ᠤᠶᠠᠯᠳᠤᠭᠤᠯᠤᠨ᠂ ᠲᠥᠬᠥᠮ ᠣᠢᠯᠠᠭᠠᠮᠵᠢᠲᠠᠶ ᠦᠭᠡ ᠬᠡᠯᠡ᠎ᠪᠡᠷ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠮᠢᠳᠤᠯᠢᠭ᠎ᠢᠶᠠᠷ ᠤᠬᠠᠭᠤᠯᠤᠨ ᠲᠠᠢᠯᠪᠤᠷᠢᠯᠠᠵᠤ᠂ ᠬᠠᠯᠠᠭᠤᠨ ᠲᠤᠰᠭᠠᠯ ᠭᠠᠷᠭᠠᠪᠠ᠃ ᠱᠢᠯᠢ᠎ᠶ᠋ᠢᠨ ᠭᠣᠣᠯ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠲᠥᠪ᠎ᠦᠨ ᠡᠪᠯᠡᠯ᠎ᠦᠨ ᠬᠤᠷᠢᠶ᠎ᠠ ᠵᠢᠨ ᠱᠦᠵᠢ ᠯᠢᠦ ᠬᠣᠩ ᠹᠠᠩ᠄ 《ᠥᠨᠥᠳᠦᠷ᠎ᠦᠨ ᠤᠬᠠᠭᠤᠯᠤᠨ ᠲᠠᠢᠯᠪᠤᠷᠢᠯᠠᠯᠳᠠ ᠠᠭᠤᠯᠭ᠎ᠠ ᠨᠢ ᠪᠠᠶᠠᠯᠢᠭ᠂ ᠦᠵᠡᠯ ᠰᠠᠨᠠᠭ᠎ᠠ ᠭᠦᠨᠵᠡᠭᠡᠢ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠤ᠂ ᠪᠢᠳᠡᠨ᠎ᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠬᠤ᠎ᠳᠤ ᠲᠣᠳᠣᠷᠬᠠᠢ ᠵᠢᠯᠤᠭᠤᠳᠤᠯᠭ᠎ᠠ ᠬᠠᠩᠭᠠᠪᠠ᠃ ᠡᠪᠯᠡᠯ᠎ᠦᠨ ᠬᠤᠷᠢᠶ᠎ᠠ ᠵᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠬᠣᠢᠱᠢᠳᠠ ᠪᠢ ᠪᠦᠭᠦᠳᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠴᠢᠬᠤᠯᠠ ᠠᠭᠤᠯᠭ᠎ᠠ᠎ᠶ᠋ᠢ ᠡᠪᠯᠡᠯ᠎ᠦᠨ ᠰᠤᠷᠭᠠᠭᠤᠯᠢ᠎ᠶ᠋ᠢᠨ ᠬᠥᠮᠦᠵᠢᠭᠦᠯᠬᠦ᠌ ᠱᠢᠰᠲ᠋ᠧᠮ ᠪᠣᠯᠤᠨ ᠭᠣᠣᠯ ᠰᠡᠳᠦᠪᠲᠦ ᠡᠪᠯᠡᠯ᠎ᠦᠨ ᠡᠳᠦᠷ᠎ᠦᠨ ᠠᠵᠢᠯᠯᠠᠭ᠎ᠠ᠎ᠳᠤ ᠠᠭᠤᠰᠤᠯᠴᠠᠭᠤᠯᠤᠨ᠎ᠠ᠃ ᠲᠤᠰᠭᠠᠶ ᠰᠡᠳᠦᠪᠲᠦ ᠡᠪᠯᠡᠯ᠎ᠦᠨ ᠬᠢᠴᠢᠶᠡᠯ᠎ᠢᠶᠡᠷ ᠳᠠᠮᠵᠢᠭᠤᠯᠤᠨ᠂ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ ᠪᠣᠯᠤᠨ ᠵᠠᠯᠠᠭᠤᠴᠤᠳ᠎ᠤᠨ ᠡᠭᠦᠷᠭᠡ ᠬᠠᠷᠢᠭᠤᠴᠠᠯᠭ᠎ᠠ᠎ᠶ᠋ᠢᠨ ᠬᠠᠷᠢᠴᠠᠭ᠎ᠠ᠎ᠶ᠋ᠢ ᠲᠣᠳᠣᠷᠬᠠᠢᠯᠠᠨ ᠲᠠᠢᠯᠪᠤᠷᠢᠯᠠᠨ᠎ᠠ᠃ ᠬᠤᠪᠢᠰᠭᠠᠯᠲᠤ ᠦᠶ᠋ᠯᠡᠳᠦᠯᠭᠡ᠎ᠶ᠋ᠢᠨ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ ᠣᠯᠠᠨ ᠵᠣᠬᠢᠶᠠᠨ ᠪᠠᠢᠭᠤᠯᠵᠤ᠂ ᠰᠤᠷᠤᠭ᠍ᠴᠢᠳ᠎ᠢ ᠠᠭᠤᠰᠤᠯᠴᠠᠯ ᠮᠠᠶᠢᠭ᠎ᠤᠨ ᠣᠢᠯᠠᠭᠠᠯᠲᠠ᠎ᠶ᠋ᠢᠨ ᠳᠤᠮᠳᠠ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢᠨ ᠠᠭᠤᠯᠤᠭ᠍ᠳᠠᠬᠤᠨ᠎ᠢ ᠣᠢᠯᠠᠭᠠᠭᠤᠯᠵᠤ᠂ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠡᠬᠢᠵᠢᠭᠦᠯᠦᠨ᠎ᠡ》 ᠭᠡᠵᠦ ᠬᠡᠯᠡᠪᠡ᠃ 《ᠤᠬᠠᠭᠤᠯᠤᠨ ᠲᠠᠢᠯᠪᠤᠷᠢᠯᠠᠯᠳᠠ᠎ᠶ᠋ᠢ ᠰᠣᠨᠣᠰᠤᠭᠠᠳ ᠪᠢᠳᠡ ᠶᠡᠬᠡᠳᠡ ᠵᠣᠷᠢᠭ᠍ᠵᠢᠪᠠ᠃ ᠪᠦᠬᠦᠳᠡ ᠬᠤᠷᠠᠯ᠎ᠡᠴᠡ ᠪᠢᠳᠡᠨ᠎ᠳᠦ ᠤᠷᠤᠭ᠍ᠰᠢᠯᠠᠯᠲᠠ᠎ᠶ᠋ᠢᠨ ᠵᠠᠮ᠎ᠢ ᠲᠣᠳᠣᠷᠬᠠᠢ ᠵᠢᠭᠠᠨ ᠥᠭ᠌ᠴᠡᠢ᠂ ᠪᠢᠳᠡ ᠯᠠᠪᠳᠠᠭᠤᠨ ᠪᠠᠲᠤᠲᠠᠢ᠎ᠪᠠᠷ ᠥᠪᠡᠷ᠎ᠦᠨ ᠡᠷᠳᠡᠮ ᠴᠢᠳᠠᠪᠤᠷᠢ᠂ ᠤᠶᠤᠨ ᠤᠬᠠᠭᠠᠨ᠎ᠢᠶᠠᠷ᠎ᠢᠶᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠱᠢᠯᠢ᠎ᠶ᠋ᠢᠨ ᠭᠤᠤᠯ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠬᠠᠨ ᠭᠤᠤ ᠶᠠᠩ ᠬᠡᠯᠡᠪᠡ᠃

ᠤᠯᠠᠭᠠᠨᠬᠠᠳᠠ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠪᠠ ᠤᠯᠠᠭᠠᠨᠬᠠᠳᠠ ᠳᠡᠭᠡᠳᠦ ᠰᠤᠷᠭᠠᠭᠤᠯᠢ᠎ᠳᠤ᠂ 7 ᠤᠬᠠᠭᠤᠯᠤᠨ ᠲᠠᠢᠯᠪᠤᠷᠢᠯᠠᠭ᠍ᠴᠢ ᠬᠦᠷᠢᠶ᠎ᠡ ᠴᠠᠷᠠᠭ᠎ᠠ ᠬᠤᠪᠢᠶᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠣᠯᠠᠨ ᠬᠠᠷᠠᠭᠠᠰᠤ᠎ᠡᠴᠡ ᠭᠦᠨᠵᠡᠭᠡᠶ ᠪᠥᠭᠡᠳ ᠣᠢᠯᠠᠭᠠᠮᠵᠢᠲᠠᠶ ᠲᠠᠢᠯᠤᠮᠵᠢ ᠬᠢᠪᠠ᠃ ᠳᠡᠳᠡ ᠵᠢᠱ᠌ᠢᠢ᠎ᠡ᠎ᠪᠡᠷ ᠶᠣᠰᠣ ᠤᠴᠢᠷ᠎ᠢ ᠲᠠᠢᠯᠪᠤᠷᠢᠯᠠᠵᠤ᠂ ᠬᠠᠢᠷ᠎ᠠ ᠰᠡᠳᠭᠢᠯᠭᠡ᠎ᠪᠡᠷ ᠬᠥᠮᠦᠰ᠎ᠢ ᠳᠣᠭ᠍ᠳᠣᠯᠤᠭᠤᠯᠵᠤ᠂ ᠮᠡᠳᠡᠬᠦ᠌᠎ᠪᠡᠷ ᠬᠢᠬᠦ᠌᠎ᠶ᠋ᠢ ᠠᠬᠢᠭᠤᠯᠵᠤ᠂ 《ᠪᠠᠭ᠎ᠠ ᠬᠠᠷᠠᠭᠠᠰᠤ》 ᠡᠴᠨ 《ᠶᠡᠬᠡ ᠭᠣᠣᠯ ᠰᠡᠳᠦᠪ》 ᠢ᠋ ᠨᠡᠪᠲᠡᠷᠬᠡᠢ ᠶᠠᠷᠢᠵᠤ᠂ ᠤᠨᠤᠯ᠎ᠤᠨ ᠤᠬᠠᠭᠤᠯᠭ᠎ᠠ ᠨᠢ ᠤᠯᠠᠨ ᠲᠦᠮᠡᠨ᠎ᠲᠡᠶ ᠤᠢ᠍ᠢᠷᠠᠳᠤᠬ᠍ᠰᠠᠨ ᠪᠥᠭᠡᠳ ᠤᠯᠠᠨ᠎ᠤ ᠬᠦᠷᠢᠶᠡᠯᠡᠯ᠎ᠢ ᠣᠯᠤᠭ᠍ᠰᠠᠨ ᠪᠠᠢᠨ᠎ᠠ᠃ ᠤᠯᠠᠭᠠᠨᠬᠠᠳᠠ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠴᠢᠶᠠᠨ ᠱᠢᠨ ᠯᠠᠨ᠄《ᠡᠨᠡ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ᠎ᠡᠴᠡ ᠪᠢ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠮᠡᠷᠭᠡᠵᠢᠯ᠎ᠦᠨ ᠱᠢᠨ᠎ᠡ ᠡᠭᠦᠳᠦᠯᠲᠡ᠎ᠡᠴᠡ ᠰᠠᠯᠵᠤ ᠴᠢᠳᠠᠬᠤ ᠥᠬᠡᠶ᠂ ᠪᠠᠰᠠ ᠲᠦᠭ ᠲᠦᠮᠡᠨ ᠥᠨᠳᠥᠷ ᠬᠡᠪ ᠪᠣᠯᠪᠠᠰᠤᠷᠠᠯ᠎ᠲᠠᠶ ᠤᠷ᠎ᠠ ᠴᠢᠳᠠᠪᠤᠷᠢ᠎ᠲᠠᠶ ᠴᠢᠳᠠᠪᠤᠷᠢᠲᠠᠨ᠎ᠡᠴᠡ ᠰᠠᠯᠵᠤ ᠴᠢᠳᠠᠬᠤ ᠥᠬᠡᠶ ᠭᠡᠳᠡᠭ᠎ᠢ ᠣᠢᠯᠠᠭᠠᠪᠠ᠃ ᠢᠳᠡᠭᠡᠨ᠎ᠦ ᠠᠮᠢᠳᠤ ᠪᠣᠳᠠᠰ᠎ᠤᠨ ᠲᠤᠰᠬᠠᠢ ᠮᠡᠷᠭᠡᠵᠢᠯ᠎ᠦᠨ ᠰᠤᠷᠤᠭᠴᠢ ᠪᠣᠯᠤᠭ᠍ᠰᠠᠨ᠎ᠤ ᠬᠤᠪᠢ᠎ᠳᠤ᠂ ᠪᠢ ᠬᠣᠱᠢᠭᠤᠷᠠᠯ ᠠᠮᠢᠳᠤ ᠪᠣᠳᠠᠰ᠎ᠤᠨ ᠮᠡᠷᠭᠡᠵᠢᠯ᠎ᠢ ᠦᠶ᠋ᠯᠡᠳᠪᠦᠷᠢ᠎ᠶ᠋ᠢᠨ ᠲᠠᠰᠤᠭ᠎ᠤᠨ ᠨᠠᠷᠢᠯᠢᠭ ᠣᠨᠣᠴᠠᠲᠠᠶ ᠤᠷ᠎ᠠ ᠮᠡᠷᠭᠡᠵᠢᠯ᠎ᠦᠨ ᠪᠣᠯᠵᠣᠯᠲᠤ ᠲᠣᠭ᠎ᠠ᠂ ᠦᠶ᠋ᠯᠡᠳᠪᠦᠷᠢᠯᠡᠯ᠎ᠦᠨ ᠱᠤᠭᠤᠮ ᠲᠡᠭᠡᠷᠡᠬᠢ ᠠᠮᠤᠷ ᠲᠦᠪᠱᠢᠨ ᠴᠢᠨᠠᠷ ᠰᠠᠢᠲᠠᠶ ᠦᠶ᠋ᠯᠡᠳᠬᠦᠨ ᠪᠣᠯᠭᠠᠨ ᠬᠤᠪᠢᠷᠠᠭᠤᠯᠵᠤ᠂ ᠮᠡᠷᠭᠡᠵᠢᠯ᠎ᠦᠨ ᠣᠭ ᠶᠣᠰᠣ᠎ᠶ᠋ᠢ ᠮᠡᠳᠡᠬᠦ᠌ ᠮᠥᠷᠲᠡᠭᠡᠨ ᠪᠠᠰᠠ ᠦᠶ᠋ᠯᠡᠳᠪᠦᠷᠢᠯᠡᠯ᠎ᠦᠨ ᠬᠦᠴᠢᠷ ᠠᠰᠠᠭᠤᠳᠠᠯ᠎ᠢ ᠭᠠᠷ ᠬᠥᠳᠡᠯᠦᠨ ᠱᠢᠶ᠋ᠳᠪᠦᠷᠢᠯᠡᠵᠦ᠍ ᠴᠢᠳᠠᠬᠤ 〈ᠤᠷᠠᠨ ᠳᠠᠷᠬᠠᠨ ᠮᠠᠶᠢᠬ〉᠎ᠤᠨ ᠴᠢᠳᠠᠪᠤᠷᠢᠲᠠᠨ ᠪᠣᠯᠬᠤ᠎ᠪᠠᠷ ᠴᠢᠷᠮᠠᠢᠵᠤ᠂ ᠤᠯᠤᠰ ᠣᠷᠣᠨ᠎ᠳᠠᠭᠠᠨ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ》 ᠭᠡᠵᠦ ᠬᠡᠯᠡᠪᠡ᠃

(ᠰᠤᠷᠪᠤᠯᠵᠢᠯᠠᠭ᠍ᠴᠢ  ᠪᠠᠶᠠᠰᠭᠤᠯᠠᠩ  ᠵᠦ᠍ ᠶᠤᠸᠠᠨ ᠯᠢ   ᠯᠢ ᠱᠢᠤᠸᠠᠢ ᠶᠣᠣ  ᠵᠤᠤ ᠮᠢᠨ  ᠴᠢᠮᠡᠭᠡᠯᠡᠭ᠌ᠴᠢ ᠵᠠᠩ ᠸᠧᠢ   ᠪᠠᠢ ᠶᠦᠨ ᠵᠢᠶᠠᠩ ᠶᠡᠷᠦᠩᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号