ᠠᠮᠢ ᠠᠬᠤᠶ ᠢ᠋ᠢᠨ ᠨᠤᠮᠢᠨ ᠨᠤᠭᠤᠭᠠᠨ ᠬᠠᠷᠢᠭᠤᠯᠳᠡ ᠢ᠋ᠢᠨ ᠬᠠᠭᠤᠳᠠᠰᠤ
2025-12-26 10:27:56
ᠵᠣᠬᠢᠶᠠᠭ᠍ᠴᠢ᠄
​ ᠵᠠᠩ ᠬᠤᠢ ᠯᠢᠩ
ᠣᠩᠱᠢᠭ᠍ᠰᠠᠨ ᠣᠳᠠᠭ᠎ᠠ᠄
★★★☆☆

— ᠡᠷᠡᠮᠡᠬᠡᠢᠯᠡᠨ ᠲᠡᠮᠡᠴᠡᠭᠰᠡᠨ 2025 · ᠵᠢᠯ ᠤ᠋ᠨ ᠡᠴᠤᠰ ᠤ᠋ᠨ ᠠᠵᠢᠭ᠍ᠯᠠᠯᠲᠠ(ᠬᠤᠶᠠᠷ)

ᠠᠮᠢ ᠠᠬᠤᠶ ᠪᠣᠯ ᠥᠪᠥᠷ ᠮᠣᠩᠭᠣᠯ ᠤ᠋ᠨ ᠲᠣᠪᠣᠢᠮ᠎ᠠ ᠳᠠᠪᠠᠭᠤᠯᠢᠭ᠂ ᠨᠤᠮᠢᠨ ᠨᠤᠭᠤᠭᠠᠨ ᠪᠣᠯ ᠥᠪᠥᠷ ᠮᠣᠩᠭᠣᠯ ᠤ᠋ᠨ ᠢᠯᠡ ᠲᠤᠳᠤ ᠳᠡᠪᠢᠰᠭᠡᠷ ᠥᠩᠭᠡ ᠮᠦᠨ᠃

2025 ᠣᠨ ᠳ᠋ᠤ᠌ ᠥᠪᠥᠷ ᠮᠣᠩᠭᠣᠯ ᠤ᠋ᠨ ᠠᠮᠢ ᠠᠬᠤᠶ ᠢ᠋ᠢᠨ ᠪᠥᠲᠥᠭᠡᠨ ᠪᠠᠢᠭᠤᠯᠤᠯᠲᠠ ᠢᠯᠡᠷᠬᠡᠢ ᠦᠷ᠎ᠡ ᠪᠦᠳᠦᠮᠵᠢ ᠤᠯᠪᠠ᠃ ᠪᠥᠬᠥ᠌ ᠵᠢᠯ ᠳ᠋ᠤ᠌ 5062 ᠲᠦᠮᠡᠨ ᠮᠥ᠍ ᠵᠢᠨ ᠠᠮᠢ ᠠᠬᠤᠶ ᠢ᠋ᠢᠨ ᠪᠥᠲᠥᠭᠡᠨ ᠪᠠᠢᠭᠤᠯᠤᠯᠲᠠ ᠢ᠋ᠢ ᠪᠡᠶᠡᠯᠡᠬᠦᠯᠵᠤ᠂ 2368 ᠲᠦᠮᠡᠨ ᠮᠥ᠍ ᠵᠢᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠵᠤ᠂ ᠲᠠᠴᠢᠷᠳᠠᠵᠤ ᠡᠯᠡᠰᠦᠷᠭᠡᠭᠵᠢᠭᠰᠡᠨ 2995.6 ᠲᠦᠮᠡᠨ ᠮᠤ᠌ ᠨᠤᠲᠤᠭ ᠪᠡᠯᠴᠢᠭᠡᠷ ᠢ᠋ ᠵᠠᠰᠠᠨ ᠰᠡᠷᠬᠦᠬᠡᠵᠤ᠂ ᠪᠠᠢᠭᠠᠯᠢ ᠢ᠋ᠢᠨ ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠢ᠋ᠢ ᠪᠠᠳᠤᠯᠠᠬᠤ ᠵᠢᠭᠠᠯᠲᠠ ᠲᠣᠭ᠎ᠠ ᠢ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠪᠠ ᠁

ᠥᠪᠥᠷ ᠮᠣᠩᠭᠣᠯ 《ᠤᠯᠤᠰ ᠤ᠋ᠨ ᠶᠡᠬᠡ ᠶᠠᠪᠤᠳᠡᠯ》 ᠢ᠋ ᠢᠮᠠᠭ᠍ᠲᠠ ᠪᠠᠲᠤ ᠴᠡᠭᠡᠵᠢᠯᠡᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠢ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠪᠡᠷ ᠵᠠᠰᠠᠬᠤ ᠢ᠋ᠢ ᠨᠢᠭᠡᠳᠦᠯᠲᠡᠶ ᠲᠥᠯᠥᠪᠵᠢᠭᠦᠯᠵᠦ᠍᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ᠂ ᠪᠠᠢᠭᠠᠯᠢ ᠢ᠋ᠢᠨ ᠬᠠᠮᠠᠭᠠᠯᠠᠯᠲᠠ ᠢ᠋ᠢᠨ ᠭᠠᠵᠠᠷ ᠤ᠋ᠨ ᠱᠢᠰᠲ᠋ᠧᠮ ᠤ᠋ᠨ ᠪᠠᠢᠭᠤᠯᠤᠯᠲᠠ᠂ ᠬᠥᠨᠥᠭᠡᠯᠲᠦ ᠠᠮᠢᠳᠤ ᠪᠣᠳᠠᠰ ᠢ᠋ ᠰᠡᠷᠭᠡᠢᠯᠡᠨ ᠵᠠᠰᠠᠬᠤ ᠵᠡᠷᠭᠡ ᠢ᠋ᠢ ᠱᠢᠨᠵᠢᠯᠡᠬᠦ᠌ ᠤᠬᠠᠭᠠᠨᠴᠢ ᠪᠡᠷ ᠠᠬᠢᠭᠤᠯᠵᠤ᠂ ᠮᠠᠨ ᠤ᠋ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠶ ᠢ᠋ᠢᠨ ᠠᠮᠤᠷ ᠲᠦᠪᠱᠢᠨ ᠤ᠋ ᠬᠠᠯᠬᠠᠪᠴᠢ ᠢ᠋ᠢ ᠦᠷᠭᠦᠯᠵᠢᠯᠡᠨ ᠪᠡᠬᠢᠵᠢᠭᠦᠯᠦᠭᠰᠡᠨ ᠪᠠᠢᠨ᠎ᠠ᠃

《ᠤᠮᠠᠷᠠᠳᠤ ᠢ᠋ᠢᠨ ᠭᠤᠷᠪᠡᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠢ᠋  ᠯᠠᠪᠳᠠᠭᠤᠨ ᠪᠠᠲᠤᠲᠠᠶ ᠠᠬᠢᠭᠤᠯᠪᠠ

ᠥᠪᠥᠷ ᠮᠣᠩᠭᠣᠯ 《ᠤᠮᠠᠷᠠᠲᠤ ᠢ᠋ᠢᠨ ᠭᠤᠷᠪᠠᠨ ᠣᠷᠣᠨ》 ᠢ᠋ ᠰᠤᠨᠳᠠᠯᠠᠵᠤ᠂ ᠦᠵᠡᠰᠭᠦᠯᠡᠩᠲᠦ ᠰᠠᠢᠬᠠᠨ ᠦᠵᠡᠮᠵᠢ ᠢ᠋ᠢᠨ ᠣᠷᠣᠨ ᠪᠣᠯᠬᠤ ᠪᠡᠷ ᠪᠠᠷᠠᠬᠤ ᠥᠬᠡᠶ ᠨᠠᠩ ᠴᠤ᠌ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠥᠬᠥ᠌ ᠤᠯᠤᠰ ᠤ᠋ᠨ ᠠᠮᠢ ᠠᠬᠤᠶ ᠢ᠋ᠢᠨ ᠠᠮᠤᠷ ᠲᠦᠪᠱᠢᠨ ᠢ᠋ ᠬᠠᠮᠠᠭᠠᠯᠠᠬᠤ 《ᠨᠤᠮᠢᠨ ᠨᠤᠭᠤᠭᠠᠨ ᠣᠷᠳᠣ ᠴᠠᠭᠠᠨ ᠬᠡᠷᠡᠮ》 ᠪᠤᠯᠬᠤ ᠶᠤᠮ᠃

2025 ᠣᠨ ᠳ᠋ᠤ᠌᠂ ᠥᠪᠥᠷ ᠮᠣᠩᠭᠣᠯ ᠣᠶ ᠱᠢᠭᠤᠶ ᠨᠤᠳᠤᠭ ᠪᠡᠯᠴᠢᠭᠡᠷ ᠤ᠋ᠨ ᠲᠤᠰᠬᠠᠢ ᠪᠡᠯᠡ ᠮᠦᠨᠭᠬᠦ ᠢ᠋ᠢ 321.05 ᠳ᠋ᠦᠩᠱᠢᠭᠤᠷ ᠲᠥᠭᠥᠷᠢᠭ ᠴᠢᠷᠮᠠᠢᠨ ᠣᠯᠵᠤ᠂ ᠪᠥᠬᠥ᠌ ᠤᠯᠤᠰ ᠲᠦ᠍ ᠲᠦᠷᠦᠬᠦᠯᠡᠪᠡ᠃ ᠠᠮᠢ ᠠᠬᠤᠶ ᠢ᠋ᠢᠨ ᠪᠦᠲᠦᠭᠡᠨ ᠪᠠᠢᠭᠤᠯᠤᠯᠲᠠ ᠢ᠋ᠢ 5062 ᠲᠦᠮᠡᠨ ᠮᠦ᠍ ᠪᠡᠶᠡᠯᠡᠭᠦᠯᠵᠤ᠂ ᠡᠬᠦᠨ ᠳ᠋ᠤ 2368 ᠲᠦᠮᠡᠨ ᠮᠦ᠍ ᠵᠢᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠵᠤ᠂ ᠠᠮᠢ ᠠᠬᠤᠶ ᠢ᠋ᠢᠨ ᠪᠦᠲᠦᠭᠡᠨ ᠪᠠᠢᠭᠤᠯᠤᠯᠲᠠ ᠬᠢᠭᠡᠳ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠭᠰᠠᠨ ᠬᠡᠪᠴᠢᠶ᠎ᠡ ᠪᠡᠷ ᠴᠥᠮ ᠪᠦᠬᠦ᠌ ᠤᠯᠤᠰ ᠲᠦ᠍ ᠲᠦᠷᠦᠬᠦᠯᠡᠪᠡ᠃

ᠬᠠᠲᠤᠨ ᠭᠤᠤᠯ ᠤ᠋ᠨ 《ᠶᠡᠬᠡ ᠲᠣᠬᠣᠶ》 ᠢ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠣᠷᠣᠨ ᠳ᠋ᠤ᠌᠂ ᠥᠪᠥᠷ ᠮᠣᠩᠭᠣᠯ ᠤ᠋ᠨ ᠬᠠᠲᠤᠨ ᠭᠤᠤᠯ ᠤ᠋ᠨ ᠬᠣᠶᠠᠷ ᠬᠦᠪᠡᠬᠡ ᠳ᠋ᠤ᠌ ᠪᠥᠲᠥᠭᠡᠨ ᠪᠠᠢᠭᠤᠯᠤᠭ᠍ᠰᠠᠨ 620 ᠺᠢᠯᠣᠮᠧᠲ᠋ᠷ ᠤ᠋ᠨ ᠤᠢ ᠰᠢᠭᠤᠢ ᠪᠠ ᠨᠤᠳᠤᠭ ᠪᠡᠯᠴᠢᠬᠡᠷ ᠤ᠋ᠨ ᠬᠠᠮᠠᠭᠠᠯᠠᠯᠳᠡ ᠢ᠋ᠢᠨ ᠪᠦᠰᠡ ᠪᠥᠬᠥ᠌ ᠱᠤᠭᠤᠮ ᠢ᠋ᠢᠡᠷ ᠨᠡᠪᠲᠡᠷᠡᠪᠡ; ᠬᠥᠪᠴᠢ ᠢ᠋ᠢᠨ ᠡᠯᠡᠰᠦᠨ ᠳ᠋ᠤ᠌᠂ ᠥᠪᠥᠷ ᠮᠣᠩᠭᠣᠯ ᠨᠣᠭᠣᠭᠠᠷᠠᠭᠤᠯᠤᠯᠲᠠ ᠢ᠋ᠢᠨ ᠪᠦᠰᠡ᠂ ᠨᠦᠯᠦᠮᠡᠯ ᠭᠠᠵᠠᠷ ᠤ᠋ᠨ ᠬᠠᠱᠢᠯᠭ᠎ᠠ᠂ ᠬᠡᠷᠡᠯᠴᠢ ᠴᠡᠨᠡᠭ ᠵᠢᠡᠷ ᠡᠯᠡᠰᠦ ᠢ᠋ᠢ ᠵᠠᠰᠠᠬᠤ ᠪᠦᠰᠡ ᠪᠠ ᠡᠯᠡᠰᠦᠨ ᠴᠦᠯ ᠢ᠋ ᠡᠮᠵᠢᠶᠡᠷᠢᠯᠡᠬᠦ ᠣᠶ ᠡᠪᠡᠰᠤᠨ ᠤ᠋ ᠪᠦᠰᠡ ᠵᠡᠷᠭᠡ 《ᠳᠥᠷᠪᠡᠨ ᠰᠡᠷᠭᠡᠢᠯᠡᠯᠲᠡ ᠢ᠋ᠢᠨ ᠱᠤᠭᠤᠮ》 ᠢ᠋ ᠪᠠᠢᠭᠤᠯᠵᠤ᠂ ᠮᠤᠤᠠᠤᠰᠤ ᠢ᠋ᠢᠨ ᠡᠯᠡᠰᠦᠷᠬᠡᠭ ᠭᠠᠵᠠᠷ ᠢ᠋ ᠵᠠᠰᠠᠭ᠍ᠰᠠᠨ ᠨᠣᠷᠮ᠎ᠠ 80% ᠳ᠋ᠤ ᠬᠦᠷᠴᠠᠢ᠃

ᠬᠣᠷᠴᠢᠨ ᠪᠠ ᠬᠤᠯᠠᠨ ᠱᠢᠷᠭ᠎ᠠ ᠲᠠᠭ᠎ᠠ ᠢ᠋ᠢᠨ ᠬᠣᠶᠠᠷ ᠶᠡᠬᠡ ᠡᠯᠡᠰᠦᠷᠬᠡᠭ ᠭᠠᠵᠠᠷ ᠤ᠋ᠨ ᠰᠦᠨᠤᠬᠡᠯᠳᠡ ᠢ᠋ᠢᠨ ᠲᠠᠢᠯᠠᠯᠳᠤᠭᠠᠨ ᠤ᠋ ᠤᠷᠤᠨ ᠳ᠋ᠤ᠌《ᠡᠯᠡᠰᠦ ᠮᠠᠨᠭᠬ᠎ᠠ ᠢ᠋ᠢ ᠰᠦᠨᠦᠬᠡᠬᠦ》 ᠠᠵᠢᠯᠯᠠᠭ᠎ᠠ ᠥᠷᠨᠢᠭᠦᠯᠤᠨ᠂ 9 ᠬᠣᠱᠢᠭᠤ ᠱᠢᠶᠠᠨ ᠤ᠋ ᠨᠡᠭᠦᠳᠡᠯ ᠡᠯᠡᠰᠦᠷᠬᠡᠭ ᠭᠠᠵᠠᠷ ᠢ᠋ ᠪᠦᠬᠦᠨ ᠢ᠋ ᠵᠠᠰᠠᠵᠤ᠂ 2528 ᠺᠢᠯᠣᠮᠧᠲ᠋ᠷ ᠪᠦᠬᠦᠢ ᠡᠯᠡᠰᠦ ᠢ᠋ᠢ ᠳᠤᠭᠤᠯᠤᠭ᠍ᠰᠠᠨ ᠵᠠᠰᠠᠮᠠᠯ ᠵᠠᠮ ᠢ᠋ ᠱᠢᠨ᠎ᠡ ᠪᠡᠷ ᠥᠭᠡᠷᠡᠴᠢᠯᠡᠨ ᠪᠠᠢᠭᠤᠯᠤᠭᠠᠳ 464 ᠲᠦᠮᠡᠨ ᠮᠥ᠍ ᠡᠯᠡᠰᠦ ᠢ᠋ᠢ ᠵᠠᠰᠠᠬᠤ ᠵᠢ ᠳᠠᠢᠴᠢᠯᠠᠪᠠ᠃

ᠾᠧᠰᠢ ᠢ᠋ᠢᠨ ᠬᠣᠩᠭᠢᠯ — ᠲᠠᠺᠯᠢᠮᠠᠺᠠᠨ ᠡᠯᠡᠰᠦᠨ ᠴᠥᠯ ᠤ᠋ᠨ ᠬᠥᠪᠡᠭᠡ ᠲᠠᠭᠠᠤ ᠢ᠋ᠢᠨ ᠬᠤᠷᠢᠭᠯᠠᠯᠳᠡ ᠢ᠋ᠢᠨ ᠲᠠᠢᠯᠠᠯᠳᠤᠭᠠᠨ ᠤ᠋ ᠤᠷᠤᠨ ᠳ᠋ᠤ᠌ ᠂ ᠥᠪᠥᠷ ᠮᠣᠩᠭᠣᠯ᠎ᠪᠠᠳᠠᠶ ᠢ᠋ᠢᠨ ᠵᠢᠷᠠᠨ ᠪᠠ ᠲᠩᠷᠢ ᠡᠯᠡᠰᠦ ᠢ᠋ᠢ ᠡᠮᠵᠢᠶᠡᠷᠢᠯᠡᠬᠦ 336.8 ᠺᠢᠯᠣᠮᠧᠲ᠋ᠷ ᠣᠶ ᠡᠪᠡᠰᠤᠨ ᠤ᠋ ᠪᠦᠰᠡ ᠢ᠋ᠢ ᠪᠥᠲᠥᠭᠡᠨ ᠪᠠᠢᠭᠤᠯᠵᠤ᠂ ᠥᠪᠥᠷ ᠮᠣᠩᠭᠣᠯ ᠭᠠᠨᠰᠦ ᠪᠤᠯᠤᠨ ᠦᠪᠤᠷ ᠮᠤᠨᠭᠭᠤᠯ ᠨᠢᠩᠱᠢᠶᠠ ᠢ᠋ᠢᠨ ᠠᠭᠤᠯᠵᠠᠷ ᠣᠷᠣᠨ ᠳ᠋ᠤ᠌ ᠬᠠᠮᠲᠤᠷᠠᠨ ᠰᠡᠷᠭᠡᠢᠯᠡᠵᠦ᠍ ᠬᠠᠮᠲᠤᠷᠠᠨ ᠵᠠᠰᠠᠬᠤ ᠠᠵᠢᠯ ᠢ᠋ 97 ᠲᠦᠮᠡᠨ ᠮᠥ᠍ ᠪᠡᠶᠡᠯᠡᠭᠦᠯᠵᠦ᠍᠂ ᠬᠣᠶᠠᠷ ᠶᠡᠬᠡ ᠡᠯᠡᠰᠦᠨ ᠴᠥᠯ ᠤ᠋ᠨ ᠨᠡᠢᠯᠡᠬᠦ ᠢ᠋ᠢ ᠦᠨᠳᠦᠰᠦᠨ ᠳ᠋ᠡᠭᠡᠨ ᠬᠣᠷᠢᠭ᠍ᠯᠠᠵᠤ᠂ ᠡᠯᠡᠰᠦ ᠮᠠᠨᠭᠬ᠎ᠡ ᠢ᠋ᠢᠨ ᠾᠧᠰᠢ ᠢ᠋ᠢᠨ ᠬᠣᠩᠭᠢᠯ ᠳ᠋ᠤ᠌ ᠳᠦᠷᠢᠨ ᠣᠷᠣᠬᠤ ᠪᠠᠢᠳᠠᠯ ᠢ᠋ ᠢᠯᠡᠷᠬᠡᠢ ᠨᠠᠮᠳᠠᠭᠤᠯᠪᠡ᠃

ᠣᠶ ᠱᠢᠭᠤᠶ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠬᠠᠮᠢᠶᠠᠷᠤᠯᠲᠠ ᠢ᠋ᠢ ᠲᠠᠰᠤᠷᠠᠯᠲᠠ ᠥᠬᠡᠶ ᠴᠢᠩᠭᠠᠳᠭᠠᠪᠠ

ᠪᠡᠯᠴᠢᠭᠡᠷ ᠤ᠋ᠨ ᠲᠠᠭᠠᠭᠠᠴᠡ ᠡᠴᠡ ᠬᠡᠳᠤᠷᠡᠳᠡᠯ᠎ᠡ ᠪᠡᠯᠴᠢᠬᠡᠷᠯᠡᠬᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠪᠣᠯ ᠥᠪᠥᠷ ᠮᠣᠩᠭᠣᠯ ᠤ᠋ᠨ ᠠᠮᠢ ᠠᠬᠤᠶ ᠢ᠋ᠢᠨ ᠠᠮᠤᠷ ᠲᠦᠪᠱᠢᠨ ᠤ᠋ ᠬᠠᠯᠬᠠᠪᠴᠢ ᠢ᠋ᠢ ᠪᠦᠲᠦᠭᠡᠨ ᠪᠠᠢᠭᠤᠯᠬᠤ ᠢ᠋ᠢᠨ ᠴᠢᠬᠤᠯᠠ ᠠᠭᠤᠯᠭ᠎ᠠ ᠪᠣᠯᠤᠨ᠎ᠠ᠃

2025 ᠣᠨ ᠳ᠋ᠤ᠌᠂ ᠥᠪᠥᠷ ᠮᠣᠩᠭᠣᠯ ᠥᠭᠡᠷᠡᠴᠢᠯᠡᠯᠲᠡ ᠢ᠋ᠢᠨ ᠠᠷᠭ᠎ᠠ ᠪᠡᠷ ᠪᠡᠯᠴᠢᠭᠡᠷ ᠤ᠋ᠨ ᠲᠠᠭᠠᠭᠠᠴᠡ ᠡᠴᠡ ᠬᠡᠳᠤᠷᠡᠳᠡᠯ᠎ᠡ ᠪᠡᠯᠴᠢᠬᠡᠷᠯᠡᠬᠦᠯᠬᠦ ᠬᠦᠴᠢᠷ ᠠᠰᠠᠭᠤᠳᠠᠯ ᠢ᠋ ᠱᠢᠢᠳᠪᠦᠷᠢᠯᠡᠬᠦ ᠢ᠋ᠢ ᠪᠠᠷᠢᠮᠲᠠᠯᠠᠨ᠂ 《ᠪᠡᠯᠴᠢᠭᠡᠷᠯᠡᠭᠦᠯᠬᠦ ᠢ᠋ᠢ ᠴᠠᠭᠠᠵᠠᠯᠠᠬᠤ ᠡᠴᠡ ᠪᠢᠰᠢ ᠮᠠᠯᠵᠢᠬᠤ ᠢ᠋ᠢ ᠴᠠᠭᠠᠵᠠᠯᠠᠬᠤ ᠦᠭᠡᠢ》᠂《ᠮᠠᠯ ᠤ᠋ᠨ ᠲᠤᠭ᠎ᠠ ᠢ᠋ᠢ ᠴᠥᠭᠡᠳᠭᠡᠭ᠌ᠰᠡᠨ ᠴᠦ᠍ ᠣᠷᠣᠯᠭ᠎ᠠ ᠢ᠋ᠢ ᠬᠠᠰᠤᠭ᠍ᠳᠠᠭᠤᠯᠬᠤ ᠦᠭᠡᠢ》 ᠪᠠᠢᠬᠤ ᠢ᠋ᠢ ᠪᠠᠷᠢᠮᠲᠠᠯᠠᠵᠤ᠂ ᠬᠥᠮᠦᠨ᠂ ᠮᠠᠯ᠂ ᠪᠡᠯᠴᠢᠭᠡᠷ ᠤ᠋ᠨ ᠵᠠᠩᠭᠢᠯᠠᠭ᠎ᠠ ᠢ᠋ᠢᠨ ᠠᠰᠠᠭᠤᠳᠠᠯ ᠢ᠋ ᠴᠢᠩᠭ᠎ᠠ ᠠᠳᠭᠤᠨ᠂ ᠰᠤᠯᠠᠯᠠᠬᠤ᠂  ᠬᠠᠮᠢᠶᠠᠷᠬᠤ᠂ ᠱᠢᠯᠵᠢᠭᠦᠯᠬᠦ᠌ ᠭᠤᠷᠪᠠ ᠢ᠋ᠢ ᠵᠡᠷᠭᠡ ᠪᠡᠷ ᠠᠳᠭᠤᠵᠤ᠂ ᠨᠢᠭᠡ ᠭᠠᠵᠠᠷ ᠲᠦ᠍ ᠨᠢᠭᠡ ᠠᠷᠭ᠎ᠠ ᠪᠤᠳᠤᠯᠭ᠎ᠠ ᠢ᠋ᠢ ᠰᠦᠪᠡᠭᠴᠢᠯᠡᠨ ᠪᠡᠯᠴᠢᠭᠡᠷ ᠤ᠋ᠨ ᠲᠠᠭᠠᠭᠠᠴᠡ ᠡᠴᠡ ᠬᠡᠳᠤᠷᠡᠳᠡᠯ᠎ᠡ ᠪᠡᠯᠴᠢᠬᠡᠷᠯᠡᠬᠦᠯᠬᠦ ᠠᠰᠠᠭᠤᠳᠠᠯ ᠢ᠋ ᠱᠢᠢᠳᠪᠦᠷᠢᠯᠡᠬᠦ᠌ ᠥᠪᠥᠷ ᠮᠣᠩᠭᠣᠯ ᠤ᠋ᠨ ᠰᠠᠢ᠌ᠨ ᠵᠣᠷ ᠢ᠋ ᠪᠦᠷᠢᠯᠳᠦᠭᠦᠯᠪᠡ᠃

ᠪᠥᠬᠥ᠌ ᠣᠷᠣᠨ ᠤ᠋ 102 ᠭᠠᠵᠠᠷ ᠣᠷᠣᠨ ᠪᠠ ᠨᠢᠭᠡᠴᠢ ᠨᠢ ᠪᠡᠯᠴᠢᠭᠡᠷ ᠤ᠋ᠨ ᠲᠠᠭᠠᠭᠠᠴᠡ ᠡᠴᠡ ᠬᠡᠳᠤᠷᠡᠳᠡᠯ᠎ᠡ ᠪᠡᠯᠴᠢᠬᠡᠷᠯᠡᠬᠦᠯᠬᠦ᠌ ᠠᠰᠠᠭᠤᠳᠠᠯ ᠢ᠋ ᠱᠢᠶ᠋ᠳᠪᠦᠷᠢᠯᠡᠬᠦ ᠢ᠋ᠢ ᠪᠥᠬᠥ᠌ ᠲᠠᠯ᠎ᠠ ᠪᠡᠷ ᠬᠡᠷᠡᠭ᠌ᠵᠢᠭᠦᠯᠵᠦ᠍᠂ ᠪᠠᠢᠭᠠᠯᠢᠯᠢᠭ  ᠨᠤᠲᠤᠭ ᠪᠡᠯᠴᠢᠭᠡᠷ ᠤ᠋ᠨ ᠮᠠᠯ ᠪᠡᠯᠴᠢᠭᠡᠷ ᠤ᠋ᠨ ᠲᠡᠩᠴᠡᠭᠦᠷᠢ ᠢ᠋ᠢ ᠪᠠᠳᠤᠯᠠᠬᠤ ᠵᠢᠭᠠᠯᠲᠠ ᠲᠣᠭ᠎ᠠ ᠢ᠋ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠶᠡᠷᠦᠩᠬᠡᠶ ᠳ᠋ᠡᠭᠡᠨ ᠪᠡᠯᠴᠢᠭᠡᠷ ᠤ᠋ᠨ ᠲᠠᠭᠠᠭᠠᠴᠡ ᠡᠴᠡ ᠬᠡᠳᠤᠷᠡᠳᠡᠯ᠎ᠡ ᠪᠡᠯᠴᠢᠭᠡᠷᠯᠡᠭᠦᠯᠬᠦ᠌ ᠥᠬᠡᠶ ᠪᠠᠢᠬᠤ ᠢ᠋ᠢ ᠪᠡᠶᠡᠯᠡᠭᠦᠯᠪᠡ᠃

ᠲᠠᠴᠢᠷᠳᠠᠵᠤ ᠡᠯᠡᠰᠦᠷᠭᠡᠭᠵᠢᠭᠰᠡᠨ ᠨᠤᠲᠤᠭ ᠪᠡᠯᠴᠢᠭᠡᠷ ᠢ᠋ 2995.6 ᠲᠦᠮᠡᠨ ᠮᠦ᠍ ᠵᠠᠰᠠᠵᠤ᠂ ᠪᠦᠬᠦ᠌ ᠣᠷᠣᠨ ᠤ᠋ ᠲᠡᠵᠢᠭᠡᠯ ᠡᠪᠡᠰᠦᠨ ᠤ᠋ ᠬᠠᠨᠭᠭᠠᠯᠭ᠎ᠠ ᠢ᠋ᠢᠨ ᠴᠢᠳᠠᠪᠤᠷᠢ 7700 ᠲᠦᠮᠡᠨ ᠲᠣᠨ ᠢ᠋ ᠲᠠᠪᠠᠵᠤ᠂ ᠪᠠᠢᠭᠠᠯᠢ ᠢ᠋ᠢᠨ ᠨᠤᠲᠤᠭ ᠪᠡᠯᠴᠢᠭᠡᠷ ᠤ᠋ᠨ ᠲᠠᠷᠤᠭᠠᠰᠤ ᠢ᠋ᠢ ᠪᠦᠲᠦᠮᠵᠢᠲᠡᠶ ᠬᠦᠨᠭᠬᠡᠷᠡᠬᠦᠯᠪᠡ᠃

《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠤᠭᠤ ᠭᠠᠵᠠᠷ ᠢ᠋ ᠬᠠᠮᠠᠭᠠᠯᠠᠬᠤ ᠳᠦᠷᠢᠮ》 ᠳ᠋ᠤ ᠵᠠᠰᠠᠪᠤᠷᠢ ᠣᠷᠣᠭᠤᠯᠤᠨ ᠨᠡᠢᠲᠡᠯᠡᠵᠦ᠍᠂ ᠴᠠᠭᠠᠨᠨᠠᠭᠤᠷ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠤ᠋ᠨ ᠠᠮᠢ ᠠᠬᠤᠢ ᠢ᠋ᠢ ᠬᠠᠮᠠᠭᠠᠯᠠᠨ ᠰᠡᠷᠭᠦᠭᠡᠬᠦ᠌ ᠠᠵᠢᠯ ᠢ᠋ ᠪᠦᠬᠦᠨ ᠢ᠋ ᠪᠡᠶᠡᠯᠡᠭᠦᠯᠵᠦ᠍᠂ ᠭᠡᠭᠡᠨ ᠭᠣᠣᠯ ᠤ᠋ᠨ ᠡᠬᠢ ᠵᠡᠷᠭᠡ 3 ᠨᠤᠭᠤ ᠭᠠᠵᠠᠷ ᠤᠯᠤᠰ ᠤ᠋ᠨ ᠴᠢᠬᠤᠯᠠ ᠨᠤᠭᠤ ᠭᠠᠵᠠᠷ ᠤ᠋ᠨ ᠨᠡᠷᠡᠰ ᠤ᠋ᠨ ᠵᠢᠭ᠍ᠰᠠᠭᠠᠯᠲᠠ ᠳ᠋ᠤ᠌ ᠣᠷᠣᠪᠠ᠃

ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠠᠢᠭᠠᠯᠢ ᠢ᠋ᠢᠨ ᠴᠡᠴᠡᠷᠯᠢᠭ ᠤ᠋ᠨ ᠬᠠᠮᠢᠶᠠᠷᠤᠯᠲᠠ ᠢ᠋ᠢᠨ ᠠᠷᠭ᠎ᠠ ᠢ᠋ᠢ ᠨᠡᠢᠲᠡᠯᠡᠵᠦ᠍᠂ ᠳᠠᠯᠠᠨ ᠬᠠᠷ᠎ᠠ ᠠᠭᠤᠯᠠ ᠢ᠋ᠢᠨ ᠪᠠᠢᠭᠠᠯᠢ ᠢ᠋ᠢᠨ ᠬᠠᠮᠠᠭᠠᠯᠠᠯᠲᠠ ᠢ᠋ᠢᠨ ᠣᠷᠣᠨ ᠳᠡᠯᠡᠬᠡᠶ ᠢ᠋ᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠢ᠋ᠢᠨ ᠣᠷᠣᠨ ᠤ᠋ ᠲᠤᠤᠷ ᠲᠦ᠍ ᠤᠷᠤᠵᠤ᠂ ᠬᠠᠨᠮᠠ ᠳᠡᠯᠡᠬᠡᠶ ᠢ᠋ᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠢ᠋ᠢᠨ ᠣᠷᠣᠨ ᠨᠢ ᠣᠯᠠᠨ ᠤᠯᠤᠰ ᠤ᠋ᠨ ᠬᠣᠯᠪᠣᠭᠠᠲᠤ ᠪᠠᠢᠭᠤᠯᠭ᠎ᠠ ᠢ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠤ᠋ᠨ ᠵᠣᠬᠢᠶᠠᠨ ᠪᠠᠢᠭᠤᠯᠤᠯᠲᠠ ᠢ᠋ᠢᠨ ᠠᠷᠪᠠᠨ ᠵᠢᠯ ᠤ᠋ᠨ ᠦᠨᠡᠯᠡᠯᠲᠡ ᠢ᠋ᠢ ᠤᠷᠤᠭ᠍ᠰᠢᠲᠠᠶ ᠪᠡᠶᠡᠯᠡᠭᠦᠯᠪᠡ᠃

ᠠᠮᠢ ᠠᠬᠤᠢ ᠢ᠋ᠢᠨ ᠥᠷᠲᠡᠭ ᠢ᠋ ᠣᠯᠠᠨ ᠡᠱᠢᠵᠢᠭᠦᠯᠦᠨ ᠬᠤᠪᠢᠷᠠᠭᠤᠯᠬᠤ ᠠᠷᠭ᠎ᠠ ᠵᠠᠮ ᠢ᠋ ᠦᠷᠬᠦᠯᠵᠢᠯᠡᠨ ᠥᠷᠭᠡᠳᠭᠡᠪᠡ

ᠨᠤᠮᠢᠨ ᠤᠰᠤ ᠬᠦᠬᠡᠮᠳᠤᠭ᠌ ᠠᠭᠤᠯᠠ ᠪᠣᠯ ᠠᠯᠳᠠᠠ ᠠᠭᠤᠯᠠ ᠮᠥᠩᠭᠥᠨ ᠬᠠᠢᠷᠬᠠᠨ ᠮᠥᠨ᠂ ᠠᠮᠢ ᠠᠬᠤᠢ ᠢ᠋ᠢᠨ《ᠨᠣᠭᠣᠭᠠᠨ᠎ᠠᠭᠤᠯᠤᠭ᠍ᠳᠠᠴᠠ》ᠨᠢ ᠴᠢᠨᠠᠷ ᠰᠠᠢᠲᠠᠢ ᠬᠥᠭ᠌ᠵᠢᠯᠲᠡ ᠢ᠋ᠢᠨ 《ᠠᠯᠳᠠᠨ ᠠᠭᠤᠯᠤᠭ᠍ᠳᠠᠴᠠ》 ᠵᠢ ᠲᠣᠭ᠍ᠲᠠᠭᠠᠵᠤ ᠪᠠᠢᠳᠠᠭ᠃

ᠥᠪᠥᠷ ᠮᠣᠩᠭᠣᠯ ᠠᠮᠢ ᠠᠬᠤᠶ ᠢ᠋ᠢ ᠠᠵᠤ ᠦᠢᠯᠡᠰᠵᠢᠬᠦᠯᠬᠦ ᠢ᠋ᠢ ᠶᠡᠬᠡ ᠪᠡᠷ ᠠᠬᠢᠭᠤᠯᠤᠨ᠂ ᠠᠮᠢ ᠠᠬᠤᠶ ᠢ᠋ᠢᠨ ᠦᠶ᠋ᠯᠡᠳᠬᠦᠨ ᠤ᠋ ᠥᠷᠲᠡᠭ ᠢ᠋ ᠪᠡᠶᠡᠯᠡᠭᠦᠯᠬᠦ᠌ ᠲᠣᠭ᠍ᠲᠠᠴᠠ ᠢ᠋ᠢ ᠲᠦᠷᠭᠡᠳᠭᠡᠨ ᠲᠡᠭᠦᠯᠳᠡᠷᠵᠢᠭᠦᠯᠵᠦ᠍᠂ ᠠᠮᠢ ᠠᠬᠤᠢ ᠢ᠋ᠢᠨ ᠡᠬᠢ ᠪᠠᠶᠠᠯᠢᠭ ᠢ᠋ ᠠᠵᠤ ᠠᠬᠤᠢ ᠢ᠋ᠢᠨ ᠠᠰᠢᠭ ᠪᠤᠯᠭᠠᠨ ᠬᠤᠪᠢᠷᠠᠭᠤᠯᠬᠤ ᠠᠷᠭ᠎ᠠ ᠵᠠᠮ ᠢ᠋ ᠲᠠᠰᠤᠷᠠᠯᠲᠠ ᠥᠬᠡᠶ ᠥᠷᠭᠡᠳᠭᠡᠨ᠂ ᠣᠶ ᠱᠢᠭᠤᠶ ᠨᠤᠳᠤᠭ ᠪᠡᠯᠴᠢᠭᠡᠷ᠎ᠡᠯᠡᠰᠦ ᠮᠠᠨᠭᠬ᠎ᠡ ᠢ᠋ᠢᠨ ᠠᠵᠤ ᠦᠶ᠋ᠯᠡᠰ ᠪᠤᠯᠤᠨ ᠣᠶ ᠱᠢᠭᠤᠶ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠢᠯ ᠢ᠋ ᠰᠠᠢᠲᠤᠷ ᠬᠦᠢᠴᠡᠳᠬᠡᠵᠤ᠂  ᠣᠯᠠᠨ ᠲᠦᠮᠡᠨ ᠳ᠋ᠤ᠌ ᠠᠮᠢ ᠠᠬᠤᠢ ᠢ᠋ᠢᠨ ᠦᠷ᠎ᠠ ᠠᠰᠢᠭ ᠢ᠋ ᠬᠦᠷᠳᠡᠬᠡᠪᠡ᠃

2025 ᠣᠨ ᠳ᠋ᠤ᠌᠂ ᠥᠪᠥᠷ ᠮᠣᠩᠭᠣᠯ CCER ᠨᠡᠭᠦᠷᠡᠰᠦᠲᠥ᠋ᠷᠥᠭ᠌ᠴᠢ ᠢ᠋ᠢᠨ ᠬᠤᠷᠠᠮᠳᠤᠭᠤᠯᠭ᠎ᠠ ᠢ᠋ᠢᠨ ᠲᠥᠷᠥᠯ ᠵᠦᠶ᠋ᠯ ᠢ᠋ ᠶᠡᠬᠡ ᠪᠡᠷ ᠨᠡᠭᠡᠭᠡᠨ ᠬᠥᠭ᠌ᠵᠢᠭᠦᠯᠵᠦ᠍ ᠨᠦᠬᠡᠴᠡᠯᠡᠨ᠂ ᠤᠯᠤᠰ ᠤ᠋ᠨ ᠲᠠᠪᠴᠠᠩ ᠳ᠋ᠤ᠌ 13 ᠢ᠋ᠢ ᠵᠠᠷᠯᠠᠨ ᠨᠡᠢᠲᠡᠯᠡᠵᠦ᠍᠂ ᠵᠠᠷᠯᠠᠨ ᠨᠡᠢᠲᠡᠯᠡᠭ᠌ᠰᠡᠨ ᠲᠥᠷᠥᠯ ᠵᠦᠶ᠋ᠯ ᠤ᠋ᠨ ᠶᠡᠷᠦᠩᠬᠡᠶ ᠲᠠᠯᠠᠪᠠᠶ ᠨᠢ 111.2 ᠲᠦᠮᠡᠨ ᠮᠦ᠍ ᠳ᠋ᠤ᠌ ᠬᠦᠷᠴᠦ᠍᠂ ᠵᠢᠱ᠌ᠢᠯᠳᠡ ᠪᠡᠷ ᠪᠣᠬᠢᠷᠲᠤᠯ ᠭᠠᠳᠠᠭ᠍ᠰᠢᠯᠠᠭᠤᠯᠬᠤ ᠵᠢ ᠪᠠᠭᠠᠰᠬᠠᠭᠰᠠᠨ ᠶᠡᠷᠦᠩᠬᠡᠢ ᠬᠡᠮᠵᠢᠶ᠎ᠠ ᠨᠢ 776.7 ᠲᠦᠮᠡᠨ ᠲᠣᠨ ᠨᠡᠭᠦᠷᠡᠰᠦᠲᠥ᠋ᠷᠥᠭ᠌ᠴᠢ ᠢ᠋ᠢᠨ ᠳᠠᠪᠬᠤᠷ ᠢᠰᠦᠯ ᠲᠠᠢ ᠲᠠᠩᠴᠡᠵᠤ᠂ ᠪᠥᠬᠥ᠌ ᠤᠯᠤᠰ ᠲᠦ᠍ ᠲᠦᠷᠦᠬᠦᠯᠡᠪᠡ᠃

ᠪᠥᠬᠥ᠌ ᠵᠢᠯ ᠳ᠋ᠤ᠌ ᠨᠤᠲᠤᠭ ᠪᠡᠯᠴᠢᠭᠡᠷ ᠤ᠋ᠨ ᠠᠮᠢ ᠠᠬᠤᠶ ᠢ᠋ᠢᠨ ᠨᠥᠬᠥᠪᠥᠷᠢ ᠱᠠᠩᠨᠠᠯ ᠤ᠋ᠨ ᠪᠠᠯᠠ ᠮᠥᠩᠭᠥ᠌᠂ ᠣᠶ ᠱᠢᠭᠤᠶ ᠢ᠋ᠢᠨ ᠠᠮᠢ ᠠᠬᠤᠶ ᠢ᠋ᠢᠨ ᠦᠷ᠎ᠡ ᠠᠱᠢᠭ ᠤ᠋ᠨ ᠨᠥᠬᠥᠪᠥᠷᠢ ᠵᠡᠷᠭᠡ ᠡᠯ᠎ᠡ ᠵᠤᠢᠯ ᠤ᠋ᠨ ᠠᠷᠠᠳ ᠲᠦ᠍ ᠠᠱᠢᠭ ᠬᠦᠷᠲᠡᠭᠡᠬᠦ᠌ ᠨᠥᠬᠥᠪᠥᠷᠢ ᠮᠥᠩᠭᠥ ᠢ᠋ᠢ 61.72 ᠳ᠋ᠦᠩᠱᠢᠭᠤᠷ ᠲᠥᠭᠥᠷᠢᠭ ᠪᠠᠭᠤᠯᠭᠠᠪᠠ᠃《ᠤᠮᠠᠷᠠᠳᠤ ᠢ᠋ᠢᠨ ᠭᠤᠷᠪᠡᠨ ᠤᠷᠤᠨ》ᠤ᠋ ᠢᠨᠵᠧᠨᠧᠷᠢᠩ ᠤ᠋ᠨ ᠲᠥᠷᠥᠯ ᠵᠦᠶ᠋ᠯ ᠢ᠋ ᠪᠦᠬᠦᠨ ᠢ᠋ ᠠᠵᠢᠯ ᠤᠯᠭᠤᠬᠤ ᠪᠡᠷ ᠲᠡᠳᠬᠦᠮᠵᠢ ᠢ᠋ᠢ ᠣᠷᠣᠯᠠᠭᠤᠯᠬᠤ ᠬᠡᠪᠴᠢᠶᠡᠨ ᠳ᠋ᠤ᠌ ᠣᠷᠣᠭᠤᠯᠵᠤ᠂ 10.75 ᠲᠦᠮᠡᠨ ᠮᠠᠯᠴᠢᠨ ᠲᠠᠷᠢᠶᠠᠴᠢᠨ ᠳ᠋ᠤ ᠠᠵᠢᠯ ᠤᠯᠭᠤᠨ᠂ 18 ᠳ᠋ᠦᠩᠱᠢᠭᠤᠷ ᠭᠠᠷᠤᠢ ᠲᠥᠭᠥᠷᠢᠭ ᠤ᠋ᠨ ᠬᠦᠳᠡᠯᠮᠤᠷᠢ ᠵᠢᠨ ᠬᠠᠷᠠᠮᠵᠢ ᠤᠯᠭᠤᠵᠠᠢ᠃

ᠤᠯᠠᠭᠠᠨᠬᠠᠳᠠ ᠬᠣᠲᠠ ᠢ᠋ᠢᠨ ᠨᠢᠩᠴᠧᠩ ᠱᠢᠶᠠᠨ ᠤ᠋ ᠵᠢᠮᠢᠰ ᠤ᠋ᠨ ᠮᠣᠳᠣᠨ ᠤ᠋ ᠠᠵᠤ ᠠᠬᠤᠶ ᠢ᠋ᠢᠨ ᠣᠶ ᠢ᠋ᠢᠨ ᠲᠠᠯᠠᠪᠠᠶ 25 ᠲᠦᠮᠡᠨ ᠮᠦ᠍ ᠳ᠋ᠤ᠌ ᠬᠦᠷᠴᠦ᠍᠂ ᠵᠢᠯ ᠪᠦᠷᠢ 9.8 ᠲᠦᠮᠡᠨ ᠲᠠᠷᠢᠶᠠᠴᠢᠨ ᠢ᠋ ᠳᠠᠢᠴᠢᠯᠠᠨ ᠠᠯᠮᠤᠷᠠᠳ ᠤ᠋ᠨ ᠠᠵᠤ ᠦᠶ᠋ᠯᠡᠰ ᠡᠴᠡ ᠠᠱᠢᠭ ᠬᠦᠷᠳᠡᠵᠤ᠂ ᠠᠯᠮᠤᠷᠠᠳ ᠤ᠋ᠨ ᠣᠷᠣᠯᠭ᠎ᠠ ᠨᠢ ᠲᠠᠷᠢᠶᠠᠴᠢᠳ ᠤ᠋ᠨ ᠡᠵᠡᠩᠨᠡᠯᠲᠡ ᠢ᠋ᠢᠨ ᠴᠢᠨᠠᠷᠲᠠᠶ ᠣᠷᠣᠯᠭ᠎ᠠ ᠢ᠋ᠢᠨ 60% ᠢ᠋ᠢ ᠡᠵᠡᠯᠡᠪᠡ᠃

ᠢᠷᠡᠭᠡᠳᠦᠢ ᠢ᠋ᠢ ᠪᠠᠷᠠᠯᠠᠬᠤᠶ᠎ᠠ᠂ ᠡᠨᠡ ᠬᠦ᠌ ᠠᠮᠢᠵᠢᠷᠠᠯ ᠤ᠋ᠨ ᠬᠦᠴᠦᠨ ᠢ᠋ᠢᠡᠷ ᠪᠢᠯᠬᠠᠭᠰᠠᠨ ᠨᠤᠲᠤᠭ ᠳᠡᠪᠢᠰᠭᠡᠷ ᠳᠡᠭᠡᠷ᠎ᠡ᠂ ᠥᠪᠥᠷ ᠮᠣᠩᠭᠣᠯ ᠨᠡᠨᠭ ᠢᠳᠡᠷᠡᠬᠦᠨ ᠠᠯᠬᠤᠭ᠎ᠠ ᠪᠡᠷ ᠮᠠᠨ ᠤ᠋ ᠤᠯᠤᠰ ᠤ᠋ᠨ ᠤᠮᠠᠷᠠᠲᠤ ᠢ᠋ᠢᠨ ᠴᠢᠬᠤᠯᠠ ᠠᠮᠢ ᠠᠬᠤᠢ ᠢ᠋ᠢᠨ ᠠᠮᠤᠷ ᠲᠦᠪᠱᠢᠨ ᠤ᠋ ᠬᠠᠯᠬᠠᠪᠴᠢ ᠢ᠋ᠢ ᠪᠠᠲᠤ ᠴᠣᠭ᠍ᠴᠠᠯᠠᠵᠤ᠂ ᠨᠤᠮᠢᠨ ᠤᠰᠤ ᠬᠦᠬᠡᠮᠳᠤᠭ᠌ ᠠᠭᠤᠯᠠᠨ ᠳ᠋ᠤ᠌ ᠰᠢᠨᠭᠬᠡᠭᠰᠡᠨ ᠴᠢᠨᠠᠷ ᠰᠠᠢᠲᠠᠢ ᠬᠥᠭ᠌ᠵᠢᠯᠲᠡ ᠢ᠋ᠢᠨ ᠬᠠᠷᠢᠭᠤᠯᠲᠠ ᠢ᠋ᠢᠨ ᠬᠠᠭᠤᠳᠠᠰᠤ ᠢ᠋ᠢ ᠲᠤᠰᠢᠶᠠᠬᠤ ᠨᠢ ᠯᠠᠪᠳᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号