ᠪᠤᠤ ᠭᠠᠩ ᠪᠠᠢᠷᠢᠯᠠᠭᠤᠯᠤᠯᠲᠠ ᠬᠢᠪᠠ
12 ᠰᠠᠷ᠎ᠠ᠎ᠶ᠋ᠢᠨ 25 ᠤ᠋ ᠡᠳᠦᠷ᠂ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ ᠵᠢᠴᠢ ᠥᠨᠳᠥᠷ ᠪᠠᠷᠢᠯᠭ᠎ᠠ᠎ᠶ᠋ᠢᠨ ᠬᠦᠨᠳᠦ ᠶᠡᠬᠡ ᠭᠠᠯ᠎ᠤᠨ ᠭᠠᠮᠱᠢᠭ᠎ᠤᠨ ᠠᠶᠤᠯ ᠲᠦᠭ᠌ᠰᠢᠭᠦᠷᠢ᠎ᠶᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠠᠢᠷᠢᠯᠠᠭᠤᠯᠤᠯᠲᠠ ᠬᠢᠪᠠ᠃
ᠬᠤᠷᠠᠯ ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠠᠶᠤᠯᠭᠦᠶ ᠦᠶ᠋ᠯᠡᠳᠪᠦᠷᠢᠯᠡᠯ᠎ᠦᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠭᠤᠷᠪᠠ᠎ᠶ᠋ᠢ ᠬᠠᠮᠢᠶᠠᠷᠬᠤ ᠳ᠋ᠡᠬᠢ ᠭᠤᠷᠪᠠᠨ ᠡᠷᠬᠡᠪᠰᠢ》 ᠶ᠋ᠢ ᠪᠠᠷᠢᠮᠲᠠᠯᠠᠨ᠂ ᠪᠠᠷᠢᠯᠭ᠎ᠠ᠎ᠶ᠋ᠢᠨ ᠥᠭᠡᠷᠡᠴᠢᠯᠡᠯᠲᠡ᠂ ᠭᠠᠯ ᠰᠡᠷᠬᠡᠢᠯᠡᠵᠤ ᠭᠠᠯ ᠤᠨᠲᠠᠷᠠᠭᠠᠬᠤ ᠲᠤᠨᠤᠭ ᠲᠥᠬᠥᠭᠡᠷᠦᠮᠵᠢ᠂ ᠡᠳᠦᠷ ᠲᠤᠲᠤᠮ᠎ᠤᠨ ᠬᠠᠮᠢᠶᠠᠷᠤᠯᠲᠠ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠪᠠᠷᠢᠯᠭ᠎ᠠ᠎ᠶ᠋ᠢᠨ ᠳᠤᠯᠠᠭᠠᠨ᠎ᠢ ᠪᠠᠲᠤᠯᠠᠬᠤ ᠮᠠᠲ᠋ᠧᠷᠢᠶᠠᠯ᠂ ᠬᠥᠮᠦᠨ ᠬᠠᠷ᠎ᠠ ᠨᠢᠭ᠍ᠲᠠᠷᠠᠭ᠍ᠰᠠᠨ ᠲᠠᠯᠠᠪᠤᠷ ᠭᠠᠵᠠᠷ᠎ᠲᠡᠬᠢ ᠭᠠᠯ ᠨᠣᠴᠣᠭᠠᠵᠤ ᠠᠵᠢᠯᠯᠠᠬᠤ ᠪᠥᠬᠥ᠌ ᠬᠡᠯᠬᠢᠶ᠎ᠡ᠎ᠶ᠋ᠢ ᠴᠡᠭ᠌ᠴᠡᠯᠡᠨ ᠵᠠᠰᠠᠬᠤ᠎ᠲᠠᠶ ᠤᠶᠠᠯᠳᠤᠭᠤᠯᠤᠨ᠂ ᠥᠨᠳᠥᠷ ᠪᠠᠷᠢᠯᠭ᠎ᠠ᠎ᠶ᠋ᠢᠨ ᠬᠦᠨᠳᠦ ᠶᠡᠬᠡ ᠭᠠᠯ᠎ᠤᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠢᠯᠡᠷᠡᠭᠦᠯᠦᠭ᠌ᠰᠡᠨ ᠠᠰᠠᠭᠤᠳᠠᠯ᠎ᠢ ᠲᠡᠷᠡ ᠳᠠᠷᠤᠶᠳᠤᠨᠢ ᠴᠡᠭ᠌ᠴᠡᠯᠡᠨ ᠰᠠᠢᠵᠢᠷᠠᠭᠤᠯᠵᠤ᠂ ᠬᠦᠨᠳᠦ ᠶᠡᠬᠡ ᠬᠡᠮ ᠰᠣᠭᠣᠭ᠎ᠢ ᠫᠠᠢᠰᠠ ᠡᠯᠭᠦᠨ ᠱᠠᠯᠠᠪᠳᠠᠭᠤᠯᠤᠨ ᠱᠢᠶ᠋ᠳᠪᠦᠷᠢᠯᠡᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠱᠢᠨ᠎ᠡ ᠵᠢᠯ᠂ ᠴᠠᠭᠠᠨ ᠰᠠᠷ᠎ᠠ ᠤᠳᠠᠯ ᠦᠬᠡᠢ ᠬᠦᠷᠴᠤ ᠢᠷᠡᠨ᠎ᠠ᠂ ᠬᠤᠷᠠᠯ ᠡᠴᠡ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠠᠯᠪᠠᠨ ᠲᠢᠩᠬᠢᠮ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶᠢᠨ ᠠᠯᠪᠠᠨ ᠲᠢᠩᠬᠢᠮ᠎ᠦᠨ 《2026 ᠣᠨ᠎ᠤ ᠱᠢᠨ᠎ᠡ ᠵᠢᠯ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠬᠣᠯᠪᠣᠭ᠍ᠳᠠᠯ ᠪᠥᠬᠥᠶ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》᠎ᠤ᠋ᠨ ᠬᠠᠮᠢᠶ᠎ᠠ ᠪᠥᠬᠥᠶ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠶᠤᠯᠭᠦᠶ ᠦᠶ᠋ᠯᠡᠳᠪᠦᠷᠢᠯᠡᠯ᠎ᠤᠨ ᠲᠤᠬᠠᠢ ᠬᠦᠪᠴᠢ᠎ᠵᠢ ᠴᠠᠭ ᠢᠮᠠᠭ᠍ᠲᠠ ᠴᠢᠩᠭᠠᠯᠠᠵᠤ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠠᠶᠤᠯᠭᠦᠶ ᠦᠶ᠋ᠯᠡᠳᠪᠦᠷᠢᠯᠡᠯ᠎ᠦᠨ ᠠᠰᠠᠭᠤᠳᠠᠯ᠎ᠢ ᠦᠨᠳᠦᠰᠦ ᠡᠴᠡ ᠨᠢ ᠵᠠᠰᠠᠬᠤ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠭᠦᠨᠵᠡᠭᠡᠢᠷᠡᠭᠦᠯᠦᠨ᠂ 《ᠶᠢᠰᠦᠨ ᠵᠢᠵᠢᠭ ᠲᠠᠯᠠᠪᠤᠷ ᠭᠠᠵᠠᠷ》᠂ ᠣᠯᠠᠨ ᠡᠵᠡᠩᠨᠡᠯᠲᠡ᠎ᠶ᠋ᠢᠨ ᠬᠡᠯᠪᠡᠷᠢᠬᠣᠯᠢᠯᠳᠤᠨ ᠡᠵᠡᠩᠨᠡᠯᠲᠡ ᠬᠢᠵᠤ ᠪᠠᠢᠭ᠎ᠠ ᠲᠠᠯᠠᠪᠤᠷ ᠭᠠᠵᠠᠷ ᠪᠠ ᠬᠠᠭᠤᠴᠢᠨ ᠣᠷᠣᠨ ᠰᠠᠭᠤᠴᠠ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠂ ᠬᠠᠯᠠᠮᠰᠢᠯ ᠦᠵᠡᠮᠵᠢ᠎ᠶ᠋ᠢᠨ ᠭᠠᠵᠠᠷ᠂ ᠬᠤᠳᠠᠯᠳᠤᠭᠠᠨ ᠤ᠋ ᠲᠠᠯᠠᠪᠠᠢ ᠵᠠᠬ᠎ᠠ ᠳᠡᠯᠭᠡᠭᠦᠷ᠂ ᠵᠣᠴᠢᠳ᠎ᠤᠨ ᠪᠠᠭᠤᠳᠠᠯ ᠠᠷᠠᠳ᠎ᠤᠨ ᠤᠯᠠᠮᠵᠢᠯᠠᠯᠳᠤ ᠰᠠᠭᠤᠴᠠ᠎ᠶᠢᠨ ᠪᠠᠭᠤᠳᠠᠯ᠂ ᠬᠣᠭᠣᠯᠠᠨ ᠬᠡᠷ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠂ ᠦᠶ᠋ᠯᠡᠳᠪᠦᠷᠢ᠎ᠶ᠋ᠢᠨ ᠭᠡᠷ ᠪᠠᠢᠱᠢᠩ ᠬᠥᠮᠥᠷᠭᠡ ᠵᠡᠷᠭᠡ ᠭᠤᠤᠯᠳᠠᠯᠭ᠎ᠠ᠎ᠲᠠᠶ ᠲᠠᠯᠠᠪᠤᠷ ᠭᠠᠵᠠᠷ ᠢ᠋ ᠨᠠᠷᠢᠨ ᠬᠢᠨᠠᠮᠠᠭᠠᠶ ᠵᠢᠭ᠍ᠰᠠᠭᠠᠨ ᠪᠠᠢᠴᠠᠭᠠᠵᠤ᠂ ᠬᠤᠸᠠᠷ ᠫᠤᠤᠵᠢᠩ᠂ ᠠᠭᠤᠷᠬᠠᠶ᠂ ᠱᠢᠲᠠᠮᠠᠬᠠᠶ ᠬᠡᠢ᠂ ᠪᠠᠷᠢᠯᠭ᠎ᠠ᠎ᠶ᠋ᠢᠨ ᠠᠵᠢᠯ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠂ ᠰᠣᠶᠣᠯ ᠵᠢᠭᠤᠯᠴᠢᠯᠠᠯ ᠵᠡᠷᠭᠡ ᠠᠵᠢᠯ ᠲᠥᠷᠥᠯ᠎ᠦᠨ ᠬᠦᠷᠢᠶᠡᠨ᠎ᠳ᠋ᠡᠬᠢ ᠠᠶᠤᠯ ᠲᠦᠭ᠌ᠰᠢᠭᠦᠷᠢ ᠵᠢᠨ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠵᠠᠰᠠᠬᠤ ᠪᠠᠨ ᠴᠢᠩᠭᠠᠳᠬᠠᠵᠤ᠂ ᠲᠣᠮᠣ ᠬᠡᠯᠪᠡᠷᠢ᠎ᠶ᠋ᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ᠎ᠶ᠋ᠢᠨ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠪᠠ ᠠᠮᠤᠷ ᠲᠦᠪᠱᠢᠨ᠎ᠢ ᠬᠠᠮᠢᠶᠠᠷᠤᠨ ᠡᠵᠡᠮᠳᠡᠬᠦ᠌᠎ᠶ᠋ᠢ ᠰᠠᠢᠲᠤᠷ ᠬᠢᠵᠦ᠂ ᠪᠠᠢᠭᠠᠯᠢ᠎ᠶ᠋ᠢᠨ ᠭᠠᠮᠱᠢᠭ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠨ᠂ ᠣᠶ ᠱᠢᠭᠤᠶ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠭᠠᠯ ᠤᠨᠲᠠᠷᠠᠭᠠᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠣᠯᠠᠨ᠎ᠤ ᠠᠮᠤᠷ ᠲᠦᠪᠱᠢᠨ᠎ᠢᠶᠡᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌᠎ᠶ᠋ᠢ ᠪᠠᠲᠤᠯᠠᠬᠤ ᠬᠡᠷᠡᠭᠳᠡᠢ ᠭᠡᠵᠦ ᠱᠠᠭᠠᠷᠳᠠᠪᠠ᠃
ᠬᠤᠸᠠᠩ ᡁᠢ ᠴᠢᠶᠠᠩ ᠬᠤᠷᠠᠯ᠎ᠢ ᠡᠷᠭᠢᠯᠡᠵᠦ᠍᠂ ᠶᠤᠤ ᠶᠦᠩ ᠪᠥᠸᠧ ᠣᠷᠣᠯᠴᠠᠵᠡᠢ᠃