ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠠᠴᠠ《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠰᠠᠨᠠᠭᠤᠯᠭ᠎ᠠ》 (ᠳᠣᠷᠣᠭ᠍ᠰᠢ 《ᠰᠠᠨᠠᠭᠤᠯᠭ᠎ᠠ》 ᠭᠡᠵᠦ ᠲᠣᠪᠴᠢᠯᠠᠨ᠎ᠠ)᠎ᠶᠢ ᠬᠢᠨᠠᠨ ᠶᠠᠷᠢᠯᠴᠠᠵᠤ ᠪᠠᠲᠤᠯᠠᠭᠠᠳ᠂ ᠳᠤᠮᠳᠠᠳᠤ ᠤᠯᠤᠰ᠎ᠤᠨ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠵᠢᠷᠤᠭ ᠲᠥᠰᠥᠪ᠎ᠢ ᠵᠢᠷᠤᠭᠯᠠᠪᠠ᠃ 《ᠰᠠᠨᠠᠭᠤᠯᠭ᠎ᠠ》᠎ᠳᠤ 《ᠬᠦᠴᠦᠷᠬᠡᠭ ᠶᠡᠬᠡ ᠦᠵᠡᠯ ᠰᠠᠨᠠᠭᠠᠨ᠎ᠤ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ᠎ᠤ ᠨᠢᠭ᠍ᠲᠠᠷᠠᠯ᠎ᠤᠨ ᠬᠦᠴᠦᠨ᠂ ᠥᠷᠲᠡᠭ᠎ᠦᠨ ᠤᠷᠢᠶᠠᠯᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠎ᠲᠠᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭᠵᠢᠭᠦᠯᠵᠦ᠂ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠤᠨ᠎ᠠ》 ᠭᠡᠵᠦ ᠲᠣᠳᠣᠷᠬᠠᠢ ᠳᠤᠷᠠᠳᠴᠠᠢ᠃ ᠡᠨᠡ ᠨᠢ ᠰᠣᠶᠣᠯ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠲᠠᠯ᠎ᠠ᠎ᠪᠠᠷ ᠬᠢ ᠨᠠᠮ᠎ᠤᠨ ᠵᠣᠯᠭᠠᠯᠳᠤᠬᠤ ᠴᠢᠨᠠᠷ ᠪᠠ ᠦᠷᠭᠦᠯᠵᠢᠯᠡᠬᠦ ᠴᠢᠨᠠᠷ᠎ᠢ ᠭᠦᠨᠵᠡᠭᠡᠢ ᠢᠯᠡᠷᠡᠭᠦᠯᠵᠦ᠂ ᠨᠠᠮ᠎ᠤᠨ ᠲᠥᠪ ᠬᠣᠷᠢᠶ᠎ᠠ ᠵᠢᠨ ᠲᠦᠷᠦ᠎ᠶᠢ ᠵᠠᠰᠠᠬᠤ ᠣᠢᠯᠠᠭᠠᠭᠳᠠᠬᠤᠨ᠎ᠤ ᠪᠠᠶᠠᠯᠢᠭ᠋ ᠬᠥᠭᠵᠢᠯᠲᠡ ᠪᠠ ᠰᠢᠰᠲ᠋ᠸᠮ᠎ᠤᠨ ᠭᠦᠨᠵᠡᠭᠡᠢᠷᠡᠯᠢ ᠢᠯᠡᠷᠡᠭᠦᠯᠵᠡᠢ; ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠳᠡᠭᠡᠳᠦ ᠬᠡᠮᠵᠢᠶᠡᠨ᠎ᠦ ᠰᠣᠶᠣᠯ᠎ᠤᠨ ᠢᠲᠡᠭᠡᠯ᠂ ᠪᠠᠲᠤ ᠴᠢᠩᠭ᠎ᠠ ᠰᠣᠶᠣᠯ᠎ᠤᠨ ᠤᠬᠠᠮᠰᠠᠷ᠎ᠢᠶᠠᠷ ᠰᠣᠶᠣᠯ᠎ᠤᠨ ᠪᠠᠢᠭᠤᠯᠤᠯᠲᠠ᠎ᠶᠢ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠲᠣᠪᠣᠢᠮ᠎ᠠ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶᠢ ᠯᠠᠪᠳᠠᠭᠤᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠪᠡᠶᠡᠯᠡᠭᠦᠯᠬᠦ᠎ᠳᠦ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ ᠬᠦᠴᠦᠨ᠂ ᠪᠠᠲᠤ ᠴᠢᠩᠭ᠎ᠠ ᠦᠵᠡᠯ ᠰᠠᠨᠠᠭᠠᠨ᠎ᠤ ᠪᠠᠲᠤᠯᠠᠭ᠎ᠠ ᠪᠣᠯᠣᠨ ᠠᠰᠢᠭ᠍ᠲᠠᠢ ᠰᠣᠶᠣᠯ᠎ᠤᠨ ᠨᠥᠬᠥᠴᠡᠯ ᠬᠠᠩᠭᠠᠵᠠᠢ᠃
ᠨᠠᠮ᠎ᠤᠨ ᠰᠣᠶᠣᠯ᠎ᠤᠨ ᠤᠳᠤᠷᠢᠳᠬᠤ ᠡᠷᠬᠡ᠎ᠶᠢ ᠪᠠᠷᠢᠮᠲᠠᠯᠠᠵᠤ᠂ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠤᠶ᠎ᠠ
ᠨᠢᠭᠡ᠎ᠳᠦ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠴᠢᠩᠭᠠᠳᠬᠠᠬᠤ ᠬᠡᠷᠡᠭᠲᠠᠢ᠃ ᠨᠠᠮ᠎ᠤᠨ ᠰᠣᠶᠣᠯ᠎ᠤᠨ ᠠᠵᠢᠯ᠎ᠳᠠᠬᠢ ᠪᠦᠬᠦ ᠲᠠᠯ᠎ᠠ᠎ᠶᠢᠨ ᠤᠳᠤᠷᠢᠳᠤᠯᠭ᠎ᠠ ᠪᠣᠯ ᠰᠣᠶᠣᠯ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠶᠢ ᠨᠠᠢᠳᠠᠪᠤᠷᠢᠵᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠤᠨ ᠬᠠᠷᠠᠯᠲᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠶᠢ ᠠᠬᠢᠭᠤᠯᠬᠤ᠎ᠶᠢᠨ ᠪᠠᠲᠤ ᠴᠢᠩᠭ᠎ᠠ ᠤᠯᠤᠰ ᠲᠦᠷᠦ᠎ᠶᠢᠨ ᠪᠠᠲᠤᠯᠠᠭ᠎ᠠ ᠮᠥᠨ᠃ ᠨᠢᠭᠡ ᠲᠠᠯ᠎ᠠ᠎ᠪᠠᠷ᠂ ᠨᠠᠮ᠎ᠤᠨ ᠰᠣᠶᠣᠯ᠎ᠤᠨ ᠠᠵᠢᠯ ᠳᠤᠮᠳᠠᠬᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠤᠳᠤᠷᠢᠳᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠰᠣᠶᠣᠯ᠎ᠤᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠶᠢ ᠲᠥᠰᠥᠪᠯᠡᠨ ᠪᠠᠢᠷᠢᠯᠠᠭᠤᠯᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶᠢᠨ ᠦᠵᠦ ᠲᠥᠯᠥᠪᠯᠡᠭᠡ᠎ᠶᠢ ᠲᠡᠭᠦᠯᠳᠡᠷᠵᠢᠭᠦᠯᠵᠦ᠂ ᠶᠡᠬᠡ ᠲᠠᠯ᠎ᠠ᠎ᠶᠢ ᠲᠥᠯᠥᠪᠵᠢᠭᠦᠯᠬᠦ᠂ ᠴᠢᠭᠯᠡᠯ᠎ᠢ ᠲᠣᠭᠲᠠᠭᠠᠬᠤ ᠳᠤᠮᠳᠠ ᠰᠣᠶᠣᠯ᠎ᠤᠨ ᠡᠭᠦᠷᠭᠡ᠎ᠶᠢ ᠡᠭᠦᠷᠭᠡᠯᠡᠬᠦ ᠬᠡᠷᠡᠭᠲᠡᠢ᠃ ᠨᠦᠭᠦᠭᠡ ᠲᠠᠯ᠎ᠠ᠎ᠪᠠᠷ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠳᠤᠮᠳᠠ ᠨᠠᠮᠴᠢ ᠴᠢᠨᠠᠷ᠎ᠤᠨ ᠵᠠᠷᠴᠢᠮ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠣᠯᠣᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠡᠩᠨᠡᠭᠡ᠎ᠶᠢ ᠬᠥᠮᠥᠵᠢᠭᠦᠯᠬᠦ᠎ᠶᠢ ᠴᠢᠩᠭ᠎ᠠ ᠠᠳᠬᠤᠵᠤ᠂ ᠨᠠᠮ᠎ᠠᠴᠠ ᠤᠬᠠᠭᠤᠯᠭ᠎ᠠ᠎ᠶᠢ ᠬᠠᠮᠢᠶᠠᠷᠬᠤ᠂ ᠨᠠᠮ᠎ᠠᠴᠠ ᠦᠵᠡᠯ ᠤᠬᠠᠮᠰᠠᠷ᠎ᠤᠨ ᠬᠡᠯᠪᠡᠷᠢ᠎ᠶᠢ ᠬᠠᠮᠢᠶᠠᠷᠬᠤ᠂ ᠨᠠᠮ᠎ᠠᠴᠠ ᠵᠠᠭᠤᠴᠢᠯᠠᠭᠤᠷ᠎ᠢ ᠬᠠᠮᠢᠶᠠᠷᠬᠤ᠂ ᠨᠠᠮ᠎ᠠᠴᠠ ᠢᠨᠲ᠋ᠸᠷ ᠰᠦᠯᠵᠢᠶ᠎ᠡ᠎ᠶᠢ ᠬᠠᠮᠢᠶᠠᠷᠬᠤ᠎ᠶᠢ ᠪᠠᠷᠢᠮᠲᠠᠯᠠᠵᠤ᠂ ᠨᠠᠮ᠎ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ᠎ᠦ ᠠᠵᠢᠯ᠎ᠢ ᠰᠠᠢᠲᠤᠷ ᠬᠢᠬᠦ ᠬᠡᠷᠡᠭᠲᠡᠢ᠃ ᠰᠣᠶᠣᠯ᠎ᠤᠨ ᠬᠦᠷᠢᠶᠡᠨ᠎ᠳᠡᠬᠢ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠬᠤ ᠨᠢ ᠨᠡᠢᠭᠡᠮ᠎ᠦᠨ ᠦᠷᠳᠡᠭ᠎ᠦᠨ ᠬᠠᠮᠲᠤ᠎ᠶᠢᠨ ᠲᠠᠨᠢᠯᠲᠠ᠎ᠶᠢ ᠪᠦᠲᠦᠮᠵᠢᠲᠡᠢ ᠨᠡᠢᠳᠬᠡᠵᠦ᠂ ᠦᠨᠳᠦᠰᠦᠲᠡᠨ᠎ᠦ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠠᠬᠢᠭᠤᠯᠵᠤ ᠴᠢᠳᠠᠬᠤ᠎ᠪᠠᠷ ᠪᠠᠷᠠᠬᠤ ᠦᠭᠡᠢ ᠨᠡᠩ ᠴᠤ᠌ ᠨᠠᠮ᠎ᠤᠨ ᠲᠦᠷᠦ ᠪᠠᠷᠢᠬᠤ ᠪᠠᠢᠷᠢ ᠰᠠᠭᠤᠷᠢ᠎ᠶᠢ ᠬᠠᠮᠠᠭᠠᠯᠠᠵᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠡᠬᠢᠵᠢᠭᠦᠯᠵᠦ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃
ᠬᠣᠶᠠᠷ᠎ᠲᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠮᠤᠷ ᠲᠦᠪᠰᠢᠨ᠎ᠢ ᠬᠠᠮᠠᠭᠠᠯᠠᠬᠤ ᠬᠡᠷᠡᠭᠲᠠᠢ᠃ ᠶᠡᠷᠦᠩᠬᠡᠢ ᠱᠦᠵᠢ ᠰᠢ ᠵᠢᠨ ᠫᠢᠩ᠄ 《ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠢ ᠰᠠᠢᠲᠤᠷ ᠬᠢᠵᠦ ᠴᠢᠳᠠᠬᠤ ᠡᠰᠡᠬᠦ ᠨᠢ ᠨᠠᠮ᠎ᠤᠨ ᠢᠷᠡᠭᠡᠳᠦᠢ ᠬᠤᠪᠢ ᠵᠠᠶᠠᠭ᠎ᠠ᠎ᠲᠠᠢ ᠬᠣᠯᠪᠣᠭᠳᠠᠵᠤ᠂ ᠤᠯᠤᠰ᠎ᠤᠨ ᠥᠨᠢ ᠤᠳᠠᠭᠠᠨ ᠠᠮᠤᠷ ᠲᠦᠪᠰᠢᠨ ᠪᠠᠢᠬᠤ᠎ᠲᠠᠢ ᠬᠣᠯᠪᠣᠭᠳᠠᠵᠤ᠂ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠪᠠ ᠲᠥᠪᠯᠡᠩᠭᠦᠢ ᠬᠦᠴᠦᠨ᠎ᠳᠦ ᠬᠣᠯᠪᠣᠭᠳᠠᠵᠤ ᠪᠠᠢᠳᠠᠭ》 ᠬᠡᠵᠦ ᠴᠢᠬᠤᠯᠠᠴᠢᠯᠠᠪᠠ᠃ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ ᠪᠣᠯ ᠨᠠᠮ᠎ᠤᠨ ᠲᠤᠢᠯ᠎ᠤᠨ ᠴᠢᠬᠤᠯᠠ ᠨᠢᠭᠡ ᠠᠵᠢᠯ ᠮᠥᠨ᠃ ᠡᠷᠬᠡᠪᠰᠢ ᠦᠵᠡᠯ ᠤᠬᠠᠮᠰᠠᠷ᠎ᠤᠨ ᠬᠡᠯᠪᠡᠷᠢ᠎ᠶᠢᠨ ᠬᠦᠷᠢᠶᠡᠨ᠎ᠳᠡᠬᠢ ᠮᠠᠷᠺᠰ᠎ᠤᠨ ᠦᠵᠡᠯ᠎ᠦᠨ ᠦᠨᠳᠦᠰᠦᠨ ᠵᠢᠯᠤᠭᠣᠳᠬᠤ ᠪᠠᠢᠷᠢ ᠰᠠᠭᠤᠷᠢ᠎ᠶᠢ ᠪᠠᠷᠢᠮᠲᠠᠯᠠᠨ ᠪᠡᠬᠢᠵᠢᠭᠦᠯᠵᠦ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠳᠠᠬᠢ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ᠂ ᠦᠵᠡᠯ ᠤᠬᠠᠮᠰᠠᠷ᠎ᠤᠨ ᠬᠡᠯᠪᠡᠷᠢ᠎ᠶᠢᠨ ᠠᠮᠤᠷ ᠲᠦᠪᠰᠢᠨ᠎ᠢ ᠡᠷᠡᠰ ᠬᠠᠮᠠᠭᠠᠯᠠᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦ᠎ᠵᠢ ᠪᠡᠬᠢᠵᠢᠭᠦᠯᠦᠨ ᠰᠦᠭ ᠰᠦᠨᠡᠰᠦ᠎ᠶᠢ ᠱᠤᠭᠤᠵᠤ᠂ ᠬᠦᠰᠡᠯᠡᠩ ᠢᠲᠡᠭᠡᠯ ᠪᠢᠰᠢᠷᠡᠯ᠎ᠦᠨ ᠬᠥᠮᠦᠵᠢᠯ᠎ᠦᠨ ᠰᠢᠨ᠎ᠡ᠎ᠶᠢ ᠡᠭᠦᠳᠦᠨ᠂ ᠵᠥᠪ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶᠢ ᠪᠠᠲᠤ ᠡᠵᠡᠮᠳᠡᠵᠦ᠂ ᠨᠡᠢᠭᠡᠮ᠎ᠦᠨ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠤᠨ᠂ ᠰᠣᠶᠣᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ᠃ᠨᠠᠮ᠎ᠤᠨ ᠰᠣᠶᠣᠯ᠎ᠤᠨ ᠤᠳᠤᠷᠢᠳᠬᠤ ᠡᠷᠬᠡ᠎ᠶᠢ ᠪᠠᠷᠢᠮᠲᠠᠯᠠᠬᠤ᠎ᠳᠤ 《ᠦᠵᠡᠯ ᠤᠬᠠᠮᠰᠠᠷ᠎ᠤᠨ ᠬᠡᠯᠪᠡᠷᠢ᠎ᠶᠢᠨ ᠠᠮᠤᠷ ᠲᠦᠪᠰᠢᠨ᠎ᠢ ᠬᠠᠮᠠᠭᠠᠯᠠᠬᠤ》᠎ᠪᠠᠷ ᠴᠢᠬᠤᠯᠠ ᠭᠠᠷᠳᠠᠴᠠ ᠪᠣᠯᠭᠠᠬᠤ ᠬᠡᠷᠡᠭᠲᠡᠢ᠃
ᠭᠤᠷᠪᠠ᠎ᠳᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠤ ᠬᠡᠷᠡᠭᠲᠠᠢ᠃ ᠶᠡᠷᠦᠩᠬᠡᠢ ᠱᠦᠵᠢ ᠰᠢ ᠵᠢᠨ ᠫᠢᠩ᠄ 《ᠠᠷᠠᠳ ᠲᠦᠮᠡᠨ᠎ᠡᠴᠡ ᠢᠷᠡᠯᠲᠡ᠎ᠲᠠᠢ᠂ ᠠᠷᠠᠳ ᠲᠦᠮᠡᠨ᠎ᠦ ᠲᠥᠯᠥᠭᠡ᠂ ᠠᠷᠠᠳ ᠲᠦᠮᠡᠨ᠎ᠦ ᠬᠢ ᠶᠤᠮ᠂ ᠨᠡᠢᠭᠡᠮ ᠵᠢᠷᠤᠮ᠎ᠤᠨ ᠤᠳᠬ᠎ᠠ ᠤᠷᠠᠯᠢᠭ᠋᠎ᠤᠨ ᠦᠨᠳᠦᠰᠦᠨ ᠵᠣᠭᠰᠣᠯᠲᠠ ᠮᠥᠨ᠂ ᠪᠠᠰᠠ ᠴᠤ᠌ ᠨᠡᠢᠭᠡᠮ ᠵᠢᠷᠤᠮ᠎ᠤᠨ ᠤᠳᠬ᠎ᠠ ᠤᠷᠠᠯᠢᠭ᠋᠎ᠤᠨ ᠴᠡᠴᠡᠭᠯᠡᠯ ᠬᠥᠭᠵᠢᠯᠲᠡ᠎ᠶᠢᠨ ᠬᠥᠳᠡᠯᠭᠡᠬᠦ ᠬᠦᠴᠦᠨ᠎ᠦ ᠮᠥᠨ》 ᠠᠷᠠᠳ ᠲᠦᠮᠡᠨ᠎ᠦ ᠵᠣᠭᠰᠣᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠵᠣᠷᠢᠯᠲᠠ ᠪᠠ ᠲᠤᠰᠤᠯᠲᠠ ᠮᠥᠨ᠂ 《ᠠᠷᠠᠳ ᠲᠦᠮᠡᠨ᠎ᠢᠶᠡᠷ ᠭᠣᠣᠯ ᠪᠣᠯᠭᠠᠬᠤ》 ᠬᠥᠭᠵᠢᠯᠲᠡ᠎ᠶᠢᠨ ᠦᠵᠡᠯ ᠰᠠᠨᠠᠭᠠᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠦᠢᠯᠡᠰ᠎ᠲᠡᠬᠢ ᠪᠣᠳᠠᠲᠠᠢ ᠢᠯᠡᠷᠡᠯ ᠮᠥᠨ᠂ ᠲᠡᠷᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠢᠨᠵᠢ ᠴᠢᠨᠠᠷ ᠵᠣᠷᠢᠯᠲᠠ ᠪᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠢᠯᠡᠷᠡᠭᠦᠯᠵᠦ ᠪᠠᠢᠨ᠎ᠠ ᠭᠡᠵᠦ ᠵᠢᠭᠠᠵᠤ ᠭᠠᠷᠭᠠᠪᠠ᠃ ᠶᠡᠷᠦᠩᠬᠡᠢᠯᠡᠪᠡᠯ᠂ ᠨᠠᠮ᠎ᠤᠨ ᠰᠣᠶᠣᠯ᠎ᠤᠨ ᠤᠳᠤᠷᠢᠳᠬᠤ ᠡᠷᠬᠡ ᠨᠢ 《ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠬᠤ》᠎ᠪᠠᠷ ᠦᠷᠳᠡᠭ᠎ᠦᠨ ᠬᠠᠷᠢᠶᠠᠯᠠᠯ ᠪᠣᠯᠭᠠᠬᠤ ᠬᠡᠷᠡᠭᠲᠡᠢ᠃
《ᠬᠣᠶᠠᠷ᠎ᠢ ᠤᠶᠠᠯᠳᠤᠭᠤᠯᠬᠤ》ᠵᠢ ᠪᠠᠷᠢᠮᠲᠠᠯᠠᠵᠤ᠂ ᠳᠤᠮᠳᠠᠳᠤ᠎ᠶᠢᠨ ᠰᠣᠶᠣᠯ᠎ᠤᠨ ᠰᠤᠳᠠᠰᠤ᠎ᠶᠢ ᠦᠷᠭᠦᠯᠵᠢᠯᠡᠭᠦᠯᠦᠶ᠎ᠡ
ᠨᠢᠭᠡ᠎ᠳᠦ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠪᠡᠶᠡᠴᠢ ᠴᠣᠭᠴᠠᠲᠤ ᠴᠢᠨᠠᠷ᠎ᠢ ᠥᠨᠳᠥᠷ ᠮᠠᠨᠳᠤᠭᠤᠯᠬᠤ ᠬᠡᠷᠡᠭᠲᠠᠢ᠃ ᠶᠡᠷᠦᠩᠬᠡᠢ ᠱᠦᠵᠢ ᠰᠢ ᠵᠢᠨ ᠫᠢᠩ᠄ 《ᠲᠠᠪᠤᠨ ᠮᠢᠩᠭ᠎ᠠ ᠭᠠᠷᠤᠢ ᠵᠢᠯ᠎ᠦᠨ ᠳᠤᠮᠳᠠᠳᠤ᠎ᠶᠢᠨ ᠪᠣᠯᠪᠠᠰᠤᠨ᠎ᠤ ᠭᠦᠨ ᠵᠤᠵᠠᠭᠠᠨ ᠰᠠᠭᠤᠷᠢᠨ ᠳᠡᠭᠡᠷ᠎ᠡ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠨᠡᠭᠡᠭᠡᠨ ᠬᠥᠭᠵᠢᠭᠦᠯᠵᠦ᠂ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠌᠎ᠶᠢ ᠳᠤᠮᠳᠠᠳᠤ ᠤᠯᠤᠰ᠎ᠤᠨ ᠪᠣᠳᠠᠲᠤ ᠪᠠᠢᠳᠠᠯ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠪᠣᠯ ᠵᠠᠢᠯᠠᠰᠢ ᠦᠭᠡᠢ ᠶᠠᠪᠤᠬᠤ ᠵᠠᠮ ᠮᠥᠨ᠂ ᠡᠨᠡ ᠪᠣᠯ ᠪᠢᠳᠡᠨ᠎ᠦ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠵᠠᠮ᠎ᠢ ᠬᠠᠢᠨ ᠰᠦᠪᠡᠭᠴᠢᠯᠡᠬᠦ ᠳᠤᠮᠳᠠ᠎ᠠᠴᠠ ᠣᠯᠣᠭᠰᠠᠨ ᠵᠢᠮ᠎ᠡ ᠶᠣᠰᠣᠴᠢ ᠴᠢᠨᠠᠷᠲᠠᠢ ᠲᠠᠨᠢᠯᠲᠠ ᠮᠥᠨ᠂ ᠪᠢᠳᠡᠨ᠎ᠦ ᠠᠮᠵᠢᠯᠲᠠ ᠣᠯᠣᠭᠰᠠᠨ ᠬᠠᠮᠤᠭ᠎ᠤᠨ ᠶᠡᠬᠡ ᠡᠷᠳᠡᠨᠢ ᠮᠥᠨ》 ᠤᠯᠠᠷᠢᠯ ᠬᠤᠪᠢᠰᠤᠯᠲᠠ᠎ᠶᠢ ᠥᠩᠭᠡᠷᠡᠭᠦᠯᠦᠭᠡᠳ ᠦᠯᠡᠳᠡᠭᠡᠭᠰᠡᠨ ᠳᠤᠮᠳᠠᠳᠤ᠎ᠶᠢᠨ ᠪᠣᠯᠪᠠᠰᠤᠨ᠎ᠤ ᠦᠨᠡᠲᠦ ᠡᠷᠳᠡᠨᠢ᠎ᠶᠢ ᠰᠠᠢᠲᠤᠷ ᠬᠠᠮᠠᠭᠠᠯᠠᠵᠤ᠂ ᠰᠠᠢᠲᠤᠷ ᠪᠠᠳᠠᠷᠠᠭᠤᠯᠵᠤ᠂ ᠰᠠᠢᠲᠤᠷ ᠬᠥᠭᠵᠢᠭᠦᠯᠬᠦ ᠪᠣᠯ ᠤᠳᠤ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠦᠬᠡᠲᠦ ᠬᠠᠷᠢᠭᠤᠴᠠᠯᠭ᠎ᠠ ᠪᠠ ᠠᠷᠢᠭᠤᠨ ᠲᠠᠷᠬᠠᠨ ᠡᠭᠦᠷᠭᠡ ᠮᠥᠨ ᠭᠡᠵᠦ ᠴᠢᠬᠤᠯᠠᠴᠢᠯᠠᠪᠠ᠃
ᠬᠣᠶᠠᠷ᠎ᠲᠤ᠂ ᠡᠷᠲᠡᠨ᠎ᠦ ᠬᠢ᠎ᠶᠢ ᠡᠳᠦᠭᠡ᠎ᠳᠦ ᠦᠢᠯᠡᠴᠢᠯᠡᠭᠦᠯᠵᠦ᠂ ᠬᠠᠭᠤᠴᠢᠨ᠎ᠢ ᠤᠷᠬᠢᠵᠦ ᠰᠢᠨ᠎ᠡ᠎ᠶᠢ ᠭᠠᠷᠭᠠᠬᠤ᠎ᠶᠢ ᠪᠠᠷᠢᠮᠲᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠰᠣᠶᠣᠯ᠎ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠳᠠᠭᠠᠨ᠄ 《〈ᠬᠣᠶᠠᠳᠤᠭᠠᠷ ᠤᠶᠠᠯᠳᠤᠯ〉 ᠪᠣᠯ ᠪᠠᠰᠠ ᠨᠢᠭᠡ ᠤᠳᠠᠭ᠎ᠠ᠎ᠶᠢᠨ ᠦᠵᠡᠯ ᠰᠠᠨᠠᠭᠠᠨ᠎ᠤ ᠴᠢᠯᠦᠭᠡᠯᠡᠯᠲᠡ ᠮᠥᠨ》᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ᠎ᠶᠢ ᠡᠭᠦᠳᠬᠦ ᠴᠢᠨᠠᠷᠲᠠᠢ ᠬᠥᠭᠵᠢᠭᠦᠯᠦᠯᠲᠡ᠎ᠶᠢ ᠪᠠᠷᠢᠮᠲᠠᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠶᠤᠨ ᠰᠠᠨᠠᠭᠠᠨ᠎ᠤ ᠠᠭᠤᠯᠤᠭᠳᠠᠬᠤᠨ᠎ᠢ ᠭᠦᠨᠵᠡᠭᠡᠢ ᠠᠭᠤᠳᠠᠯᠤᠨ ᠲᠠᠢᠯᠪᠤᠷᠢᠯᠠᠵᠤ᠂ ᠮᠠᠷᠺᠰ᠎ᠤᠨ ᠦᠵᠡᠯ᠎ᠢᠶᠡᠷ ᠳᠤᠮᠳᠠᠳᠤ᠎ᠶᠢᠨ ᠤᠯᠠᠮᠵᠢᠯᠠᠯᠲᠤ ᠰᠣᠶᠣᠯ᠎ᠤᠨ ᠰᠢᠯᠢᠳᠡᠭ ᠡᠯᠧᠮᠧᠨ᠋ᠲ᠎ᠢ ᠬᠥᠭᠵᠢᠭᠡᠬᠦ᠎ᠶᠢᠨ ᠬᠠᠮᠲᠤ ᠲᠡᠭᠦᠨ᠎ᠳᠦ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ ᠣᠯᠭᠣᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠰᠣᠶᠣᠯ᠎ᠢ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠭᠤᠷᠪᠠ᠎ᠳᠤ᠂ ᠬᠠᠮᠠᠭᠠᠯᠠᠬᠤ᠎ᠶᠢ ᠲᠡᠷᠢᠭᠦᠨ᠎ᠳᠦ ᠲᠠᠯᠪᠢᠵᠤ᠂ ᠵᠦᠢ ᠵᠣᠬᠢᠰᠲᠠᠢ ᠠᠰᠢᠭ᠍ᠯᠠᠬᠤ ᠵᠠᠷᠴᠢᠮ᠎ᠢ ᠪᠠᠷᠢᠮᠲᠠᠯᠠᠬᠤ ᠬᠡᠷᠡᠭᠲᠠᠢ᠃ ᠣᠳᠣᠬᠠᠨ᠎ᠳᠤ ᠰᠣᠶᠣᠯ᠎ᠤᠨ ᠥᠪ᠎ᠢ ᠬᠠᠮᠠᠭᠠᠯᠠᠵᠤ ᠤᠯᠠᠮᠵᠢᠯᠠᠬᠤ ᠠᠵᠢᠯ᠎ᠳᠤ ᠰᠢᠨ᠎ᠡ ᠥᠷᠢᠰᠦᠯᠳᠦᠭᠡᠨ ᠲᠤᠯᠭᠠᠷᠠᠵᠤ ᠪᠤᠢ᠂ 《ᠬᠠᠮᠠᠭᠠᠯᠠᠬᠤ ᠨᠢ ᠡᠭᠦᠷᠢᠳᠡ ᠲᠡᠷᠢᠭᠦᠨ ᠴᠢᠬᠤᠯᠠ ᠶᠤᠮ》᠃ ᠰᠣᠶᠣᠯ᠎ᠤᠨ ᠥᠪ᠎ᠦᠨ ᠰᠢᠰᠲᠧᠮᠲᠦ ᠬᠠᠮᠠᠭᠠᠯᠠᠯᠲᠠ ᠪᠣᠯᠣᠨ ᠨᠢᠭᠡᠳᠦᠯᠲᠡᠢ ᠬᠢᠨᠠᠯᠲᠠ ᠬᠠᠮᠢᠶᠠᠷᠤᠯᠲᠠ᠎ᠶᠢ ᠠᠬᠢᠭᠤᠯᠬᠤ ᠬᠡᠷᠡᠭᠲᠡᠢ; ᠨᠢᠭᠡ ᠵᠢᠷᠤᠭ ᠲᠥᠰᠥᠪ᠎ᠢ ᠰᠠᠢᠲᠤᠷ ᠵᠢᠷᠤᠭᠯᠠᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠂ ᠲᠡᠦᠬᠡ᠎ᠶᠢᠨ ᠬᠤᠳᠠ ᠲᠣᠭᠣᠷᠢᠭ᠋᠂ ᠤᠯᠠᠮᠵᠢᠯᠠᠯᠲᠤ ᠠᠢᠯ ᠲᠣᠰᠬᠣᠨ᠂ ᠰᠣᠶᠣᠯ᠎ᠤᠨ ᠬᠣᠩᠭᠢᠯ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠤᠨ᠎ᠠ; ᠰᠣᠶᠣᠯ᠎ᠤᠨ ᠥᠪ᠎ᠦᠨ ᠲᠣᠮᠣ᠌ ᠳ᠋ᠠᠢᠲ᠋ᠠ᠎ᠶᠢᠨ ᠲᠠᠪᠴᠠᠩ᠎ᠢ ᠪᠠᠢᠭᠤᠯᠵᠤ᠂ 《ᠶᠡᠬᠡ ᠬᠠᠮᠠᠭᠠᠯᠠᠯᠲᠠ᠎ᠶᠢᠨ ᠰᠢᠰᠲᠧᠮ》 ᠳᠣᠣᠷ᠎ᠠ ᠰᠣᠶᠣᠯ᠎ᠤᠨ ᠥᠪ᠎ᠦᠨ ᠬᠥᠳᠡᠯᠦᠩᠭᠦᠢ ᠬᠠᠮᠢᠶᠠᠷᠤᠯᠲᠠ ᠪᠠ ᠬᠠᠮᠠᠭᠠᠯᠠᠯᠲᠠ ᠤᠯᠠᠮᠵᠢᠯᠠᠯ᠎ᠢ ᠦᠷᠭᠦᠯᠵᠢᠯᠡᠨ ᠠᠬᠢᠭᠤᠯᠤᠨ᠎ᠠ᠃
ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠪᠦᠬᠦ ᠦᠨᠳᠦᠰᠦᠲᠡᠨ᠎ᠦ ᠰᠢᠨ᠎ᠡ᠎ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠶᠠ
ᠨᠢᠭᠡ᠎ᠳᠦ᠂ ᠰᠣᠶᠣᠯ᠎ᠤᠨ ᠪᠠᠢᠭᠤᠯᠤᠯ᠎ᠤᠨ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠤᠬᠠᠮᠰᠠᠷ᠎ᠢ ᠴᠢᠩᠭᠠᠳᠬᠠᠬᠤ ᠬᠡᠷᠡᠭᠲᠠᠢ᠃ ᠪᠦᠬᠦ ᠨᠡᠢᠭᠡᠮ᠎ᠦᠨ ᠰᠢᠨ᠎ᠡ᠎ᠶᠢ ᠡᠭᠦᠳᠬᠦ ᠤᠬᠠᠮᠰᠠᠷ᠎ᠢ ᠴᠢᠩᠭᠠᠳᠬᠠᠵᠤ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠥᠭᠡᠷᠡᠴᠢᠯᠡᠯᠲᠡ᠎ᠶᠢᠨ ᠲᠡᠷᠢᠭᠦᠨ᠎ᠦ ᠣᠢᠯᠠᠭᠠᠭᠳᠠᠬᠤᠨ ᠪᠠ ᠠᠮᠵᠢᠯᠲᠠ᠎ᠲᠠᠢ ᠬᠡᠷᠡᠭ᠎ᠦᠨ ᠵᠢᠱ᠌ᠢᠶ᠎ᠡ᠎ᠶᠢ ᠥᠷᠭᠡᠨ᠎ᠢᠶᠡᠷ ᠤᠬᠠᠭᠤᠯᠵᠤ᠂ ᠤᠯᠠᠮᠵᠢᠯᠠᠯᠲᠤ ᠰᠡᠳᠬᠢᠬᠦᠢ᠎ᠶᠢᠨ ᠬᠦᠯᠢᠶᠡᠰᠦᠯᠡᠯ᠎ᠢ ᠰᠢᠪᠲᠤᠯᠵᠤ᠂ ᠵᠣᠷᠢᠭ᠍ᠲᠠᠢ᠎ᠪᠠᠷ ᠰᠢᠨ᠎ᠡ᠎ᠶᠢ ᠡᠭᠦᠳᠦᠨ ᠪᠦᠲᠦᠭᠡᠵᠦ᠂ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ᠂ ᠲᠤᠰ ᠭᠠᠵᠠᠷ ᠣᠷᠣᠨ᠂ ᠲᠤᠰ ᠬᠦᠷᠢᠶᠡᠨ᠎ᠦ᠎ᠪᠡᠨ ᠪᠣᠳᠠᠲᠤ ᠪᠠᠢᠳᠠᠯ᠎ᠳᠤ ᠨᠡᠢᠴᠡᠭᠰᠡᠨ ᠥᠭᠡᠷᠡᠴᠢᠯᠡᠯᠲᠡ᠎ᠶᠢᠨ ᠠᠷᠭ᠎ᠠ ᠵᠠᠮ᠎ᠢ ᠬᠠᠢᠨ ᠰᠦᠪᠡᠭᠴᠢᠯᠡᠬᠦ ᠬᠡᠷᠡᠭᠲᠡᠢ᠃
ᠬᠣᠶᠠᠷ᠎ᠲᠤ᠂ ᠰᠣᠶᠣᠯ᠎ᠤᠨ ᠥᠭᠡᠷᠡᠴᠢᠯᠡᠯᠲᠡ ᠬᠥᠭᠵᠢᠯᠲᠡ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠲᠡᠭᠦᠯᠳᠡᠷᠵᠢᠭᠦᠯᠬᠦ ᠬᠡᠷᠡᠭᠲᠠᠢ᠃ ᠰᠣᠶᠣᠯ᠎ᠤᠨ ᠬᠦᠷᠢᠶᠡᠨ᠎ᠳᠡᠬᠢ ᠬᠠᠤᠯᠢ ᠴᠠᠭᠠᠵᠠ ᠬᠠᠤᠯᠢ ᠲᠣᠭᠲᠠᠭᠠᠯ᠎ᠤᠨ ᠰᠢᠰᠲᠧᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠪᠣᠯ ᠰᠣᠶᠣᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠶᠢᠨ ᠴᠢᠬᠤᠯᠠ ᠰᠠᠭᠤᠷᠢ ᠮᠥᠨ᠃ ᠤᠯᠤᠰ᠎ᠤᠨ ᠥᠮᠴᠢᠯᠡᠯ᠎ᠦᠨ ᠰᠣᠶᠣᠯ᠎ᠤᠨ ᠬᠥᠷᠥᠩᠭᠡ᠎ᠳᠦ ᠴᠢᠭᠯᠡᠭᠦᠯᠦᠭᠰᠡᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠣᠬᠢᠰᠲᠠᠢ ᠲᠦᠷᠭᠡᠨ ᠲᠣᠭᠲᠠᠭᠠᠬᠤ ᠪᠠ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠦᠨ ᠰᠣᠶᠣᠯ᠎ᠤᠨ ᠬᠥᠷᠥᠩᠭᠡ᠎ᠶᠢ ᠠᠮᠤᠷ ᠲᠦᠪᠰᠢᠨ ᠥᠨᠳᠥᠷ ᠪᠦᠲᠦᠮᠵᠢᠲᠡᠢ᠎ᠪᠡᠷ ᠠᠰᠢᠭ᠍ᠯᠠᠬᠤ ᠪᠠ ᠡᠮᠬᠢ ᠵᠢᠷᠤᠮ᠎ᠲᠠᠢ ᠠᠵᠢᠯᠯᠠᠭᠤᠯᠬᠤ᠎ᠶᠢ ᠦᠨᠡᠨ ᠬᠦ᠌ ᠪᠠᠲᠤᠯᠠᠵᠤ᠂ ᠰᠣᠶᠣᠯ᠎ᠤᠨ ᠠᠵᠤ ᠦᠢᠯᠡᠰ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠳᠦ ᠪᠠᠲᠤ ᠪᠡᠬᠢ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠰᠣᠶᠣᠯ᠎ᠤᠨ ᠵᠠᠬ᠎ᠠ ᠳᠡᠯᠭᠡᠭᠦᠷ᠎ᠦᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠪᠠᠢᠭᠤᠯᠤᠮᠵᠢ᠎ᠶᠢ ᠪᠠᠢᠭᠤᠯᠤᠨ ᠪᠦᠷᠢᠨᠰᠢᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠣᠯᠣᠨ ᠲᠤᠰᠬᠠᠢᠵᠢᠭ᠍ᠰᠠᠨ ᠬᠢᠷᠢ ᠬᠡᠮᠵᠢᠶ᠎ᠡ᠎ᠪᠡᠨ ᠳᠡᠭᠡᠭᠰᠢᠯᠡᠭᠦᠯᠦᠨ᠂ ᠰᠣᠶᠣᠯ᠎ᠤᠨ ᠵᠠᠬ᠎ᠠ ᠳᠡᠯᠭᠡᠭᠦᠷ᠎ᠦᠨ ᠡᠷᠬᠡ ᠲᠡᠭᠰᠢ᠎ᠪᠡᠷ ᠥᠷᠢᠰᠦᠯᠳᠦᠬᠦ ᠡᠮᠬᠢ ᠳᠢᠭ᠌ᠯᠢᠮ ᠪᠣᠯᠣᠨ ᠬᠡᠷᠡᠭᠯᠡᠭᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ ᠬᠡᠷᠡᠭᠲᠡᠢ᠃
ᠭᠤᠷᠪᠠ᠎ᠳᠤ᠂ ᠰᠣᠶᠣᠯ᠎ᠤᠨ ᠬᠠᠮᠢᠶᠠᠷᠤᠯᠲᠠ᠎ᠶᠢᠨ ᠪᠠᠢᠭᠤᠯᠤᠯ ᠪᠠ ᠦᠢᠯᠡᠳᠪᠦᠷᠢᠯᠡᠯ ᠡᠵᠡᠩᠨᠡᠯᠲᠡ᠎ᠶᠢᠨ ᠲᠣᠭᠲᠠᠴᠠ᠎ᠶᠢ ᠪᠠᠢᠭᠤᠯᠬᠤ ᠬᠡᠷᠡᠭᠲᠠᠢ᠃ ᠡᠬᠢ ᠪᠠᠶᠠᠯᠢᠭ᠋᠎ᠢ ᠡᠮᠬᠢᠯᠡᠨ ᠨᠡᠢᠯᠡᠭᠦᠯᠵᠦ᠂ ᠪᠠᠢᠭᠤᠯᠤᠯ᠎ᠤᠨ ᠪᠠᠢᠷᠢᠯᠠᠭᠤᠯᠤᠯᠲᠠ ᠪᠣᠯᠣᠨ ᠦᠢᠯᠡᠴᠢᠯᠡᠭᠡᠨ᠎ᠦ ᠴᠤᠪᠤᠷᠠᠯ᠎ᠢ ᠰᠢᠯᠢᠳᠡᠭᠵᠢᠭᠦᠯᠦᠨ᠂ ᠰᠣᠶᠣᠯ᠎ᠤᠨ ᠪᠠᠢᠭᠤᠯᠤᠯ ᠲᠣᠭᠲᠠᠴᠠ᠎ᠶᠢᠨ ᠪᠦᠲᠦᠴᠡ᠎ᠶᠢᠨ ᠪᠠᠢᠷᠢᠯᠠᠭᠤᠯᠤᠯᠲᠠ ᠪᠣᠯᠣᠨ ᠡᠭᠦᠷᠭᠡ ᠴᠢᠳᠠᠪᠤᠷᠢ᠎ᠶᠢᠨ ᠲᠣᠬᠢᠷᠠᠭᠤᠯᠤᠯᠲᠠ᠎ᠶᠢ ᠲᠡᠭᠦᠯᠳᠡᠷᠵᠢᠭᠦᠯᠵᠦ᠂ ᠰᠣᠶᠣᠯ᠎ᠤᠨ ᠬᠠᠮᠢᠶᠠᠷᠤᠯᠲᠠ ᠬᠢᠭᠡᠳ ᠦᠢᠯᠡᠳᠪᠦᠷᠢᠯᠡᠯ ᠡᠵᠡᠩᠨᠡᠯᠲᠡ᠎ᠶᠢᠨ ᠪᠠᠢᠭᠤᠯᠤᠯ᠎ᠤᠨ ᠥᠨᠳᠥᠷ ᠦᠷ᠎ᠡ ᠪᠦᠲᠦᠮᠵᠢᠲᠡᠶ ᠶᠠᠪᠤᠭᠳᠠᠬᠤ᠎ᠶᠢ ᠦᠨᠡᠨ ᠬᠦ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠰᠤᠨᠲᠠᠯᠠᠭᠰᠠᠨ ᠵᠣᠬᠢᠴᠠᠭᠤᠯᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ᠎ᠶᠢ ᠬᠠᠮᠲᠤ ᠪᠠᠷ ᠡᠳ᠋ᠯᠡᠬᠦ ᠪᠠ ᠡᠬᠢ ᠪᠠᠶᠠᠯᠢᠭ᠋᠎ᠢ ᠨᠡᠢᠳᠭᠡᠬᠦ᠎ᠶᠢ ᠴᠢᠩᠭᠠᠳᠬᠠᠨ᠂ ᠠᠵᠢᠯ᠎ᠤᠨ ᠬᠠᠮᠳᠤᠷᠠᠯ ᠬᠦᠴᠦᠨ᠎ᠢ ᠪᠣᠶ ᠪᠣᠯᠭᠠᠬᠤ ᠬᠡᠷᠡᠭᠲᠡᠢ᠃ ᠰᠢᠯᠢᠳᠡᠭ ᠰᠣᠶᠣᠯ᠎ᠤᠨ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠰᠢᠭᠤᠳ ᠬᠦᠷᠭᠡᠬᠦ ᠲᠣᠭᠲᠠᠴᠠ᠎ᠶᠢ ᠪᠠᠢᠭᠤᠯᠵᠤ᠂ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ 《ᠡᠴᠦᠰ᠎ᠦᠨ ᠨᠢᠭᠡ ᠺᠢᠯᠤᠮᠸᠲᠷ》 ᠴᠢᠨᠠᠭᠰᠢᠯᠠᠪᠠᠯ 《ᠡᠴᠦᠰ᠎ᠦᠨ ᠨᠢᠭᠡ ᠮᠸᠲᠷ》᠎ᠤᠨ ᠠᠰᠠᠭᠤᠳᠠᠯ᠎ᠢ ᠰᠢᠢᠳᠪᠦᠷᠢᠯᠡᠵᠦ᠂ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢᠭ᠎ᠠ ᠤᠶᠤᠨ᠎ᠤ ᠰᠣᠶᠣᠯ᠎ᠤᠨ ᠬᠡᠷᠡᠭᠴᠡᠭᠡ᠎ᠶᠢ ᠬᠠᠩᠭᠠᠵᠤ᠂ ᠠᠷᠠᠳ ᠤᠯᠠᠨ᠎ᠤ ᠰᠣᠶᠣᠯ᠎ᠤᠨ ᠬᠦᠷᠲᠡᠮᠵᠢ᠎ᠶᠢᠨ ᠲᠥᠷᠥᠭᠳᠡᠯ ᠪᠣᠯᠣᠨ ᠵᠢᠷᠭᠠᠯᠲᠤ ᠲᠥᠷᠥᠭᠳᠡᠯ᠎ᠢ ᠦᠨᠡᠨᠬᠦ ᠨᠡᠮᠡᠭᠳᠡᠭᠦᠯᠬᠦ ᠬᠡᠷᠡᠭᠲᠠᠢ᠃
ᠳᠥᠷᠪᠡ᠎ᠳᠦ᠂ ᠤᠳᠤ ᠦᠶ᠎ᠡ᠎ᠶᠢᠨ ᠰᠣᠶᠣᠯ᠎ᠤᠨ ᠵᠠᠬ᠎ᠠ ᠳᠡᠯᠭᠡᠭᠦᠷ᠎ᠦᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠠᠢ᠃ ᠰᠣᠶᠣᠯ᠎ᠤᠨ ᠠᠵᠤ ᠦᠢᠯᠡᠰ᠎ᠦᠨ ᠪᠦᠲᠦᠴᠡ᠎ᠶᠢᠨ ᠲᠣᠬᠢᠷᠠᠭᠤᠯᠤᠯᠲᠠ ᠪᠣᠯᠣᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠬᠦ᠎ᠶᠢ ᠲᠦᠷᠭᠡᠳᠬᠡᠵᠦ᠂ ᠰᠣᠶᠣᠯ᠎ᠤᠨ ᠠᠵᠤ ᠦᠢᠯᠡᠰ᠎ᠦᠨ ᠳᠣᠣᠷ᠎ᠠ ᠨᠡᠮᠡᠯᠲᠡ ᠥᠷᠲᠡᠭ᠎ᠡᠴᠡ ᠥᠨᠳᠥᠷ ᠨᠡᠮᠡᠯᠲᠡ ᠥᠷᠲᠡᠭ ᠲᠡᠢᠰᠢ ᠬᠤᠪᠢᠷᠠᠬᠤ᠎ᠶᠢ ᠠᠬᠢᠭᠤᠯᠬᠤ ᠬᠡᠷᠡᠭᠲᠠᠢ᠃ ᠵᠠᠬ᠎ᠠ ᠳᠡᠯᠭᠡᠭᠦᠷ᠎ᠦᠨ ᠬᠡᠷᠡᠭᠴᠡᠭᠡ ᠪᠣᠯᠣᠨ ᠬᠡᠷᠡᠭᠯᠡᠭᠡ ᠵᠢᠨ ᠬᠠᠨᠳᠤᠰᠢ᠎ᠶᠢ ᠭᠦᠨᠵᠡᠭᠡᠢ ᠵᠠᠳᠠᠯᠵᠤ᠂ ᠰᠣᠶᠣᠯ᠎ᠤᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠶᠠᠯᠢᠭ᠍ᠵᠢᠭᠤᠯᠤᠨ᠂ ᠰᠣᠶᠣᠯ᠎ᠤᠨ ᠬᠡᠷᠡᠭᠯᠡᠭᠡ᠎ᠶᠢ ᠬᠥᠲᠥᠯᠥᠨ ᠵᠢᠯᠤᠭᠣᠳᠬᠤ ᠪᠠ ᠪᠣᠢᠵᠢᠭᠤᠯᠬᠤ᠎ᠶᠢ ᠴᠢᠩᠭᠠᠳᠬᠠᠵᠤ᠂ ᠰᠣᠶᠣᠯ ᠪᠣᠯᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠭᠤᠰᠤᠯᠴᠠᠯ᠎ᠤᠨ ᠪᠦᠲᠦᠮᠵᠢᠲᠡᠶ ᠲᠣᠭᠲᠠᠴᠠ᠎ᠶᠢ ᠬᠠᠢᠨ ᠰᠦᠪᠡᠭᠴᠢᠯᠡᠵᠦ᠂ ᠰᠢᠨ᠎ᠡ ᠮᠠᠶᠢᠭ᠋᠎ᠤᠨ ᠰᠣᠶᠣᠯ᠎ᠤᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠢ ᠲᠦᠷᠭᠡᠳᠬᠡᠨ ᠬᠥᠭᠵᠢᠭᠦᠯᠵᠦ᠂ ᠰᠣᠶᠣᠯ᠎ᠤᠨ ᠠᠵᠤ ᠦᠢᠯᠡᠰ ᠪᠣᠯᠣᠨ ᠮᠥᠩᠭᠥᠨ ᠭᠦᠢᠯᠭᠡᠭᠡᠨ᠎ᠦ ᠦᠢᠯᠡᠰ᠎ᠦᠨ ᠭᠦᠨᠵᠡᠭᠡᠢ ᠬᠠᠮᠲᠤᠷᠠᠯᠴᠠᠭ᠎ᠠ᠎ᠶᠢ ᠠᠬᠢᠭᠤᠯᠤᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠪᠣᠯᠣᠨ ᠬᠠᠤᠯᠢ᠎ᠪᠠᠷ ᠵᠠᠰᠠᠬᠤ ᠪᠠᠢᠭᠤᠯᠤᠯᠲᠠ᠎ᠶᠢ ᠴᠢᠩᠭᠠᠳᠬᠠᠵᠤ᠂ ᠡᠷᠬᠡ᠎ᠳᠦ ᠬᠠᠯᠳᠠᠨ ᠬᠡᠪᠯᠡᠯ ᠬᠤᠯᠠᠭᠠᠢᠯᠠᠬᠤ᠂ ᠬᠤᠳᠠᠯ ᠬᠠᠭᠤᠷᠮᠠᠭ᠎ᠢᠶᠠᠷ ᠤᠬᠠᠭᠤᠯᠬᠤ ᠵᠡᠷᠭᠡ ᠬᠠᠤᠯᠢ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠰᠣᠶᠣᠯ᠎ᠤᠨ ᠵᠠᠬ᠎ᠠ ᠳᠡᠯᠭᠡᠭᠦᠷ᠎ᠦᠨ ᠡᠷᠬᠡ ᠲᠡᠭᠰᠢ᠎ᠪᠡᠷ ᠥᠷᠢᠰᠦᠯᠳᠦᠬᠦ ᠡᠮᠬᠢ ᠳᠢᠭ᠌ᠯᠢᠮ᠎ᠢ ᠬᠠᠮᠠᠭᠠᠯᠠᠬᠤ ᠬᠡᠷᠡᠭᠲᠠᠢ᠃
ᠪᠣᠯᠪᠠᠰᠤᠨ᠎ᠤ ᠰᠣᠯᠢᠯᠴᠠᠭ᠎ᠠ ᠲᠣᠯᠢᠯᠠᠯ᠎ᠢ ᠭᠦᠨᠵᠡᠭᠡᠢᠷᠡᠭᠦᠯᠵᠦ᠂ ᠳᠤᠮᠳᠠᠳᠤ᠎ᠶᠢᠨ ᠪᠣᠯᠪᠠᠰᠤᠨ᠎ᠤ ᠤᠯᠠᠮᠵᠢᠯᠠᠨ ᠳᠡᠯᠭᠡᠷᠡᠭᠦᠯᠬᠦ ᠬᠦᠴᠦᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠶᠠ
ᠨᠢᠭᠡ᠎ᠳᠦ᠂ ᠭᠠᠳᠠᠭᠠᠳᠤ ᠳᠠᠮᠵᠢᠭᠤᠯᠭ᠎ᠠ᠎ᠶᠢᠨ ᠪᠠᠢᠷᠢᠰᠢᠯ᠎ᠢ ᠳᠠᠬᠢᠨ ᠪᠤᠢ ᠪᠣᠯᠭᠠᠶ᠎ᠠ᠃ ᠤᠯᠠᠨ ᠠᠷᠭ᠎ᠠ ᠵᠠᠮ᠂ ᠪᠣᠰᠣᠭ᠎ᠠ ᠴᠣᠭᠴᠠᠲᠤ ᠬᠡᠯᠪᠡᠷᠢ᠎ᠵᠢᠨ ᠭᠠᠳᠠᠭᠠᠳᠤ ᠳᠠᠮᠵᠢᠭᠤᠯᠭ᠎ᠠ᠎ᠶᠢᠨ ᠪᠠᠢᠷᠢᠰᠢᠯ᠎ᠢ ᠬᠦᠴᠦᠯᠡᠨ ᠪᠠᠢᠭᠤᠯᠤᠨ᠎ᠠ᠂ ᠲᠡᠭᠦᠨ᠎ᠦ ᠮᠥᠨ ᠴᠢᠨᠠᠷ ᠨᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠠᠬᠢᠴᠠ ᠳᠤᠮᠳᠠᠬᠢ ᠤᠯᠠᠨ ᠤᠯᠤᠰ᠎ᠤᠨ ᠳᠠᠮᠵᠢᠭᠤᠯᠭ᠎ᠠ᠎ᠶᠢᠨ ᠬᠡᠪ ᠵᠠᠭᠪᠤᠷ᠎ᠤᠨ ᠰᠢᠰᠲᠧᠮᠲᠦ ᠴᠢᠨᠠᠷᠲᠠᠢ ᠬᠡᠯᠪᠡᠷᠢ ᠪᠣᠯᠣᠨ᠎ᠠ᠂ ᠦᠢᠯᠡᠳᠦᠯᠭᠡ᠎ᠶᠢᠨ ᠳᠤᠮᠳᠠ ᠰᠢᠰᠲᠧᠮᠲᠦ ᠴᠢᠨᠠᠷᠲᠠᠢ᠎ᠪᠠᠷ ᠠᠬᠢᠭᠤᠯᠬᠤ ᠬᠡᠷᠡᠭᠲᠡᠢ᠂ ᠡᠨᠡ ᠨᠢ 《ᠳᠤᠮᠳᠠᠳᠤ ᠤᠯᠤᠰ᠎ᠤᠨ ᠰᠦᠷᠳᠡᠭᠦᠯᠦᠯ᠎ᠦᠨ ᠤᠨᠤᠯ》 ᠵᠡᠷᠭᠡ ᠮᠠᠭᠤᠱᠢᠶᠠᠭᠰᠠᠨ ᠭᠦᠦᠷᠨᠢᠯ ᠢ ᠬᠤᠪᠢᠷᠠᠭᠤᠯᠵᠤ᠂ ᠤᠯᠠᠨ ᠤᠯᠤᠰ᠎ᠤᠨ ᠵᠦᠪ ᠵᠢᠡᠷ ᠲᠠᠨᠢᠬᠤᠲᠠᠨᠢᠯᠲᠠ ᠵᠢ ᠳᠡᠭᠡᠭᠰᠢᠯᠡᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃
ᠬᠣᠶᠠᠷ᠎ᠲᠤ᠂ ᠪᠣᠯᠪᠠᠰᠤᠨ᠎ᠤ ᠶᠠᠷᠢᠯᠴᠠᠭ᠎ᠠ ᠰᠣᠯᠢᠯᠴᠠᠭᠠᠨ᠎ᠤ ᠲᠣᠭᠲᠠᠴᠠ᠎ᠶᠢ ᠬᠠᠢᠨ ᠰᠦᠪᠡᠭᠴᠢᠯᠡᠶ᠎ᠠ᠃ ᠣᠯᠠᠨ ᠬᠡᠪᠴᠢᠶᠡᠲᠦ ᠳᠠᠮᠵᠢᠭᠤᠯᠭ᠎ᠠ᠎ᠶᠢᠨ ᠰᠣᠶᠣᠯ᠎ᠤᠨ ᠬᠠᠮᠲᠤ᠎ᠶᠢᠨ ᠴᠣᠭᠴᠠᠯᠠᠯᠲᠠ ᠪᠠ ᠳᠠᠬᠢᠨ ᠴᠣᠭᠴᠠᠯᠠᠯᠲᠠ᠎ᠳᠤ ᠦᠵᠡᠭᠦᠯᠬᠦ ᠦᠢᠯᠡᠳᠦᠯ᠎ᠦᠨ ᠲᠣᠭᠲᠠᠴᠠ᠎ᠶᠢ ᠰᠦᠪᠡᠭᠴᠢᠯᠡᠵᠦ᠂ ᠣᠶᠤᠨᠴᠢ ᠴᠣᠭᠴᠠ᠎ᠶᠢᠨ ᠰᠣᠶᠣᠯ ᠰᠤᠨᠳᠠᠯᠠᠭᠰᠠᠨ ᠰᠣᠯᠢᠯᠴᠠᠭ᠎ᠠ᠎ᠶᠢ ᠠᠬᠢᠭᠤᠯᠬᠤ; ᠬᠡᠷᠬᠢᠨ ᠵᠣᠬᠢᠶᠠᠮᠠᠯ ᠤᠶᠤᠨ ᠴᠢᠳᠠᠪᠤᠷᠢ ᠪᠠ ᠲᠣᠮᠣ᠌ ᠳ᠋ᠠᠢᠲ᠋ᠠ ᠵᠡᠷᠭᠡ ᠰᠢᠨ᠎ᠡ᠎ᠪᠡᠷ ᠬᠥᠭᠵᠢᠭᠰᠡᠨ ᠮᠡᠷᠭᠡᠵᠢᠯ᠎ᠢ ᠠᠰᠢᠭ᠍ᠯᠠᠨ ᠪᠣᠯᠪᠠᠰᠤᠨ᠎ᠤ ᠬᠣᠭᠣᠷᠣᠨᠳᠣᠬᠢ ᠰᠣᠯᠢᠯᠴᠠᠭᠠᠨ᠎ᠤ ᠲᠣᠭᠲᠠᠴᠠ᠎ᠶᠢ ᠪᠠᠶ᠋ᠢᠭᠤᠯᠬᠤ᠎ᠶᠢ ᠰᠦᠪᠡᠭᠴᠢᠯᠡᠵᠦ᠂ ᠰᠣᠶᠣᠯ ᠰᠤᠨᠳᠠᠯᠠᠭᠰᠠᠨ ᠣᠢᠯᠠᠭᠠᠯᠲᠠ ᠪᠠ ᠬᠠᠮᠲᠤᠷᠠᠯᠴᠠᠭ᠎ᠠ᠎ᠶᠢ ᠴᠢᠩᠭᠠᠳᠬᠠᠬᠤ ᠵᠡᠷᠭᠡ ᠪᠣᠯᠣᠨ᠎ᠠ᠃
ᠭᠤᠷᠪᠠ᠎ᠳᠤ᠂ ᠤᠯᠠᠨ ᠤᠯᠤᠰ᠎ᠤᠨ ᠳᠠᠮᠵᠢᠭᠤᠯᠭ᠎ᠠ᠎ᠶᠢᠨ ᠰᠢᠰᠲᠧᠮ᠎ᠢ ᠪᠠᠢᠭᠤᠯᠤᠶ᠎ᠠ᠃ ᠰᠣᠶᠣᠯ᠎ᠤᠨ ᠬᠦᠴᠦᠷᠬᠡᠭ ᠤᠯᠤᠰ᠎ᠤᠨ ᠮᠥᠨ ᠴᠢᠨᠠᠷ ᠨᠢ ᠤᠯᠤᠰ᠎ᠤᠨ ᠳᠣᠲᠣᠭᠠᠳᠤ᠎ᠶᠢᠨ ᠰᠣᠶᠣᠯ᠎ᠤᠨ ᠴᠡᠴᠡᠭᠯᠡᠯ ᠬᠥᠭᠵᠢᠯᠳᠦ ᠪᠠᠢᠬᠤ᠎ᠪᠠᠷ ᠪᠠᠷᠠᠬᠤ ᠦᠭᠡᠢ ᠨᠡᠩ ᠴᠤ᠌ ᠳᠤᠮᠳᠠᠳᠤ᠎ᠶᠢᠨ ᠰᠣᠶᠣᠯ᠎ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠲᠠᠲᠠᠬᠤ ᠬᠦᠴᠦᠨ᠎ᠳᠦ ᠪᠠᠢᠨ᠎ᠠ᠃ ᠡᠢᠮᠦ᠎ᠡᠴᠡ᠂ ᠨᠢᠭᠡ ᠲᠠᠯ᠎ᠠ᠎ᠪᠠᠷ᠂ ᠬᠣᠷᠸ᠎ᠠ᠂ ᠬᠤᠮᠠᠬᠢ ᠪᠠ ᠪᠣᠳᠠᠭᠠᠯᠢ ᠪᠡᠶ᠎ᠡ ᠵᠡᠷᠭᠡ᠎ᠶᠢ ᠬᠠᠮᠤᠷᠤᠭᠰᠠᠨ ᠤᠯᠠᠨ ᠲᠦᠷᠦᠯ᠂ ᠤᠯᠠᠨ ᠲᠡᠰ ᠳᠠᠪᠬᠤᠷᠭ᠎ᠠ ᠪᠦᠬᠦᠢ ᠬᠦᠦᠷᠨᠢᠨ ᠲᠣᠭᠠᠴᠢᠬᠤ ᠰᠢᠰᠲᠧᠮ᠎ᠢ ᠪᠠᠢᠭᠤᠯᠵᠤ᠂ ᠳᠠᠮᠵᠢᠭᠤᠯᠬᠤ ᠵᠥᠪᠯᠡᠬᠦ ᠰᠡᠳᠦᠪ᠎ᠢ ᠠᠯᠢ ᠴᠢᠳᠠᠬᠤ᠎ᠪᠠᠷ ᠤᠯᠠᠨ ᠪᠡᠶᠡᠴᠢ ᠴᠣᠭᠴᠠ᠎ᠳᠤ ᠬᠠᠮᠤᠷᠤᠭᠤᠯᠵᠤ᠂ 《ᠳᠤᠮᠳᠠᠳᠤ ᠤᠯᠤᠰ᠎ᠤᠨ ᠦᠯᠢᠭᠡᠷ》᠎ᠦᠨ ᠲᠠᠲᠠᠬᠤ ᠬᠦᠴᠦᠨ ᠪᠠ ᠬᠦᠯᠢᠶᠡᠨ ᠠᠪᠤᠭ᠍ᠴᠢᠳ᠎ᠤᠨ ᠬᠦᠯᠢᠶᠡᠨ ᠠᠪᠬᠤ ᠨᠤᠷᠮ᠎ᠠ᠎ᠶᠢ ᠳᠡᠭᠡᠭᠰᠢᠯᠡᠭᠦᠯᠬᠦ ᠬᠡᠷᠡᠭᠲᠡᠢ᠃ ᠨᠦᠬᠦᠬᠡ ᠲᠠᠯ᠎ᠠ᠎ᠪᠠᠷ᠂ ᠰᠣᠶᠣᠯ ᠰᠤᠨᠳᠠᠯᠠᠭᠰᠠᠨ ᠢᠯᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ 《ᠳᠡᠯᠡᠬᠡᠢᠴᠢᠯᠡᠭᠰᠡᠨ ᠦᠭᠡ ᠬᠡᠯᠡ ᠪᠣᠯᠣᠨ ᠠᠷᠭ᠎ᠠ ᠬᠡᠯᠪᠡᠷᠢ᠎ᠪᠡᠷ ᠳᠤᠮᠳᠠᠳᠤ ᠤᠯᠤᠰ᠎ᠤᠨ ᠦᠯᠢᠬᠡᠷ᠎ᠢ ᠰᠠᠢᠲᠤᠷ ᠶᠠᠷᠢᠵᠤ᠂ ᠳᠤᠮᠳᠠᠳᠤ ᠭᠠᠳᠠᠭᠠᠳᠤ᠎ᠶᠢ ᠠᠭᠤᠰᠤᠯᠴᠠᠭᠤᠯᠤᠨ᠂ ᠡᠷᠲᠡᠨ ᠡᠳᠦᠭᠡ᠎ᠶᠢ ᠨᠠᠪᠲᠠᠷᠡᠭᠦᠯᠵᠦ᠂ ᠳᠡᠯᠡᠬᠡᠢ ᠳ᠋ᠠᠬᠢᠨ᠎ᠳᠤ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠢ ᠨᠡᠩ ᠰᠠᠢᠲᠤᠷ ᠲᠠᠨᠢᠭᠤᠯᠬᠤ ᠬᠡᠷᠡᠭᠲᠡᠢ》᠃ ᠳᠤᠮᠳᠠᠳᠤ ᠤᠯᠤᠰ᠎ᠤᠨ ᠵᠣᠭᠰᠣᠯᠲᠠ᠎ᠶᠢ ᠣᠨᠣᠪᠴᠢᠲᠠᠶ ᠤᠯᠠᠮᠵᠢᠯᠠᠭᠰᠠᠨ ᠰᠠᠭᠤᠷᠢᠨ ᠳᠡᠭᠡᠷ᠎ᠡ᠂ ᠠᠳᠠᠯᠢ ᠪᠤᠰᠤ ᠤᠯᠤᠰ ᠪᠠ ᠭᠠᠵᠠᠷ ᠣᠷᠣᠨ᠎ᠤ ᠭᠥᠯᠢᠶᠡᠨ ᠠᠪᠤᠭ᠍ᠴᠢᠳ᠎ᠤᠨ ᠰᠣᠶᠣᠯ᠎ᠤᠨ ᠠᠬᠤᠢ ᠪᠠᠢᠳᠠᠯ᠂ ᠲᠠᠨᠢᠨ ᠮᠡᠳᠡᠬᠦᠢ᠎ᠶᠢᠨ ᠳᠠᠳᠬᠠᠯ ᠪᠠ ᠮᠡᠳᠡᠭᠡ ᠵᠠᠩᠭᠢ᠎ᠶᠢᠨ ᠬᠡᠷᠡᠭᠴᠡᠭᠡ ᠱᠠᠭᠠᠷᠳᠠᠯᠭ᠎ᠠ᠎ᠳᠤ ᠴᠢᠭᠯᠡᠭᠦᠯᠦᠨ᠂ ᠵᠦᠷᠢᠶᠡᠴᠢᠯᠡᠭᠰᠡᠨ ᠦᠭᠡ ᠬᠡᠯᠡ᠎ᠪᠡᠷ ᠤᠯᠠᠮᠵᠢᠯᠠᠬᠤ ᠪᠠ ᠬᠦᠦᠷᠨᠢᠬᠦ ᠠᠷᠭ᠎ᠠ ᠪᠣᠳᠣᠯᠭ᠎ᠠ᠎ᠶᠢ ᠬᠡᠷᠡᠭᠵᠢᠭᠦᠯᠬᠦ ᠬᠡᠷᠡᠭᠲᠠᠢ᠃
(ᠵᠤᠬᠢᠶᠠᠭᠴᠢ ᠵᠢᠨ ᠬᠠᠶᠢᠭ᠄ ᠲᠢᠶᠠᠨᠵᠢᠨ ᠬᠣᠲᠠ᠎ᠶᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠰᠣᠶᠣᠯ ᠲᠡᠦᠬᠡ ᠵᠢᠭᠠᠨ ᠰᠤᠳᠤᠯᠬᠤ ᠬᠡᠯᠲᠡᠰ)