ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠴᠠᠭ ᠦᠶ᠎ᠡ᠎ᠶᠢᠨ ᠦᠷᠲᠡᠭ᠎ᠢ ᠭᠦᠢᠴᠡᠳ ᠳᠠᠨᠢᠶ᠎ᠠ
2025-12-26 10:06:56
ᠵᠣᠬᠢᠶᠠᠭ᠍ᠴᠢ᠄
ᠬᠣᠣᠰᠪᠠᠶᠠᠷ
ᠣᠩᠱᠢᠭ᠍ᠰᠠᠨ ᠣᠳᠠᠭ᠎ᠠ᠄
★★★☆☆

2025 ᠣᠨ᠎ᠤ 11 ᠰᠠᠷ᠎ᠠ᠎ᠶᠢᠨ 9 ᠎ᠤ᠋ ᠡᠳᠦᠷ᠎ᠡᠴᠡ 21᠎ᠤ᠋ ᠡᠳᠦᠷ ᠪᠣᠯᠲᠠᠯ᠎ᠠ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠲᠠᠪᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨ ᠭᠤᠸᠠᠩᠳᠦ᠋ᠩ᠂ ᠰᠢᠶᠠᠩᠭᠠᠩ᠂ ᠣᠣᠮᠧᠨ ᠭᠤᠷᠪᠠᠨ ᠭᠠᠵᠠᠷ ᠲᠤ᠌ ᠶᠠᠪᠤᠭᠳᠠᠪᠠ᠃ ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠨᠢ ᠬᠠᠮᠤᠭ ᠤ᠋ᠨ ᠠᠩᠬ᠎ᠠ1959 ᠣᠨ᠎ᠤ 9 ᠰᠠᠷ᠎ᠠ᠎ᠶᠢᠨ13᠎ᠡᠴᠡ10 ᠰᠠᠷ᠎ᠠ᠎ᠶᠢᠨ 3᠎ᠤ᠋ ᠡᠳᠦᠷ ᠪᠡᠭᠡᠵᠢᠩ ᠬᠣᠲᠠ᠎ᠳᠤ ᠶᠠᠪᠣᠭᠳᠠᠭᠰᠠᠨ ᠡᠴᠡ ᠨᠠᠭᠠᠰᠢ᠂ ᠣᠲᠣ᠌ ᠪᠤᠯᠳᠠᠯᠠᠬᠢ 66 ᠵᠢᠯ᠎ᠤᠨ ᠬᠥᠭᠵᠢᠯᠲᠡ᠎ᠶᠢᠨ ᠶᠠᠪᠤᠴᠠ ᠨᠢ ᠲᠡᠭᠦᠨ᠎ᠤ ᠴᠠᠭ ᠦᠶ᠎ᠡ᠎ᠶᠢᠨ ᠥᠷᠲᠡᠭ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠵᠤ ᠭᠦᠨᠵᠡᠭᠡᠢᠷᠡᠭᠦᠯᠦᠭᠰᠡᠨ ᠪᠠ ᠥᠷᠭᠡᠳᠬᠡᠭᠰᠡᠨ ᠪᠠᠢᠨ᠎ᠠ᠃ ᠲᠡᠷᠡ ᠨᠢ ᠠᠩᠬ᠎ᠠ ᠡᠬᠢᠨ᠎ᠳ᠋ᠡᠭᠡᠨ ᠤᠯᠤᠰ᠎ᠤᠨ ᠲᠣᠰᠠᠭ᠋ᠠᠷ ᠲᠣᠭᠲᠠᠨᠢᠯ᠂ ᠡᠷᠬᠡ ᠴᠢᠯᠦᠭᠡ᠎ᠶᠢ ᠢᠯᠡᠷᠬᠡᠢᠯᠡᠵᠦ᠂ ᠪᠦᠬᠦ ᠠᠷᠠᠳ ᠵᠢᠡᠷ ᠵᠢᠡᠨ ᠪᠡᠶ᠎ᠡ ᠮᠠᠬᠠᠪᠤᠳ᠎ᠵᠢᠡᠨ ᠴᠢᠭᠢᠷᠠᠭᠵᠢᠭᠤᠯᠬᠤ ᠵᠢ ᠤᠷᠢᠶᠠᠯᠠᠬᠰᠠᠨ ᠠᠴᠢ ᠬᠣᠯᠪᠣᠭᠳᠠᠯ ᠲᠠᠢ ᠪᠠᠢᠭᠰᠠᠨ ᠪᠣᠯ ᠥᠨᠥᠳᠥᠷ ᠪᠣᠯᠬᠣ᠌᠎ᠳᠤ ᠤᠯᠤᠰ ᠲᠥᠷᠦ᠂ ᠲᠡᠦᠬᠡ᠂ ᠰᠣᠶᠣᠯ᠂ ᠨᠡᠢᠭᠡᠮ᠎ᠢ ᠪᠠᠭᠲᠠᠭᠠᠭᠰᠠᠨ ᠣᠯᠠᠨ ᠲᠠᠯ᠎ᠠ᠎ᠶᠢ ᠨᠥᠯᠥᠭᠡᠯᠡᠵᠦ ᠴᠢᠳᠠᠬᠤᠢᠴᠠ ᠶᠡᠷᠦᠩᠬᠡᠢ᠍ᠢᠯᠡᠭᠰᠡᠨ ᠴᠢᠨᠠᠷᠲᠠᠢ ᠬᠠᠷᠢᠯᠴᠠᠭᠠᠨ᠎ᠤ ᠲᠠᠪᠴᠠᠩ ᠪᠣᠯᠵᠤ ᠬᠤᠪᠢᠷᠠᠵᠠᠢ᠃

ᠲᠡᠭᠦᠨ᠎ᠦ ᠲᠡᠦᠬᠡᠨ ᠬᠥᠭᠵᠢᠯ᠎ᠦᠨ ᠤᠯᠠ ᠮᠥᠷ ᠬᠢᠭᠡᠳ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠦ ᠤᠯᠤᠰ᠎ᠤᠨ ᠲᠠᠮᠢᠷ᠎ᠤᠨ ᠴᠤᠭᠯᠠᠭᠠᠨ᠎ᠳᠤ ᠤᠷᠤᠯᠴᠠᠭᠰᠠᠨ ᠥᠪᠥᠷ ᠮᠣᠩᠭᠣᠯ᠎ᠤᠨ 323 ᠲᠠᠮᠢᠷᠴᠢᠳ᠎ᠤᠨ ᠣᠯᠣᠭᠰᠠᠨ ᠠᠮᠵᠢᠯᠲᠠ᠎ᠪᠦᠲᠦᠮᠵᠢ ᠲᠠᠢ ᠤᠶᠠᠯᠳᠤᠭᠤᠯᠤᠨ᠂ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠴᠠᠭ ᠦᠶ᠎ᠡ᠎ᠶᠢᠨ ᠥᠷᠲᠡᠭ᠎ᠢ ᠳᠣᠣᠷᠠᠬᠢ ᠲᠠᠪᠤᠨ ᠲᠠᠯ᠎ᠠ᠎ᠡᠴᠡ ᠬᠤᠷᠢᠶᠠᠩᠭᠤᠢᠯᠠᠨ ᠰᠢᠨᠵᠢᠯᠡᠵᠦ ᠪᠤᠯᠤᠨ᠎ᠠ᠃

ᠨᠢᠭᠡ᠂ ᠥᠷᠢᠰᠦᠯᠳᠦᠭᠡᠨᠲᠦ ᠪᠡᠶ᠎ᠡ ᠵᠢᠨ ᠲᠠᠮᠢᠷ᠎ᠤᠨ 《ᠭᠣᠣᠯ ᠬᠥᠳᠡᠯᠭᠡᠭᠦᠷ ᠬᠦᠴᠦᠨ》 ᠪᠠ ᠣᠯᠢᠮᠫᠢᠺ᠎ᠤᠨ ᠲᠠᠮᠢᠷ ᠤ᠋ᠨ ᠴᠤᠭᠯᠠᠭᠠᠨ᠎ᠤ 《ᠪᠠᠲᠤ ᠪᠡᠬᠢ ᠰᠠᠭᠤᠷᠢ》 ᠪᠣᠯᠪᠠ

ᠡᠨᠡ ᠨᠢ ᠪᠥᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠦᠨᠳᠦᠰᠦᠨ ᠮᠥᠷᠲᠡᠭᠡᠨ ᠵᠠᠪᠠᠯ ᠪᠠᠷᠢᠮᠲᠠᠯᠠᠬᠤ ᠵᠣᠬᠢᠰᠲᠠᠢ ᠬᠠᠮᠤᠭ ᠭᠣᠣᠯ ᠥᠷᠲᠡᠭ ᠮᠥᠨ᠃ ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠨᠢ ᠤᠯᠤᠰ᠎ᠤᠨ ᠳᠣᠲᠣᠭᠠᠳᠤ᠎ᠶᠢᠨ ᠬᠠᠮᠤᠭ ᠤ᠋ᠨ ᠥᠨᠳᠥᠷ ᠲᠦᠪᠰᠢᠨ ᠪᠦᠬᠦᠢ ᠥᠷᠢᠰᠦᠯᠳᠦᠭᠡᠨ᠎ᠢᠶᠠᠷ ᠳᠠᠮᠵᠢᠨ᠂ ᠡᠩ᠎ᠦᠨ ᠴᠠᠭ᠎ᠤᠨ ᠰᠣᠷᠢᠶ᠎ᠠ ᠪᠣᠯᠪᠠᠰᠤᠷᠠᠯ᠎ᠤᠨ ᠦᠷ᠎ᠡ ᠳ᠋ᠦᠩ᠎ᠢ ᠪᠦᠲᠦᠮᠵᠢᠲᠡᠢ᠎ᠪᠠᠷ ᠰᠢᠯᠭᠠᠨ ᠪᠠᠢᠴᠠᠭᠠᠵᠤ᠂ ᠥᠷᠢᠰᠦᠯᠳᠦᠭᠡᠨ᠎ᠦ ᠴᠢᠳᠠᠪᠤᠷᠢ ᠰᠠᠢᠲᠠᠢ ᠲᠠᠮᠢᠷᠴᠢᠳ᠎ᠢ ᠬᠠᠢᠵᠤ ᠣᠯᠬᠤ᠂ ᠲᠠᠮᠢᠷᠴᠢᠳ᠎ᠤᠨ ᠤᠷᠤᠯᠳᠤᠭᠠᠨ᠎ᠤ ᠳᠤᠮᠳᠠᠬᠢ ᠰᠡᠳᠬᠢᠯ ᠎ᠤᠨ ᠬᠦᠴᠦᠨ᠎ᠢ ᠬᠠᠲᠠᠭᠤᠵᠢᠭᠤᠯᠬᠤ᠂ ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠪᠡᠯᠡᠳᠬᠡᠬᠦ ᠵᠡᠷᠭᠡ ᠲᠠᠯ᠎ᠠ ᠳ᠋ᠦ ᠣᠷᠣᠯᠠᠭᠤᠯᠵᠤ ᠪᠣᠯᠣᠰᠢ ᠦᠭᠡᠢ 《ᠵᠢᠩᠬᠢᠨᠢ ᠳᠠᠢᠨ᠎ᠤ ᠲᠠᠯᠠᠪᠤᠷ》 ᠢ᠋ ᠬᠠᠩᠭᠠᠬᠣ ᠪᠣᠯᠣᠨ᠎ᠠ᠃

ᠥᠪᠥᠷ ᠮᠣᠩᠭᠣᠯ᠎ᠤᠨ ᠲᠠᠮᠢᠷᠴᠢᠳ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠣᠯᠣᠰ ᠤ᠋ᠨ ᠲᠠᠮᠢᠷ᠎ᠤᠨ ᠴᠤᠭᠯᠠᠭᠠᠨ ᠳᠡᠭᠡᠷ᠎ᠡ ᠣᠯᠠᠨ ᠲᠥᠷᠥᠯ᠎ᠤᠨ ᠲᠠᠮᠢᠷ᠎ᠤᠨ ᠤᠷᠤᠯᠳᠤᠭᠠᠨ᠎ᠳᠦ ᠰᠢᠪᠲᠤᠯᠤᠯᠲᠠ᠎ᠶᠢᠨ ᠴᠢᠨᠠᠷᠲᠠᠢ᠎ᠲᠠᠢ ᠬᠢᠷᠢ ᠪᠦᠲᠦᠮᠵᠢ ᠣᠯᠣᠭᠰᠠᠨ ᠶᠠᠪᠤᠳᠠᠯ ᠨᠢ ᠡᠨᠡ ᠬᠦ᠌ ᠥᠷᠲᠡᠭ᠎ᠤᠨ ᠪᠣᠳᠠᠲᠤ ᠲᠤᠰᠬᠠᠯ ᠪᠣᠯᠬᠤ ᠶᠤᠮ᠃ ᠡᠲᠡᠭᠡᠷ ᠰᠢᠪᠲᠤᠯᠤᠯᠲᠠ᠎ᠶᠢᠨ ᠴᠢᠨᠠᠷᠲᠠᠢ ᠠᠮᠵᠢᠯᠲᠠ ᠨᠤᠭᠤᠳ ᠨᠢ ᠲᠠᠮᠢᠷᠴᠢᠳ᠎ᠤᠨ ᠬᠤᠪᠢ ᠬᠥᠮᠥᠨ᠎ᠤ ᠢᠷᠠᠭᠤ ᠠᠯᠳᠠᠷ ᠪᠣᠯᠬᠤ᠎ᠪᠠᠷ ᠪᠠᠷᠠᠬᠤ ᠦᠭᠡᠢ᠂ ᠮᠠᠨ᠎ᠤ ᠣᠷᠣᠨ᠎ᠤ ᠥᠷᠢᠰᠦᠯᠳᠦᠭᠡᠨᠲᠦ ᠪᠡᠶ᠎ᠡ᠎ᠶᠢᠨ ᠲᠠᠮᠢᠷ᠎ᠤᠨ ᠲᠦᠪᠰᠢᠨ ᠤᠯᠠᠮ ᠳᠡᠭᠡᠭᠰᠢᠯᠡᠭᠰᠡᠨ᠎ᠦ ᠢᠯᠡᠷᠡᠯ ᠪᠣᠯᠵᠤ᠂ ᠳᠤᠮᠳᠠᠳᠤ ᠤᠯᠤᠰ᠎ᠤᠨ ᠰᠢᠯᠢᠳᠡᠭ ᠲᠠᠮᠢᠷᠴᠢᠳ ᠤ᠋ᠨ ᠨᠥ᠋ᠭᠡᠴᠡ᠎ᠶᠢᠨ ᠬᠥᠮᠥᠷᠭᠡ᠎ᠶᠢ ᠬᠠᠮᠲᠤ᠎ᠪᠠᠷ ᠪᠦᠷᠢᠯᠳᠦᠭᠦᠯᠦᠨ ᠪᠡᠬᠢᠵᠢᠭᠦᠯᠬᠦ᠎ᠳᠦ ᠥᠪᠡᠷ᠎ᠦᠨ ᠬᠤᠪᠢ ᠨᠡᠮᠡᠷᠢ᠎ᠪᠠᠨ ᠳᠠᠬᠢᠨᠲᠠ ᠨᠡᠮᠡᠷᠢᠯᠡᠭᠰᠡᠨ ᠪᠠᠢᠨ᠎ᠠ᠃

ᠬᠤᠶᠠᠷ᠂ ᠪᠦᠬᠦ ᠠᠷᠠᠳ᠎ᠢᠶᠠᠷ᠎ᠢᠶᠡᠨ ᠪᠡᠶ᠎ᠡ ᠮᠠᠬᠠᠪᠤᠳ᠎ᠵᠢᠡᠨ ᠴᠢᠭᠢᠷᠠᠭᠵᠢᠭᠤᠯᠬᠤ ᠶ᠋ᠢᠨ《ᠬᠦᠴᠦᠲᠦ ᠲᠦᠷᠭᠡᠳᠬᠡᠭᠦᠷ》 ᠪᠠ ᠪᠡᠶ᠎ᠡ᠎ᠶᠢᠨ ᠲᠠᠮᠢᠷ᠎ᠤᠨ ᠦᠢᠯᠡᠰ᠎ᠢᠶᠠᠷ ᠠᠷᠠᠳ ᠲᠦᠮᠡᠨ᠎ᠳᠦ ᠠᠰᠢᠭ᠋ ᠬᠦᠷᠲᠡᠭᠡᠬᠦ ᠪᠣᠳᠣᠯᠭ᠎ᠠ᠎ᠶᠢᠨ 《ᠬᠣᠯᠪᠣᠯᠲᠠ᠎ᠶᠢᠨ ᠴᠡᠭ》 ᠪᠣᠯᠪᠠ

ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠤᠷᠢᠳ ᠨᠢ ᠳᠠᠩ ᠭᠠᠭᠴᠠ ᠥᠷᠢᠰᠦᠯᠳᠦᠭᠡᠨ᠎ᠤ ᠤᠳᠬ᠎ᠠ ᠠᠭᠤᠯᠭ᠎ᠠ ᠪᠦᠬᠦᠢ ᠤᠷᠤᠯᠳᠣᠭᠠᠨ᠎ᠤ ᠰᠢᠨᠵᠢ᠎ᠪᠡᠷ ᠭᠣᠣᠯᠯᠠᠵᠤ ᠪᠠᠢᠭᠰᠠᠨ ᠪᠣᠯ ᠰᠢᠨ᠎ᠡ ᠴᠠᠭ ᠦᠶ᠎ᠡ᠎ᠳᠤ᠂ 《ᠣᠯᠠᠨ ᠲᠦᠮᠡᠨ᠎ᠳᠤ ᠦᠢᠯᠡᠴᠢᠯᠡᠬᠦ》 ᠦᠢᠯᠡᠳᠦᠯ ᠴᠢᠳᠠᠪᠬᠢ᠎ᠶᠢ ᠨᠡᠮᠡᠭᠳᠡᠭᠦᠯᠦᠨ ᠵᠢᠩᠬᠢᠨᠢ᠎ᠪᠡᠷ ᠪᠦᠬᠦ ᠠᠷᠠᠳ᠎ᠢ ᠬᠠᠮᠤᠷᠤᠭᠰᠠᠨ ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠪᠣᠯᠵᠤ ᠬᠥᠭᠵᠢᠭᠰᠡᠨ ᠪᠠᠢᠨ᠎ᠠ᠃ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠥᠷᠥᠯ ᠵᠦᠢᠯ᠎ᠢ ᠨᠡᠮᠡᠬᠦ᠎ᠪᠠᠷ ᠳᠠᠮᠵᠢᠨ᠂ ᠪᠥᠬᠦ ᠤᠯᠤᠰ᠎ᠤᠨ ᠲᠠᠮᠢᠷ᠎ᠤᠨ ᠴᠤᠭᠯᠠᠭᠠᠨ᠎ᠢ ᠠᠷᠠᠳ ᠲᠦᠮᠡᠨ ᠤ᠋ ᠳᠡᠷᠭᠡᠳᠡ ᠡᠷᠬᠢᠯᠡᠵᠦ᠂ ᠠᠷᠠᠳ ᠲᠦᠮᠡᠨ ᠎ᠤ ᠤᠷᠮ᠎ᠠ ᠰᠡᠳᠬᠢᠯᠭᠡ᠎ᠶᠢ ᠬᠥᠭᠵᠢᠭᠡᠵᠦ᠂ 《ᠡᠷᠡᠭᠦᠯ ᠡᠩᠬᠡ ᠳᠤᠮᠳᠠᠳᠤ ᠤᠯᠤᠰ》 ᠢ᠋ ᠪᠠᠢᠭᠤᠯᠬᠤ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ ᠴᠢᠬᠤᠯᠠ ᠠᠷᠭ᠎ᠠ ᠠᠪᠴᠠᠯ ᠪᠣᠯᠤᠭᠰᠠᠨ ᠮᠥᠷᠲᠡᠭᠡᠨ ᠲᠡᠷᠡ ᠨᠢ ᠶᠠᠭ ᠨᠢᠭᠡᠨ 《ᠰᠡᠳᠬᠢᠯ᠎ᠤᠨ ᠬᠡᠯᠬᠢᠶ᠎ᠡ》᠎ᠲᠠᠢ ᠠᠳᠠᠯᠢ᠎ᠪᠠᠷ ᠤᠯᠤᠰ᠎ᠤᠨ ᠪᠠᠢᠯᠳᠤᠬᠤ ᠪᠣᠳᠣᠯᠭ᠎ᠠ ᠪᠣᠯᠣᠨ ᠬᠤᠪᠢ ᠬᠥᠮᠥᠨ᠎ᠤ ᠡᠷᠡᠭᠦᠯ ᠮᠡᠨᠳᠦ᠎ᠶᠢᠨ ᠬᠦᠰᠡᠯ ᠱᠠᠭᠠᠷᠳᠠᠯᠭ᠎ᠠ᠎ᠶᠢ ᠨᠢᠭ᠍ᠲᠠ ᠬᠣᠯᠪᠣᠵᠤ᠂ ᠤᠷᠤᠯᠳᠤᠭᠠᠨ᠎ᠤ ᠦᠷ᠎ᠡ ᠠᠰᠢᠭ᠋᠎ᠢ ᠪᠥᠬᠦ ᠠᠷᠠᠳ᠎ᠢᠶᠠᠷ᠎ᠢᠶᠠᠨ ᠬᠠᠮᠲᠤ᠎ᠪᠠᠷ ᠡᠳ᠋ᠯᠡᠬᠦ᠎ᠶᠢ ᠠᠬᠢᠭᠤᠯᠵᠤ᠂ ᠨᠡᠢᠭᠡᠮ᠎ᠤᠨ ᠡᠬᠢ ᠪᠠᠶᠠᠯᠢᠭ᠋ ᠢ᠋ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠦᠢᠯᠡᠰ᠎ᠲᠦ ᠬᠥᠲᠥᠯᠥᠨ ᠣᠷᠣᠭᠣᠯᠬᠣ᠌᠎ᠳᠤ ᠢᠳᠡᠪᠬᠢᠲᠡᠢ ᠨᠥᠯᠥᠭᠡ ᠦᠵᠡᠭᠦᠯᠪᠡ᠃

ᠭᠤᠷᠪᠠ᠂ ᠣᠷᠣᠨ ᠪᠦᠰᠡ ᠵᠢᠨ ᠬᠥᠭᠵᠢᠯᠲᠡ᠎ᠶᠢᠨ 《ᠣᠨᠴᠠᠯᠢᠭ᠍ᠲᠤ ᠲᠦᠯᠬᠢᠭᠴᠢ》 ᠪᠠ ᠬᠠᠮᠵᠢᠯᠴᠠᠨ ᠵᠠᠰᠠᠬᠤ 《ᠥᠨᠳᠥᠷ ᠪᠦᠲᠦᠮᠵᠢᠲᠡᠶ ᠲᠤᠷᠰᠢᠯᠲᠠ᠎ᠶᠢᠨ ᠲᠠᠷᠢᠶ᠎ᠠ》 ᠪᠣᠯᠪᠠ

ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠢ ᠭᠤᠸᠠᠩᠳᠦ᠋ᠩ ᠰᠢᠶᠠᠩᠭᠠᠩ ᠣᠣᠮᠧᠨ ᠭᠤᠷᠪᠠᠨ ᠭᠠᠵᠠᠷ᠎ᠬᠠᠮᠲᠤᠷᠠᠨ ᠡᠷᠬᠢᠯᠡᠵᠦ᠂ ᠥᠷᠢᠰᠦᠯᠳᠦᠭᠡᠨᠲᠦ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠳᠤ 34 ᠶᠡᠬᠡ ᠲᠥᠷᠥᠯ 419 ᠪᠠᠭ᠎ᠠ ᠵᠦᠢᠯ᠂ ᠣᠯᠠᠨ ᠲᠦᠮᠡᠨᠴᠢ ᠪᠡᠶ᠎ᠡ᠎ᠶᠢᠨ ᠲᠠᠮᠢᠷ ᠤ᠋ᠨ ᠤᠷᠤᠯᠳᠤᠭᠠᠨ᠎ᠳᠦ 23 ᠶᠡᠬᠡ ᠲᠥᠷᠥᠯ 166 ᠪᠠᠭ᠎ᠠ ᠵᠦᠢᠯ᠎ᠢ ᠪᠠᠭᠲᠠᠭᠠᠵᠠᠢ᠃ ᠡᠨᠡ ᠨᠢ ᠣᠳᠣ ᠬᠦᠷᠲᠡᠯᠡᠬᠢ ᠬᠠᠮᠤᠭ᠎ᠤᠨ ᠶᠡᠬᠡ ᠬᠡᠪᠴᠢᠶᠡᠨ᠎ᠦ ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠪᠣᠯᠬᠤ ᠪᠥᠭᠡᠳ ᠪᠠᠰᠠ ᠴᠤ᠌ ᠠᠩᠬ᠎ᠠ ᠤᠳᠠᠭ᠎ᠠ ᠰᠢᠶᠠᠩᠭᠠᠩ ᠪᠣᠯᠣᠨ ᠣᠣᠮᠧᠨ᠎ᠳᠤ ᠡᠷᠬᠢᠯᠡᠵᠦ ᠪᠠᠢᠭ᠎ᠠ ᠪᠦᠬᠦ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠣᠯᠣᠨ᠎ᠠ᠃

ᠪᠥᠬᠦ ᠤᠯᠤᠰ᠎ᠤᠨ ᠲᠠᠮᠢᠷ᠎ᠤᠨ ᠴᠤᠭᠯᠠᠭᠠᠨ ᠨᠢ ᠡᠷᠬᠢᠯᠡᠭᠰᠡᠨ ᠭᠠᠵᠠᠷ ᠣᠷᠣᠨ᠎ᠤ ᠦᠨᠳᠦᠰᠦᠨ ᠪᠦᠲᠦᠭᠡᠨ ᠪᠠᠢᠭᠤᠯᠤᠯᠲᠠ᠎ᠶᠢ ᠰᠠᠢᠵᠢᠷᠠᠭᠤᠯᠬᠤ᠂ ᠲᠤᠬᠠᠢ᠎ᠶᠢᠨ ᠬᠤᠲᠠ᠎ᠶᠢᠨ ᠥᠩᠭᠡ ᠲᠥᠷᠬᠦ᠎ᠶᠢ ᠰᠢᠨᠡᠴᠢᠯᠡᠬᠦ᠂ ᠠᠵᠤ ᠠᠬᠤᠢ ᠰᠣᠶᠣᠯ᠎ᠤᠨ ᠬᠥᠭᠵᠢᠯᠲᠡ᠎ᠶᠢ ᠠᠬᠢᠭᠤᠯᠬᠤ ᠳ᠋ᠤ᠌ ᠴᠢᠬᠤᠯᠠ ᠶᠡᠬᠡ ᠠᠵᠠ ᠲᠣᠬᠢᠶᠠᠯ ᠣᠯᠭᠣᠪᠠ᠃ ᠮᠡᠳᠡᠭᠡᠯᠡᠯ᠎ᠢ ᠦᠨᠳᠦᠰᠦᠯᠡᠪᠡᠯ᠂ 11 ᠰᠠᠷ᠎ᠠ᠎ᠶᠢᠨ 16 ᠎ᠤ᠋ ᠡᠳᠦᠷ ᠪᠣᠯᠲᠠᠯ᠎ᠠ᠂ ᠲᠤᠬᠠᠢ ᠵᠢᠨ ᠭᠠᠵᠠᠷ᠎ᠤᠨ ᠵᠠᠬ᠎ᠠ ᠳᠡᠯᠭᠡᠭᠦᠷ᠎ᠢ ᠨᠡᠭᠡᠭᠡᠨ ᠬᠥᠭᠵᠢᠭᠦᠯᠦᠭᠰᠡᠨ ᠣᠷᠣᠯᠭ᠎ᠠ 18.4 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠭᠤᠯᠴᠢᠯᠠᠯ᠂ ᠢᠳᠡᠭᠡᠨ ᠤᠮᠳᠠᠭᠠᠨ᠎ᠤ ᠬᠡᠷᠡᠭᠯᠡᠭᠡ᠎ᠶᠢᠨ ᠨᠡᠮᠡᠭᠳᠡᠯ᠎ᠢ ᠡᠷᠴᠢᠮᠲᠡᠢ ᠨᠡᠮᠡᠭᠳᠡᠭᠦᠯᠦᠨ᠂ 11 ᠰᠠᠷ᠎ᠠ᠎ᠶᠢᠨ 15᠎ᠤ᠋ ᠡᠳᠦᠷ ᠪᠣᠯᠲᠠᠯ᠎ᠠ᠂ ᠪᠥᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠲᠤᠰᠬᠠᠢ ᠵᠥᠪᠰᠢᠶᠡᠷᠡᠭᠰᠡᠨ ᠲᠠᠸᠠᠷ᠎ᠤᠨ ᠪᠣᠷᠣᠯᠠᠭᠤᠯᠤᠯᠲᠠ᠎ᠶᠢᠨ ᠬᠡᠮᠵᠢᠶ᠎ᠡ 6.8 ᠳ᠋ᠦᠩᠰᠢᠭᠤᠷ ᠲᠥᠭᠥᠷᠢᠭ᠎ᠲᠤ ᠬᠦᠷᠦᠭᠰᠡᠨ᠎ᠡᠴᠡ ᠭᠠᠳᠠᠨ᠎ᠠ᠂ ᠭᠤᠸᠠᠩᠳᠦ᠋ᠩ ᠰᠢᠶᠠᠩᠭᠠᠩ ᠣᠣᠮᠧᠨ᠎ᠤ ᠪᠡᠶ᠎ᠡ᠎ᠶᠢᠨ ᠲᠠᠮᠢᠷ᠎ᠤᠨ ᠬᠡᠷᠡᠭᠯᠡᠭᠡ ᠪᠠ ᠤᠷᠤᠯᠳᠤᠭᠠᠨ᠎ᠤ ᠡᠳ᠋ ᠬᠡᠷᠡᠭᠰᠡᠯ᠎ᠤᠨ ᠠᠵᠤ ᠠᠬᠤᠢ᠎ᠶᠢᠨ ᠬᠥᠭᠵᠢᠯᠲᠡ᠎ᠶᠢ ᠴᠦᠮ ᠠᠬᠢᠭᠤᠯᠤᠭᠰᠠᠨ ᠪᠠᠢᠨ᠎ᠠ᠃ ᠡᠭᠦᠨ᠎ᠤ ᠬᠠᠮᠲᠤ᠂ ᠲᠣᠮᠣ᠌ ᠬᠡᠪᠴᠢᠶᠡᠨ᠎ᠦ ᠤᠷᠤᠯᠳᠤᠭᠠᠨ᠎ᠢ ᠵᠣᠬᠢᠶᠠᠨ ᠪᠠᠢᠭᠤᠯᠬᠤ ᠪᠤᠳᠤᠯᠢᠶᠠᠨᠲᠠᠢ ᠶᠠᠪᠤᠴᠠ ᠨᠢ ᠪᠠᠰᠠ ᠣᠷᠣᠨ ᠪᠦᠰᠡ ᠵᠢᠨ ᠳᠣᠲᠣᠭᠠᠳᠤᠬᠢ ᠡᠯ᠎ᠡ ᠪᠠᠢᠭᠤᠯᠭ᠎ᠠ ᠨᠢᠭᠡᠴᠢ᠎ᠶᠢᠨ ᠬᠣᠯᠪᠣᠭᠳᠠᠬᠤ ᠰᠠᠯᠠᠭ᠎ᠠ ᠮᠥᠴᠢᠷ᠎ᠤᠨ ᠬᠠᠮᠵᠢᠯᠴᠠᠭ᠎ᠠ᠂ ᠨᠡᠢᠭᠡᠮ ᠨᠡᠢᠲᠡ᠎ᠶᠢᠨ ᠣᠷᠣᠯᠴᠠᠭ᠎ᠠ ᠪᠠ ᠣᠳᠣᠬᠢᠴᠢᠯᠠᠭᠰᠠᠨ ᠬᠠᠮᠢᠶᠠᠷᠤᠯᠲᠠ᠎ᠶᠢᠨ ᠴᠢᠳᠠᠮᠵᠢ᠎ᠶᠢ ᠡᠷᠴᠢᠮᠲᠡᠢ ᠳᠡᠭᠡᠭᠰᠢᠯᠡᠭᠦᠯᠵᠡᠢ᠃

ᠲᠦᠷᠪᠡ᠂ ᠰᠣᠶᠣᠯ᠎ᠤᠨ ᠢᠲᠡᠭᠡᠯ᠎ᠢ ᠬᠠᠷᠠᠭᠤᠯᠤᠭᠰᠠᠨ 《ᠲᠠᠪᠴᠠᠩ》 ᠪᠠ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭᠠᠨ᠎ᠤ ᠴᠠᠭ ᠦᠶ᠎ᠡ᠎ᠶᠢᠨ ᠣᠨᠴᠠᠯᠢᠭ᠍ᠲᠤ《ᠠᠮᠢᠳᠤ ᠵᠠᠭᠪᠤᠷ》 ᠪᠣᠯᠪᠠ

ᠪᠥᠬᠦ ᠤᠯᠤᠰ᠎ᠤᠨ ᠲᠠᠮᠢᠷ᠎ᠤᠨ ᠴᠤᠭᠯᠠᠭᠠᠨ ᠨᠢ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠣᠰ ᠪᠡᠶ᠎ᠡ᠎ᠶᠢᠨ ᠠᠭᠤᠯᠭ᠎ᠠ᠎ᠡᠴᠡ ᠳᠠᠪᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠡᠯ᠎ᠡ ᠭᠠᠵᠠᠷ᠎ᠤᠨ ᠣᠷᠣᠨ ᠨᠤᠲᠤᠭ᠎ᠤᠨ ᠣᠨᠴᠠᠯᠢᠭ᠍ᠲᠤ ᠰᠣᠶᠣᠯ᠎ᠢ ᠳᠡᠯᠭᠡᠨ ᠦᠵᠡᠭᠦᠯᠬᠦ 《ᠲᠠᠪᠴᠠᠩ》 ᠪᠣᠯᠤᠭᠰᠠᠨ ᠪᠠᠢᠨ᠎ᠠ᠃ ᠤᠷᠤᠯᠳᠤᠭᠠᠨ᠎ᠤ ᠲᠠᠯᠠᠪᠤᠷ᠎ᠲᠤ ᠲᠠᠮᠢᠷᠴᠢᠳ ᠡᠷᠡᠯᠬᠡᠭᠯᠡᠨ ᠲᠡᠮᠡᠴᠡᠵᠦ᠂ ᠥᠪᠡᠷ᠎ᠢ᠎ᠪᠠᠨ ᠢᠯᠡᠨ ᠳᠠᠪᠠᠬᠤ ᠪᠡᠷ ᠴᠢᠷᠮᠠᠢᠭᠰᠠᠨ ᠢᠲᠡᠭᠡᠯ ᠵᠣᠷᠢᠭ ᠨᠢ ᠦᠨᠳᠦᠰᠦᠲᠡᠨ᠎ᠤ ᠪᠦᠯᠬᠦᠮᠳᠡᠯ᠂ ᠣᠷᠣᠯᠴᠠᠭ᠍ᠴᠢᠳ᠎ᠤᠨ ᠡᠷᠬᠡ ᠲᠡᠭᠰᠢ᠂ ᠤᠷᠤᠯᠳᠤᠭᠠᠨ᠎ᠤ ᠬᠡᠪ ᠰᠤᠷᠲᠠᠯ᠎ᠲᠠᠢ ᠨᠢᠭ᠍ᠲᠠ ᠤᠶᠠᠯᠳᠤᠵᠤ᠂ ᠰᠢᠨ᠎ᠡ ᠴᠠᠭ ᠦᠶ᠎ᠡ᠎ᠳᠠᠬᠢ ᠳᠤᠮᠳᠠᠳᠤ᠎ᠶᠢᠨ ᠦᠨᠳᠦᠰᠦᠲᠡᠨ᠎ᠦ ᠵᠣᠷᠢᠭ᠋ ᠰᠠᠨᠠᠭᠠᠨ᠎ᠤ ᠳᠦᠷᠢ ᠲᠥᠷᠬᠦ᠎ᠶᠢᠨ 《ᠠᠮᠢᠳᠤ ᠵᠠᠭᠪᠤᠷ》 ᠪᠣᠯᠪᠠ᠃ ᠥᠪᠥᠷ ᠮᠣᠩᠭᠣᠯ᠎ᠤᠨ ᠲᠠᠮᠢᠷᠴᠢᠳ ᠰᠢᠪᠲᠤᠯᠤᠯᠲᠠ᠎ᠶᠢᠨ ᠴᠢᠨᠠᠷᠲᠠᠢ ᠠᠮᠵᠢᠯᠲᠠ ᠪᠦᠲᠦᠮᠵᠢ ᠣᠯᠣᠭᠰᠠᠨ ᠨᠢ ᠬᠦᠴᠢᠷ ᠢ᠋ ᠲᠤᠭᠤᠯᠤᠨ᠂ ᠵᠣᠷᠢᠭ᠍ᠲᠠᠢ᠎ᠪᠠᠷ ᠡᠷᠡᠮᠡᠬᠡᠢᠯᠡᠨ ᠤᠷᠤᠭᠰᠢᠯᠠᠬᠤ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠶᠢ ᠭᠦᠢᠴᠡᠳ ᠬᠠᠷᠠᠭᠤᠯᠤᠭᠰᠠᠨ᠎ᠡᠴᠡ ᠭᠠᠳᠠᠨ᠎ᠠ᠂ ᠡᠨᠡ ᠬᠦ᠌ ᠵᠣᠷᠢᠭ᠋ ᠰᠠᠨᠠᠭ᠎ᠠ ᠨᠢ ᠪᠥᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠲᠠᠪᠴᠠᠩ᠎ᠢᠶᠠᠷ ᠳᠠᠮᠵᠢᠨ ᠨᠡᠢᠭᠡᠮ᠎ᠳᠤ ᠥᠷᠭᠡᠨ᠎ᠢᠶᠠᠷ ᠤᠯᠠᠮᠵᠢᠯᠠᠭᠳᠠᠵᠤ᠂ ᠠᠷᠠᠳ᠎ᠤᠨ ᠳᠤᠮᠳᠠ ᠢᠳᠡᠪᠬᠢᠲᠡᠢ ᠨᠥᠯᠥᠭᠡ ᠲᠤᠰᠬᠠᠯ᠎ᠢ ᠤᠯᠪᠠ᠃

ᠲᠠᠪᠤ᠂ ᠪᠡᠶ᠎ᠡ᠎ᠶᠢᠨ ᠲᠠᠮᠢᠷ᠎ᠤᠨ ᠦᠢᠯᠡᠰ᠎ᠲᠡᠬᠢ ᠥᠭᠡᠷᠡᠴᠢᠯᠡᠯᠲᠡ᠎ᠶᠢᠨ《ᠰᠢᠨ᠎ᠡ᠎ᠶᠢ ᠡᠭᠦᠳᠦᠭᠰᠡᠨ ᠬᠣᠰᠢᠭᠤᠴᠢ》ᠪᠠ ᠤᠯᠤᠰ᠎ᠤᠨ ᠳᠣᠲᠣᠭᠠᠳᠤ ᠭᠠᠳᠠᠭᠠᠳᠤ᠎ᠲᠠᠢ ᠬᠠᠷᠢᠯᠴᠠᠬᠤ 《ᠨᠥᠬᠦᠷᠯᠡᠯ᠎ᠦᠨ ᠴᠣᠩᠬᠣ᠌》 ᠪᠣᠯᠪᠠ

ᠣᠣᠯ ᠳ᠋ᠠᠭᠠᠨ ᠪᠡᠶ᠎ᠡ᠎ᠶᠢᠨ ᠲᠠᠮᠢᠷ᠎ᠤᠨ ᠦᠢᠯᠡᠰ ᠤ᠋ᠨ ᠵᠠᠬ᠎ᠠ ᠳᠡᠯᠭᠡᠭᠦᠷᠴᠢᠯᠡᠬᠦ ᠠᠷᠭ᠎ᠠ ᠵᠠᠮ᠎ᠢ ᠬᠠᠢᠨ ᠰᠦᠪᠡᠭᠴᠢᠯᠡᠵᠦ ᠪᠠᠢᠭᠰᠠᠨ ᠪᠣᠯ ᠣᠳᠣ᠌ ᠪᠣᠯᠬᠤ᠎ᠳᠤ ᠪᠡᠶ᠎ᠡ᠎ᠶᠢᠨ ᠲᠠᠮᠢᠷ᠎ᠤᠨ ᠪᠠᠢᠭᠤᠯᠤᠯ ᠲᠣᠭᠲᠠᠴᠠ᠎ᠶᠢᠨ ᠰᠢᠨᠡᠴᠢᠯᠡᠯᠲᠡ᠎ᠶᠢ ᠭᠦᠨᠵᠡᠭᠡᠢᠷᠡᠭᠦᠯᠵᠦ ᠴᠢᠳᠠᠭᠰᠠᠨ ᠪᠠᠢᠨ᠎ᠠ᠃ ᠪᠦᠬᠦ ᠤᠯᠤᠰ᠎ᠤᠨ ᠲᠠᠮᠢᠷ᠎ᠤᠨ ᠴᠤᠭᠯᠠᠭᠠᠨ ᠨᠢ ᠢᠮᠠᠭᠲᠠ ᠮᠠᠨ᠎ᠤ ᠤᠯᠤᠰ᠎ᠤᠨ ᠪᠡᠶ᠎ᠡ᠎ᠶᠢᠨ ᠲᠠᠮᠢᠷ᠎ᠤᠨ ᠦᠢᠯᠡᠰ᠎ᠦᠨ ᠥᠭᠡᠷᠡᠴᠢᠯᠡᠯᠲᠡ᠎ᠶᠢᠨ ᠲᠠᠯ᠎ᠠ ᠪᠡᠷ ᠬᠢ 《ᠰᠠᠯᠬᠢᠨ᠎ᠤ ᠵᠦᠭᠯᠡᠭᠦᠷ》 ᠪᠠ 《ᠲᠤᠷᠰᠢᠯᠲᠠ᠎ᠶᠢᠨ ᠲᠠᠷᠢᠶ᠎ᠠ》 ᠪᠣᠯᠤᠭᠰᠠᠨ᠎ᠢᠶᠡᠷ᠎ᠢᠶᠡᠨ ᠣᠨᠴᠠᠯᠢᠭᠳᠠᠳᠠᠭ ᠪᠥᠭᠡᠳ ᠢᠷᠡᠭᠡᠳᠦᠢ᠎ᠳᠤ ᠳᠤᠮᠳᠠᠳᠤ ᠤᠯᠤᠰ ᠬᠢᠭᠡᠳ ᠳᠡᠯᠡᠬᠡᠢ ᠳ᠋ᠠᠬᠢᠨ᠎ᠤ ᠪᠤᠰᠤᠳ ᠤᠯᠤᠰ ᠣᠷᠣᠨ᠎ᠨᠣᠭᠣᠳ᠎ᠤᠨ ᠬᠣᠭᠣᠷᠣᠨᠳᠣᠬᠢ ᠬᠠᠷᠢᠯᠴᠠᠭ᠎ᠠ ᠰᠣᠯᠢᠯᠴᠠᠭᠠᠨ᠎ᠤ ᠡᠭᠦᠷᠭᠡ᠎ᠶᠢ ᠡᠭᠦᠷᠭᠡᠯᠡᠬᠦ ᠴᠢᠳᠠᠮᠵᠢ ᠲᠠᠢ 《ᠨᠥᠬᠦᠷᠯᠡᠯ᠎ᠦᠨ ᠴᠣᠩᠬᠣ᠌》 ᠪᠣᠯᠬᠤ ᠶᠤᠮ᠃ ᠲᠣᠰ ᠤᠳᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠢ ᠡᠷᠬᠢᠯᠡᠬᠦ ᠪᠡᠷ ᠲᠠᠮᠵᠢᠨ᠂ ᠮᠠᠨ᠎ᠤ ᠤᠯᠤᠰ᠎ᠤᠨ ᠣᠯᠣᠭᠰᠠᠨ ᠠᠮᠵᠢᠯᠲᠠ᠎ᠪᠠᠨ ᠣᠯᠠᠨ ᠤᠯᠤᠰ᠎ᠲᠤ ᠬᠠᠷᠠᠭᠤᠯᠤᠭᠰᠠᠨ᠎ᠢᠶᠠᠷ ᠪᠠᠷᠠᠬᠤ ᠦᠭᠡᠢ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠡᠶ᠎ᠡ᠎ᠶᠢᠨ ᠲᠠᠮᠢᠷ᠂ ᠰᠣᠶᠣᠯ᠎ᠤᠨ ᠰᠣᠯᠢᠯᠴᠠᠭ᠎ᠠ᠎ᠶᠢ ᠠᠬᠢᠭᠤᠯᠵᠤ᠂ ᠡᠯ᠎ᠡ ᠤᠯᠤᠰ᠎ᠤᠨ ᠠᠷᠠᠳ ᠲᠦᠮᠡᠨ᠎ᠤ ᠬᠣᠭᠣᠷᠣᠨᠳᠣᠬᠢ ᠨᠥᠬᠥᠷᠯᠡᠯ᠎ᠢ ᠵᠤᠵᠠᠭᠠᠳᠬᠠᠬᠤ᠎ᠳᠤ ᠴᠢᠬᠤᠯᠠ ᠲᠠᠪᠴᠠᠩ ᠬᠠᠩᠭᠠᠵᠠᠢ᠃

ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠤ ᠴᠠᠭ ᠦᠶ᠎ᠡ᠎ᠶᠢᠨ ᠥᠷᠲᠡᠭ ᠪᠣᠯ ᠬᠥᠳᠡᠯᠦᠩᠭᠦᠢ ᠬᠤᠪᠢᠰᠴᠤ᠂ ᠲᠠᠰᠤᠷᠠᠯᠲᠠ ᠦᠭᠡᠢ ᠪᠠᠶᠠᠯᠢᠭ᠍ᠵᠢᠵᠤ ᠪᠠᠢᠭ᠎ᠠ ᠰᠢᠰᠲᠧᠮᠳᠣ ᠢᠨᠵᠧᠨᠧᠷᠢᠩ ᠪᠣᠯᠣᠨ᠎ᠠ᠃ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭᠯᠠᠭᠠᠨ᠎ᠡᠴᠡ ᠪᠢᠳᠡ ᠲᠡᠷᠡ ᠨᠢ 《ᠤᠷᠤᠯᠳᠤᠭᠠᠨ᠎ᠤ ᠬᠥᠳᠡᠯᠭᠡᠭᠦᠷ》 ᠪᠠ 《ᠤᠷᠤᠨ ᠪᠦᠰᠡ ᠵᠢᠨ ᠬᠦᠭᠵᠢᠯᠳᠡ ᠵᠢᠨ ᠲᠦᠯᠬᠢᠭᠴᠢ》 ᠪᠤᠯᠬᠤ ᠵᠢ ᠣᠯᠵᠤ ᠮᠡᠳᠡᠭᠰᠡᠨ ᠪᠣᠯ᠂ ᠬᠠᠷᠢᠨ ᠲᠡᠭᠦᠨ᠎ᠦ 60 ᠭᠠᠷᠤᠢ ᠵᠢᠯ᠎ᠤᠨ ᠲᠡᠦᠬᠡᠨ ᠬᠥᠭᠵᠢᠯ᠎ᠦᠨ ᠤᠯᠠ ᠮᠥᠷ᠎ᠡᠴᠡ ᠲᠡᠷᠡ ᠨᠢ ᠨᠢᠭᠡᠨᠲᠡ ᠤᠯᠤᠰ᠎ᠤᠨ ᠪᠠᠢᠯᠳᠤᠬᠤ ᠪᠣᠳᠣᠯᠭ᠎ᠠ᠂ ᠨᠡᠢᠭᠡᠮ᠎ᠤᠨ ᠠᠮᠢᠳᠤᠷᠠᠯ᠂ ᠰᠣᠶᠣᠯ᠎ᠤᠨ ᠢᠲᠡᠭᠡᠯ᠎ᠢ ᠬᠠᠮᠤᠷᠤᠭᠰᠠᠨ ᠤᠯᠠᠨ ᠤᠯᠤᠰ᠎ᠤᠨ ᠬᠠᠷᠢᠯᠴᠠᠭ᠎ᠠ ᠰᠣᠯᠢᠯᠴᠠᠭᠠᠨ᠎ᠤ ᠠᠰᠤᠷᠤ ᠲᠣᠮᠣ᠌ ᠲᠠᠪᠴᠠᠩ ᠪᠣᠯᠵᠤ ᠬᠤᠪᠢᠷᠠᠨ ᠬᠥᠭᠵᠢᠭᠰᠡᠨ ᠭᠡᠳᠡᠭ᠎ᠢ ᠣᠢᠯᠠᠭᠠᠵᠤ ᠪᠣᠯᠣᠨ᠎ᠠ᠃ ᠮᠥᠨ ᠴᠤ᠌᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠢ ᠪᠠᠢᠭᠤᠯᠬᠤ ᠪᠠ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠳᠤ ᠳᠤᠲᠠᠭᠳᠠᠵᠤ ᠪᠣᠯᠣᠰᠢ ᠦᠭᠡᠢ 《ᠪᠡᠶ᠎ᠡ᠎ᠶᠢᠨ ᠲᠠᠮᠢᠷ᠎ᠤᠨ ᠬᠦᠴᠦᠨ》 ᠢ᠋ ᠦᠷᠭᠦᠯᠵᠢᠯᠡᠨ ᠡᠷᠭᠦᠵᠦ ᠪᠠᠢᠭ᠎ᠠ᠎ᠶᠢ ᠨᠡᠩ ᠭᠦᠨᠵᠡᠭᠡᠢ ᠲᠠᠨᠢᠵᠤ ᠮᠡᠳᠡᠵᠤ ᠪᠤᠯᠤᠨ᠎ᠠ᠃

(ᠵᠣᠬᠢᠶᠠᠭ᠍ᠴᠢ ᠵᠢᠨ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠮᠠᠷᠠᠲᠤ ᠬᠢᠯᠢ ᠵᠢᠨ ᠰᠣᠶᠣᠯ ᠰᠤᠳᠤᠯᠬᠤ ᠭᠠᠵᠠᠷ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号