2025 ᠣᠨ ᠎ᠤ ᠥᠪᠥᠷ ᠮᠣᠩᠭᠣᠯ᠎ᠤᠨ ᠬᠣᠶᠠᠷ ᠎ᠢ ᠬᠦᠷᠢᠶᠡᠯᠡᠬᠦ᠌ ᠠᠵᠢᠯ᠎ᠤᠨ ᠪᠣᠯᠪᠠᠰᠤᠷᠠᠯ ᠶᠠᠪᠤᠬᠳᠠᠪᠠ
2025-12-26 12:14:23
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠬᠦ᠌ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠎ᠡᠴᠡ ᠭᠤᠤᠯᠯᠠᠨ ᠡᠷᠭᠢᠯᠡᠭ᠌ᠰᠡᠨ 2025 ᠣᠨ᠎ᠤ ᠪᠥᠬᠥ᠌ ᠣᠷᠣᠨ᠎ᠤ ᠬᠣᠶᠠᠷ᠎ᠢ ᠬᠦᠷᠢᠶᠡᠯᠡᠬᠦ᠌ ᠠᠵᠢᠯ᠎ᠤᠨ ᠪᠣᠯᠪᠠᠰᠤᠷᠠᠯ᠎ᠤᠨ ᠠᠩᠭᠢ ᠤᠢᠷ᠎ᠠ᠎ᠳᠦ ᠬᠥᠬᠡᠬᠣᠲᠠ᠎ᠳᠤ ᠶᠠᠪᠤᠬᠳᠠᠪᠠ᠃ ᠪᠣᠯᠪᠠᠰᠤᠷᠠᠯ᠎ᠨᠢ ᠴᠡᠷᠢᠭ ᠠᠩᠭᠢ ᠪᠠ ᠣᠷᠣᠨ ᠨᠤᠲᠤᠭ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ ᠂ ᠴᠡᠷᠢᠭ ᠵᠠᠰᠠᠭ ᠴᠡᠷᠢᠭ ᠠᠷᠠᠳ᠎ᠤᠨ ᠪᠦᠯᠬᠦᠮᠳᠡᠯ ᠎ᠢ ᠪᠡᠬᠢᠵᠢᠭᠦᠯᠵᠦ᠍᠂ ᠦᠪᠡᠷᠳᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠬᠦ᠌ ᠠᠵᠢᠯ᠎ᠤᠨ ᠡᠩᠨᠡᠭᠡ ᠎ᠶ᠋ᠢᠨ ᠤᠯᠤᠰ ᠲᠥᠷᠥ᠎ᠶ᠋ᠢᠨ ᠬᠡᠪ ᠪᠣᠯᠪᠠᠰᠤᠷᠠᠯ ᠪᠣᠯᠤᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠬᠣᠶᠠᠷ᠎ᠢ ᠬᠦᠷᠢᠶᠡᠯᠡᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠬᠦ᠌᠎ᠪᠡᠷ ᠵᠣᠷᠢᠯᠭ᠎ᠠ᠎ᠪᠠᠨ ᠪᠣᠯᠭᠠᠵᠠᠶ᠃

ᠣᠢᠯᠠᠭᠠᠭ᠍ᠰᠠᠨ᠎ᠢᠶᠠᠷ᠂ ᠥᠪᠥᠷ ᠮᠣᠩᠭᠣᠯ ᠎ᠤᠨ ᠴᠡᠷᠢᠭ᠎ᠦᠨ ᠲᠣᠭᠣᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠥᠪᠥᠷ ᠮᠣᠩᠭᠣᠯ᠎ᠤᠨ ᠶᠡᠷᠦᠩᠬᠡᠶ ᠠᠩᠭᠢ ᠵᠡᠷᠭᠡ ᠮᠠᠨ᠎ᠤ ᠣᠷᠣᠨ᠎ᠳᠤ ᠰᠠᠭᠤᠭ᠎ᠠ ᠴᠡᠷᠢᠭ ᠠᠩᠭᠢ ᠵᠢᠴᠢ ᠡᠯ᠎ᠡ ᠠᠢᠮᠠᠭ ᠬᠣᠲᠠ᠎ᠶ᠋ᠢᠨ ᠬᠣᠶᠠᠷ᠎ᠢ ᠬᠦᠷᠢᠶᠡᠯᠡᠬᠦ᠌ ᠠᠯᠪᠠᠨ ᠬᠡᠷ᠂ ᠴᠡᠷᠢᠭ᠎ᠦᠨ ᠬᠠᠩᠭᠠᠯᠭ᠎ᠠ᠎ᠶ᠋ᠢᠨ ᠥᠷᠲᠡᠭᠡ ᠵᠡᠷᠭᠡ ᠨᠢᠭᠡᠴᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠡᠯ᠎ᠡ ᠠᠢᠮᠠᠭ ᠬᠣᠲᠠ᠎ᠶ᠋ᠢᠨ ᠴᠡᠷᠢᠭ᠎ᠢᠶᠡᠨ ᠬᠦᠷᠢᠶᠡᠯᠡᠬᠦ᠌ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢ ᠵᠡᠷᠭᠡ 111 ᠬᠥᠮᠦᠨ 2 ᠡᠳᠦᠷ᠎ᠦᠨ ᠬᠤᠭᠤᠴᠠᠭ᠎ᠠ᠎ᠲᠠᠶ ᠲᠥᠪᠯᠡᠷᠡᠭᠦᠯᠦᠨ ᠰᠤᠷᠤᠯᠴᠠᠬᠤ ᠳ᠋ᠤ ᠤᠷᠤᠯᠴᠠᠵᠠᠢ᠃ ᠲᠣᠰ ᠤᠳᠠᠭᠠᠨ ᠎ᠤ ᠪᠣᠯᠪᠠᠰᠤᠷᠠᠯ ᠎ᠳᠤ᠂  ᠵᠢᠯᠣᠭᠣᠳᠤᠮᠵᠢ ᠬᠢᠬᠦ᠂ ᠲᠤᠷᠱᠢᠯᠭ᠎ᠠ᠎ᠪᠠᠨ ᠬᠤᠪᠢᠶᠠᠯᠴᠠᠬᠤ᠂ ᠶᠠᠷᠢᠯᠴᠠᠵᠤ ᠰᠣᠯᠢᠯᠴᠠᠬᠤ ᠵᠡᠷᠭᠡ ᠠᠷᠭ᠎ᠠ ᠮᠠᠶᠢᠭ᠎ᠢ ᠠᠪᠴᠤ᠌᠂ ᠴᠠᠭ ᠦᠶ᠎ᠡ᠎ᠶ᠋ᠢᠨ ᠱᠠᠭᠠᠷᠳᠠᠯᠭ᠎ᠠ ᠪᠠ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠬᠣᠶᠠᠷ᠎ᠢ ᠬᠦᠷᠢᠶᠡᠯᠡᠬᠦ᠌ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ᠂  《ᠬᠤᠤᠰ ᠨᠠᠷᠢᠨ ᠲᠠᠡᠭᠰᠠ 》 ᠶ᠋ᠢᠨ ᠲᠣᠭ᠍ᠲᠠᠴᠠ᠎ᠶ᠋ᠢ ᠨᠠᠢᠳᠠᠪᠤᠷᠢᠵᠢᠭᠤᠯᠬᠤ᠂ ᠴᠡᠷᠢᠭ ᠎ᠦᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠠᠵᠢᠯ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠂ ᠴᠡᠷᠢᠭ ᠎ᠢ ᠬᠦᠷᠢᠶᠡᠯᠡᠬᠦ᠌ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠦᠶ᠋ᠯᠡᠳᠦᠯ᠎ᠢ ᠪᠠᠳᠠᠷᠠᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠰᠣᠯᠢᠯᠴᠠᠭ᠎ᠠ ᠬᠢᠵᠡᠢ᠃ ᠡᠨᠡ ᠬᠤᠭᠤᠴᠠᠭᠠᠨ᠎ᠳᠤ  ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠧᠦ ᠢ ᠹᠸᠩ᠎ᠢ ᠤᠷᠢᠵᠤ 《ᠱᠢᠨ᠎ᠡ ᠴᠠᠭ ᠦᠶ᠎ᠡ᠎ᠳᠦ ᠴᠡᠷᠢᠭ᠎ᠢ ᠬᠦᠷᠢᠶᠡᠯᠡᠨ ᠡᠮᠦᠨ᠎ᠡ ᠹᠷᠣᠨᠲ᠎ᠢ ᠳᠡᠮᠵᠢᠬᠦ᠌ ᠴᠢᠬᠤᠯᠠ ᠶᠡᠬᠡ ᠠᠰᠠᠭᠤᠳᠠᠯ᠎ᠤᠨ ᠰᠤᠳᠤᠯᠭᠠᠨ 》 ᠤ᠋  ᠲᠣᠭᠣᠷᠢᠨ᠎ᠳᠤ ᠬᠢᠴᠢᠶᠡᠯ ᠳᠠᠢᠯᠤᠮᠵᠢ ᠬᠢᠯᠭᠡᠪᠡ᠃

ᠪᠣᠯᠪᠠᠰᠤᠷᠠᠯ᠎ᠳᠤ ᠣᠷᠣᠯᠴᠠᠭ᠍ᠰᠠᠳ᠂ ᠰᠣᠷᠣᠭ᠍ᠰᠠᠨ ᠎ᠢᠶᠠᠨ ᠪᠣᠳᠠᠲᠠᠶ ᠠᠵᠢᠯᠯᠠᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠴᠡᠷᠢᠭ ᠠᠩᠭᠢ ᠪᠠ ᠣᠷᠣᠨ ᠨᠤᠲᠤᠭ᠎ᠤᠨ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠪᠡᠷᠳᠡᠭᠡᠨ ᠵᠠᠰᠠᠬᠤ ᠣᠷᠣᠨ᠎ᠤ ᠬᠣᠶᠠᠷ᠎ᠢ ᠬᠦᠷᠢᠶᠡᠯᠡᠬᠦ᠌ ᠠᠵᠢᠯ᠎ᠤᠨ ᠶᠠᠰᠤ  ᠴᠢᠨᠠᠷ ᠎ᠢ  ᠳᠡᠭᠡᠭ᠌ᠰᠢᠯᠡᠭᠦᠯᠦᠨ  ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ  ᠭᠡᠵᠦ   ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号