ᠶᠡᠬᠡ ᠬᠢᠩᠭᠠᠨ ᠳᠠᠪᠠᠭ᠎ᠠ ᠶ᠋ᠢᠨ ᠨᠠᠷᠠᠰᠦᠨ ᠮᠤᠳᠤ ᠮᠢᠩᠭᠠᠨ ᠭᠠᠵᠠᠷ ᠦᠶᠡᠯᠵᠡᠵᠦ᠂ ᠤᠢ ᠱᠢᠭᠤᠢ᠌ᠴᠢᠳ ᠤ᠋ᠨ ᠦᠨᠡᠨᠴᠢ ᠵᠢᠳᠬᠦᠯ ᠬᠥᠮᠦᠰ ᠤ᠋ᠨ ᠰᠡᠳᠭᠢᠯ ᠳ᠋ᠦ ᠬᠣᠨᠣᠭ᠍ᠰᠢᠨᠠ᠃ ᠤᠢᠷ᠎ᠠ ᠳ᠋ᠤ᠂ ᠬᠥᠯᠥᠨ ᠪᠤᠢ᠌ᠷ ᠬᠤᠳᠠ ᠶ᠋ᠢᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠵᠣᠬᠢᠶᠠᠨ ᠪᠦᠲᠦᠭᠡᠭ᠌ᠰᠡᠨ ᠲᠤᠮᠤ ᠬᠡᠯᠪᠡᠷᠢ ᠶ᠋ᠢᠨ ᠶᠠᠷᠢᠶᠠᠲᠤ ᠵᠦᠴᠦᠭᠡ 《ᠠᠪᠤ ᠬᠢᠭᠡᠳ ᠬᠢᠩᠭᠠᠨ ᠳᠠᠪᠠᠭ᠎ᠠ》 ᠵᠢ ᠥᠪᠥᠷ ᠮᠣᠩᠭᠣᠯ ᠤ᠋ᠨ ᠤᠯᠠᠭᠠᠨ ᠲᠢᠶᠠᠲ᠋ᠷ ᠲᠦ᠍ ᠲᠤᠭᠯᠠᠵᠦ᠂ ᠶᠠᠷᠢᠶᠠᠲᠤ ᠵᠦᠴᠦᠭᠡ ᠶ᠋ᠢᠨ ᠤᠷᠠᠯᠢᠭ ᠤ᠋ᠨ ᠷᠢᠳᠢ ᠱᠢᠳᠢ ᠵᠢ ᠮᠡᠳᠡᠷᠡᠭᠦᠯᠦᠭᠰᠡᠨ ᠤ᠋ ᠤᠯᠠᠮ ᠢ᠋ᠶ᠋ᠡᠷ ᠣᠶ ᠱᠢᠭᠤᠶ ᠶ᠋ᠢᠨ ᠠᠵᠢᠯᠴᠢᠨ ᠤ᠋ ᠭᠤᠶᠠᠴᠢ ᠥᠬᠡᠶ ᠬᠤᠪᠢ ᠨᠡᠮᠡᠷᠢ ᠦᠵᠡᠭᠦᠯᠬᠦ᠌ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠪᠠ᠃
《ᠠᠪᠤ ᠬᠢᠭᠡᠳ ᠬᠢᠩᠭᠠᠨ ᠳᠠᠪᠠᠭ᠎ᠠ 》 ᠨᠢ ᠶᠡᠬᠡ ᠬᠢᠩᠭᠠᠨ ᠳᠠᠪᠠᠭ᠎ᠠ ᠶ᠋ᠢᠨ ᠱᠢᠭᠤᠢᠲᠤ ᠣᠷᠣᠨ ᠤ᠋ 70 ᠭᠠᠷᠤᠶ ᠵᠢᠯ ᠤ᠋ᠨ ᠬᠥᠭ᠌ᠵᠢᠭᠦᠯᠦᠯᠲᠡ ᠥᠭᠡᠷᠡᠴᠢᠯᠡᠯᠲᠡ ᠶ᠋ᠢᠨ ᠲᠡᠦᠬᠡ ᠪᠡᠷ ᠱᠢᠵᠢᠮᠯᠡᠵᠦ᠂ ᠬᠡᠳᠦᠨ ᠦᠶ᠎ᠡ ᠶ᠋ᠢᠨ ᠣᠶ ᠱᠢᠭᠤᠶ ᠶ᠋ᠢᠨ ᠠᠵᠢᠯᠴᠢᠳ ᠤ᠋ᠨ 《ᠮᠣᠳᠣ ᠣᠭ᠍ᠲᠣᠯᠤᠭ᠍ᠰᠠᠳ》 ᠪᠠᠢᠭᠰᠠᠨ ᠡᠴᠡ ᠪᠠᠨ《ᠣᠶ ᠬᠠᠮᠠᠭᠠᠯᠠᠭ᠍ᠴᠢᠳ》 ᠪᠤᠯᠤᠭᠰᠠᠨ ᠬᠤᠪᠢᠷᠠᠯᠳᠠ ᠵᠢᠨ ᠲᠤᠭᠤᠷᠢᠨ ᠳ᠋ᠤ ᠯᠢᠨ ᠴᠢᠩ ᠱᠠᠨ᠂ ᠼᠤᠤ ᠳ᠋ᠠ ᠱᠦᠨ ᠵᠡᠷᠭᠡ ᠳᠦᠷᠢ ᠵᠢ ᠪᠦᠳᠦᠭᠡᠵᠦ᠂ ᠣᠶ ᠱᠢᠭᠤᠶ ᠶ᠋ᠢᠨ ᠠᠵᠢᠯᠴᠢᠳ ᠤ᠋ᠨ ᠱᠢᠭᠤᠢᠳᠦ ᠤᠷᠤᠨ ᠤ᠋ ᠮᠥᠰᠥ᠍ ᠴᠠᠰᠤ ᠶᠡᠬᠡᠳᠡᠢ ᠬᠠᠳᠠᠭᠤ ᠪᠡᠷᠭᠡᠰᠢᠶᠡᠯᠳᠦ ᠤᠷᠴᠢᠨ ᠳ᠋ᠡᠬᠢ ᠲᠡᠮᠡᠴᠡᠯ ᠤ᠋ᠨ ᠲᠡᠦᠬᠡᠨ ᠶᠠᠪᠤᠴᠠ ᠵᠢ ᠳᠠᠬᠢᠨ ᠢᠯᠡᠷᠡᠭᠦᠯᠵᠦ᠍᠂ ᠠᠮᠢ ᠠᠬᠤᠶ ᠶ᠋ᠢᠨ ᠪᠤᠯᠪᠠᠰᠤᠨᠤ ᠤᠢᠯᠠᠭᠠᠭᠳᠠᠬᠤᠨ ᠢ᠋ ᠳᠠᠮᠵᠢᠭᠤᠯᠤᠨ᠂ ᠭᠤᠶᠠᠴᠢ ᠦᠬᠡᠢ ᠵᠢᠳᠬᠦᠯ ᠦᠵᠡᠬᠦᠯᠬᠦ ᠵᠤᠷᠢᠭ ᠰᠠᠨᠠᠭ᠎ᠠ ᠵᠢ ᠮᠠᠭᠳᠠᠵᠠᠢ᠃ ᠵᠦᠴᠦᠭᠡ ᠳ᠋ᠤ ᠠᠬᠤᠢᠴᠢᠯᠠᠨ ᠪᠦᠳᠦᠭᠡᠭᠰᠡᠨ ᠲᠠᠢᠰᠠᠨ ᠤ᠋ ᠦᠵᠡᠮᠵᠢ᠂ ᠨᠤᠲᠤᠭ ᠤ᠋ᠨ ᠠᠶᠠᠯᠭᠤ ᠲᠠᠢ ᠲᠠᠢᠰᠠᠨ ᠤ᠋ ᠦᠭᠡ ᠪᠣᠯᠤᠨ ᠰᠦᠷ ᠶᠡᠬᠡᠳᠡᠢ ᠤᠤᠬᠠᠢ ᠶ᠋ᠢᠨ ᠳᠠᠭᠤᠨ ᠰᠤᠯᠪᠢᠴᠠᠵᠦ᠂ ᠲᠦᠷᠪᠡᠨ ᠤᠯᠠᠷᠢᠯ ᠤᠷᠴᠢᠯᠳᠤᠭᠰᠠᠨ ᠬᠦᠦᠷᠨᠢᠯ ᠨᠢ ᠱᠢᠭᠤᠢᠲᠤ ᠣᠷᠣᠨ ᠤ᠋ ᠪᠦᠳᠦᠭᠡᠨ ᠪᠠᠢᠭᠤᠯᠤᠯᠲᠠ ᠶ᠋ᠢᠨ ᠬᠦᠴᠢᠷ ᠵᠣᠪᠠᠭᠤᠷᠢ ᠵᠢ ᠦᠵᠡᠬᠦᠯᠦᠭᠰᠡᠨ ᠢ᠋ᠶ᠋ᠡᠷ ᠪᠠᠷᠠᠬᠤ ᠦᠭᠡᠢ ᠪᠠᠰᠠ ᠬᠥᠯᠥᠨ ᠪᠤᠢ᠌ᠷ ᠣᠷᠣᠨ ᠤ᠋ ᠠᠷᠠᠳ ᠤ᠋ᠨ ᠵᠠᠩ ᠦᠢᠯᠡ ᠶ᠋ᠢᠨ ᠣᠨᠴᠠᠯᠢᠭ ᠢ᠋ ᠬᠠᠷᠠᠭᠤᠯᠵᠦ᠂ ᠦᠵᠡᠭ᠌ᠴᠢᠳ ᠲᠦ᠍ ᠭᠦᠨ ᠰᠠᠭᠤᠭ᠍ᠳᠠᠯ ᠦᠭᠴᠦ᠂ ᠤᠢ ᠰᠢᠭᠤᠢ ᠶ᠋ᠢᠨ ᠠᠵᠢᠯᠴᠢᠳ ᠤ᠋ᠨ ᠴᠢᠩ ᠦᠨᠡᠨᠴᠢ ᠬᠠᠷᠢᠭᠤᠴᠠᠯᠭ᠎ᠠ ᠡᠭᠦᠷᠭᠡᠯᠡᠯ ᠢ᠋ ᠮᠡᠳᠡᠷᠡᠭᠦᠯᠦᠭᠰᠡᠨ ᠪᠠᠢᠨ᠎ᠠ᠃
ᠶᠠᠷᠢᠶᠠᠲᠤ ᠵᠦᠴᠦᠭᠡ 《ᠠᠪᠤ ᠬᠢᠭᠡᠳ ᠬᠢᠩᠭᠠᠨ ᠳᠠᠪᠠᠭ᠎ᠠ》 ᠪᠤᠯ 2023 ᠣᠨ ᠤ᠋ ᠥᠪᠡᠷᠲᠡᠭᠡᠨ ᠵᠠᠰᠠᠬᠤ ᠣᠷᠣᠨ ᠤ᠋ ᠲᠠᠢᠰᠠᠨ ᠤ᠋ ᠤᠷᠠᠯᠢᠭ ᠤ᠋ᠨ ᠰᠣᠳᠣᠨ ᠪᠦᠲᠦᠭᠡᠯ ᠢ᠋ ᠲᠡᠳᠬᠦᠨ ᠳᠡᠮᠵᠢᠬᠦ᠌ ᠵᠦᠴᠦᠭᠡ ᠪᠠᠢᠵᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠵᠢᠷᠭᠤᠳᠤᠭᠠᠷ ᠬᠤᠭᠤᠴᠠᠭᠠᠨ ᠤ᠋ ᠣᠶᠤᠨ ᠤ᠋ ᠪᠣᠯᠪᠠᠰᠤᠨ ᠤ᠋ ᠪᠠᠢᠭᠤᠯᠤᠯᠲᠠ ᠶ᠋ᠢᠨ 《ᠲᠠᠪᠤᠨ ᠨᠢᠭᠡ ᠶ᠋ᠢᠨ ᠢᠨᠵᠧᠨᠧᠷᠢᠩ》 ᠤ᠋ᠨ ᠱᠢᠯᠢᠳᠡᠭ ᠪᠦᠲᠦᠭᠡᠯ ᠤ᠋ᠨ ᠱᠠᠩᠨᠠᠯ ᠵᠢᠡᠷ ᠲᠤᠳᠤᠷᠠᠭᠰᠠᠨ ᠪᠦᠳᠦᠬᠡᠯ ᠪᠤᠯᠤᠨ᠎ᠠ᠃ ᠲᠤᠰ ᠶᠠᠷᠢᠶᠠᠳᠤ ᠵᠦᠴᠦᠬᠡ ᠶ᠋ᠢ 2024 ᠣᠨ ᠳ᠋ᠤ ᠠᠩᠬ᠎ᠠ ᠲᠣᠭ᠍ᠯᠠᠭ᠍ᠰᠠᠨ ᠡᠴᠡ ᠨᠠᠭᠠᠰᠢ ᠨᠢᠭᠡᠨᠲᠡ 40 ᠭᠠᠷᠤᠶ ᠲᠠᠯᠠᠪᠠᠶ ᠲᠣᠭ᠍ᠯᠠᠵᠤ᠂ ᠤᠷᠢᠳ ᠬᠣᠵᠢᠳ ᠥᠪᠡᠷᠲᠡᠭᠡᠨ ᠵᠠᠰᠠᠬᠤ ᠣᠷᠣᠨ ᠤ᠋ ᠱᠢᠯᠢᠳᠡᠭ ᠵᠦᠴᠦᠭᠡ ᠶ᠋ᠢᠨ ᠱᠠᠩᠨᠠᠯ ᠵᠡᠷᠭᠡ ᠣᠯᠠᠨ ᠲᠥᠷᠥᠯ ᠤ᠋ᠨ ᠢᠷᠠᠭᠤ ᠠᠯᠳᠠᠷ ᠢ᠋ ᠭᠥᠷᠳᠡᠪᠡ᠃ ᠲᠣᠰ ᠤᠳᠠᠭ᠎ᠠ ᠵᠢᠨ ᠲᠣᠭᠣᠷᠢᠨ ᠲᠣᠭ᠍ᠯᠠᠯᠲᠠ ᠵᠢ ᠬᠥᠯᠥᠨ ᠪᠣᠢᠷ ᠬᠣᠲᠠ ᠶ᠋ᠢᠨ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠡᠴᠡ ᠭᠤᠤᠯᠯᠠᠨ ᠡᠷᠭᠢᠯᠡᠵᠦ᠍᠂ ᠬᠥᠯᠥᠨ ᠪᠣᠢᠷ ᠬᠣᠲᠠ ᠶ᠋ᠢᠨ ᠤᠷᠠᠯᠢᠭ ᠵᠦᠴᠦᠭᠡ ᠶ᠋ᠢᠨ ᠬᠦᠷᠢᠶᠡᠯᠡᠩ (ᠬᠥᠯᠥᠨ ᠪᠣᠢᠷ ᠬᠣᠲᠠ ᠶ᠋ᠢᠨ ᠤᠯᠠᠭᠠᠨᠮᠥ᠋ᠴᠢᠷ) ᠤ᠋ᠨ ᠲᠣᠭ᠍ᠯᠠᠭ᠍ᠴᠢᠳ ᠡᠴᠡ ᠲᠤᠭᠯᠠᠵᠦ᠂ ᠤᠷᠠᠨ ᠨᠠᠷᠢᠯᠢᠭ ᠲᠠᠢᠰᠠᠨ ᠤ᠋ ᠲᠣᠭ᠍ᠯᠠᠯᠲᠠ᠂ ᠭᠦᠨ ᠭᠦᠨᠵᠡᠭᠡᠶ ᠴᠠᠭ ᠦᠶ᠎ᠡ ᠶ᠋ᠢᠨ ᠭᠣᠣᠯ ᠰᠡᠳᠦᠪ ᠢ᠋ᠶ᠋ᠡᠷ ᠬᠥᠬᠡᠬᠣᠲᠠ ᠶ᠋ᠢᠨ ᠦᠵᠡᠭ᠌ᠴᠢᠳ ᠲᠦ᠍ ᠦᠵᠡᠯ ᠰᠠᠨᠠᠭᠠᠨ ᠤ᠋ ᠭᠦᠨᠴᠡ᠂ ᠤᠷᠠᠯᠢᠭ ᠤ᠋ᠨ ᠭᠤᠸ᠎ᠠ ᠰᠠᠢᠬᠠᠨ ᠪᠠ ᠣᠶᠤᠨ ᠰᠠᠨᠠᠭᠠᠨ ᠤ᠋ ᠬᠦᠴᠦᠨ ᠪᠦᠬᠦᠢ ᠰᠣᠶᠣᠯ ᠤ᠋ᠨ ᠦᠪᠡᠳᠡᠭ᠌ᠰᠢ ᠨᠠᠢᠷ ᠢ᠋ ᠰᠤᠨᠢᠷᠬᠠᠭᠤᠯᠵᠠᠢ᠃