ᠣᠢᠷ᠎ᠠ᠎ᠳᠤ᠂ ᠰᠤᠷᠭᠠᠨ ᠬᠥᠮᠦᠵᠢᠯ᠎ᠦᠨ
ᠶᠠᠮᠤᠨ᠎ᠤ ᠠᠯᠪᠠᠨ ᠰᠦᠯᠵᠢᠶ᠎ᠡ 《ᠰᠤᠷᠭᠠᠨ ᠬᠥᠮᠦᠵᠢᠯ᠎ᠦᠨ ᠶᠠᠮᠤᠨ᠎ᠤ 2024 - 2025 ᠰᠤᠷᠤᠯᠭ᠎ᠠ᠎ᠶᠢᠨ ᠣᠨ᠎ᠤ ᠵᠢᠩᠬᠢᠨᠢ
ᠠᠩᠭᠢ ᠪᠠ ᠲᠤᠰᠬᠠᠢ ᠮᠡᠷᠭᠡᠵᠢᠯ᠎ᠦᠨ ᠠᠩᠭᠢ᠎ᠶᠢᠨ ᠰᠣᠷᠣᠭ᠍ᠴᠢ᠎ᠶᠢᠨ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ
ᠮᠥᠩᠭᠥ ᠭᠥᠷᠳᠡᠭᠰᠡᠨ ᠰᠣᠷᠣᠭ᠍ᠴᠢ᠎ᠶᠢᠨ ᠨᠡᠷᠡᠰ᠎ᠦᠨ ᠲᠤᠬᠠᠢ ᠠᠯᠪᠠᠨ ᠵᠠᠷᠯᠠᠯ》᠎ᠢ ᠨᠡᠢᠲᠡᠯᠡᠵᠦ᠂ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ 1206 ᠰᠣᠷᠣᠭ᠍ᠴᠢ ᠵᠢᠭ᠍ᠰᠠᠭᠠᠯᠲᠠ᠎ᠳᠤ ᠣᠷᠣᠪᠠ᠃
2024 - 2025 ᠰᠤᠷᠤᠯᠭ᠎ᠠ᠎ᠶᠢᠨ ᠣᠨ ᠤ ᠵᠢᠩᠬᠢᠨᠢ
ᠠᠩᠭᠢ ᠪᠠ ᠲᠤᠰᠬᠠᠢ
ᠮᠡᠷᠭᠡᠵᠢᠯ᠎ᠦᠨ ᠠᠩᠭᠢ ᠵᠢᠨ ᠰᠣᠷᠣᠭ᠍ᠴᠢ᠎ᠶᠢᠨ ᠤᠯᠤᠰ᠎ᠤᠨ ᠰᠤᠷᠤᠯᠭ᠎ᠠ ᠵᠢᠨ ᠱᠠᠩᠨᠠᠯ᠎ᠤᠨ ᠮᠥᠩᠭᠥ ᠭᠥᠷᠳᠡᠭᠰᠡᠨ
ᠰᠣᠷᠣᠭ᠍ᠴᠢ᠎ᠶᠢᠨ ᠨᠡᠷᠡᠰ᠎ᠦᠨ ᠲᠤᠬᠠᠢ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠵᠠᠷᠯᠠᠯ
《〈ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠤᠨ ᠠᠩᠭᠢ᠎ᠶᠢᠨ ᠰᠣᠷᠣᠭ᠍ᠴᠢ᠎ᠶᠢᠨ ᠤᠯᠤᠰ᠎ᠤᠨ
ᠰᠤᠷᠤᠯᠭ᠎ᠠ᠎ᠶᠢᠨ ᠱᠠᠩᠨᠠᠯ᠎ᠤᠨ ᠮᠥᠩᠭᠥ᠎ᠶᠢ ᠬᠢᠨᠠᠨ ᠲᠣᠭᠲᠠᠭᠠᠬᠤ ᠠᠷᠭ᠎ᠠ〉᠎ᠶᠢ ᠳᠠᠷᠤᠮᠠᠯᠯᠠᠨ ᠲᠠᠷᠬᠠᠭᠠᠬᠤ
ᠲᠤᠬᠠᠢ ᠰᠤᠷᠭᠠᠨ ᠬᠥᠮᠦᠵᠢᠯ᠎ᠦᠨ ᠶᠠᠮᠤᠨ ᠬᠥᠮᠥᠨ᠎ᠦ ᠬᠦᠴᠦᠨ᠎ᠦ
ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠴᠡᠷᠢᠭ᠎ᠦᠨ ᠠᠯᠪᠠᠨ᠎ᠠᠴᠠ ᠪᠠᠭᠤᠭᠰᠠᠳ᠎ᠤᠨ ᠶᠠᠪᠤᠳᠠᠯ ᠤ᠋ᠨ ᠶᠠᠮᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠤᠯᠤᠰ᠎ᠤᠨ
ᠪᠠᠲᠤᠯᠠᠨ ᠬᠠᠮᠠᠭᠠᠯᠠᠯᠲᠠ᠎ᠶᠢᠨ ᠳᠠᠢᠴᠢᠯᠠᠯᠲᠠ᠎ᠶᠢᠨ ᠬᠡᠯᠲᠡᠰ᠎ᠦᠨ ᠮᠡᠳᠡᠭᠳᠡᠯ》᠂《〈ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ
ᠠᠩᠭᠢ᠎ᠶᠢᠨ ᠰᠣᠷᠣᠭ᠍ᠴᠢ᠎ᠶᠢᠨ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ᠎ᠶᠢ ᠬᠢᠨᠠᠨ ᠲᠣᠭᠲᠠᠭᠠᠬᠤ ᠠᠷᠭ᠎ᠠ〉᠎ᠶᠢ ᠳᠠᠷᠤᠮᠠᠯᠯᠠᠨ ᠲᠠᠷᠬᠠᠭᠠᠬᠤ
ᠲᠤᠬᠠᠢ ᠰᠤᠷᠭᠠᠨ ᠬᠥᠮᠦᠵᠢᠯ᠎ᠦᠨ ᠶᠠᠮᠤᠨ ᠡᠳ᠋᠎ᠦᠨ ᠵᠠᠰᠠᠭ᠎ᠤᠨ
ᠶᠠᠮᠤᠨ᠎ᠤ ᠮᠡᠳᠡᠭᠳᠡᠯ》 ᠪᠣᠯᠣᠨ 《ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ
ᠱᠠᠲᠤ ᠪᠠ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠱᠠᠲᠤᠨ᠎ᠤ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ
ᠮᠥᠩᠭᠥ᠎ᠶᠢᠨ ᠲᠥᠷᠥ᠎ᠶᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ》᠎ᠤᠨ ᠬᠣᠯᠪᠣᠭᠳᠠᠯ ᠪᠦᠬᠦᠢ ᠲᠣᠭᠲᠠᠭᠠᠯ᠎ᠢ
ᠦᠨᠳᠦᠰᠦᠯᠡᠨ᠂ ᠰᠤᠷᠭᠠᠨ ᠬᠥᠮᠦᠵᠢᠯ᠎ᠦᠨ ᠶᠠᠮᠤᠨ᠂ ᠡᠳ᠋᠎ᠦᠨ ᠵᠠᠰᠠᠭ᠎ᠤᠨ ᠶᠠᠮᠤᠨ ᠬᠠᠮᠲᠤᠷᠠᠨ ᠤᠯᠤᠰ᠎ᠤᠨ ᠰᠤᠷᠤᠯᠭ᠎ᠠ᠎ᠶᠢᠨ
ᠱᠠᠩᠨᠠᠯ᠎ᠤᠨ ᠮᠥᠩᠭᠥ᠎ᠶᠢ ᠬᠢᠨᠠᠨ ᠲᠣᠭᠲᠠᠭᠠᠬᠤ ᠤᠳᠤᠷᠢᠳᠬᠤ ᠳᠤᠭᠤᠢᠯᠠᠩ ᠪᠠᠢᠭᠤᠯᠵᠤ᠂ ᠤᠯᠤᠰ᠎ᠤᠨ ᠰᠤᠷᠤᠯᠭ᠎ᠠ᠎ᠶᠢᠨ
ᠱᠠᠩᠨᠠᠯ᠎ᠤᠨ ᠮᠥᠩᠭᠥ᠎ᠶᠢ ᠬᠢᠨᠠᠨ ᠲᠣᠭᠲᠠᠭᠠᠬᠤ ᠺᠣᠮᠢᠰ ᠭᠠᠷᠭᠠᠨ᠂ ᠪᠤᠰᠤᠳᠴᠢ᠂ ᠡᠷᠬᠡ ᠲᠡᠭᠰᠢ᠂ ᠲᠥᠪ ᠭᠣᠣᠯᠴᠢ
ᠪᠠᠢᠬᠤ ᠵᠠᠷᠴᠢᠮ ᠶᠣᠰᠣᠭᠠᠷ᠂ ᠡᠯ᠎ᠡ ᠮᠤᠵᠢ (ᠣᠷᠣᠨ᠂ ᠬᠣᠲᠠ)᠂ ᠲᠤᠰᠠᠭᠠᠷ ᠳᠦᠯᠦᠪᠯᠡᠬᠡᠳᠤ ᠬᠣᠲᠠ ᠵᠢᠴᠢ ᠰᠢᠨᠵᠢᠶᠠᠩ᠎ᠤᠨ
ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠂
ᠲᠥᠪ᠎ᠦᠨ ᠬᠣᠯᠪᠣᠭᠳᠠᠯ ᠪᠦᠬᠦᠢ ᠰᠠᠯᠠᠭ᠎ᠠ ᠮᠥᠴᠢᠷ (ᠨᠢᠭᠡᠴᠢ)᠎ᠤᠨ ᠰᠤᠷᠭᠠᠨ ᠬᠥᠮᠦᠵᠢᠯ᠎ᠦᠨ ᠵᠤᠷᠭᠠᠨ (ᠲᠣᠪᠴᠢᠶ᠎ᠠ) ᠪᠣᠯᠣᠨ ᠰᠤᠷᠭᠠᠨ ᠬᠥᠮᠦᠵᠢᠯ᠎ᠦᠨ ᠶᠠᠮᠤᠨ᠎ᠤ ᠰᠢᠭᠤᠳ ᠬᠠᠷᠢᠶ᠎ᠠ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠮᠡᠳᠡᠭᠦᠯᠦᠨ
ᠬᠦᠷᠭᠡᠭᠰᠡᠨ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ ᠠᠩᠭᠢ᠎ᠶᠢᠨ ᠰᠣᠷᠣᠭ᠍ᠴᠢ᠎ᠶᠢᠨ ᠤᠯᠤᠰ᠎ᠤᠨ ᠰᠤᠷᠤᠯᠭ᠎ᠠ᠎ᠶᠢᠨ
ᠱᠠᠩᠨᠠᠯ᠎ᠤᠨ ᠮᠥᠩᠭᠥ᠎ᠶᠢ ᠬᠢᠨᠠᠨ ᠲᠣᠭᠲᠠᠭᠠᠬᠤ ᠮᠠᠲᠧᠷᠢᠶᠠᠯ᠎ᠢ ᠬᠢᠨᠠᠮᠠᠭᠠᠢ ᠬᠢᠨᠠᠨ ᠰᠢᠯᠭᠠᠷᠠᠭᠤᠯᠪᠠ᠂ ᠣᠲᠣ᠌
ᠱᠠᠩᠨᠠᠯ ᠭᠥᠷᠳᠡᠭᠰᠡᠨ ᠰᠣᠷᠣᠭ᠍ᠴᠢ᠎ᠶᠢᠨ ᠨᠡᠷᠡᠰ᠎ᠢ ᠵᠠᠷᠯᠠᠨ ᠨᠡᠢᠲᠡᠯᠡᠶ᠎ᠡ᠃
ᠪᠦᠬᠦ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ
ᠰᠤᠷᠤᠭ᠍ᠴᠢᠳ ᠱᠠᠩᠨᠠᠯ ᠣᠯᠣᠭᠰᠠᠨ ᠰᠤᠷᠤᠭ᠍ᠴᠢ᠎ᠪᠠᠷ ᠬᠡᠪ ᠳᠠᠭᠤᠷᠢᠶᠠᠯ ᠪᠣᠯᠭᠠᠵᠤ᠂ ᠰᠢᠮᠳᠠᠨ ᠰᠤᠷᠤᠯᠴᠠᠵᠤ᠂ ᠢᠳᠡᠪᠬᠢᠲᠡᠢ
ᠤᠷᠤᠭᠰᠢᠯᠠᠨ ᠳᠠᠪᠰᠢᠵᠤ᠂ ᠶᠣᠰᠣ᠌ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ
ᠪᠦᠬᠦ ᠲᠠᠯ᠎ᠠ᠎ᠪᠠᠷ ᠬᠥᠭᠵᠢᠭᠰᠡᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ ᠪᠣᠯᠬᠤ
ᠪᠠᠷ ᠴᠢᠷᠮᠠᠢᠳᠤᠭᠠᠢ᠃
ᠰᠤᠷᠭᠠᠨ ᠬᠥᠮᠦᠵᠢᠯ᠎ᠦᠨ ᠶᠠᠮᠤᠨ
2025 ᠣᠨ᠎ᠤ 12 ᠰᠠᠷ᠎ᠠ᠎ᠶᠢᠨ 24᠎ᠦ ᠡᠳᠦᠷ
ᠳᠠᠭᠠᠯᠳᠤᠭᠤᠯᠤᠯ᠄
2024 - 2025 ᠰᠤᠷᠤᠯᠭ᠎ᠠ᠎ᠶᠢᠨ ᠣᠨ᠎ᠤ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠦᠨ ᠠᠩᠭᠢ ᠶᠢᠨᠰᠣᠷᠣᠭ᠍ᠴᠢ ᠵᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠥ ᠬᠦᠷᠲᠡᠭᠰᠡᠳ᠎ᠦᠨ ᠨᠡᠷᠡᠰ

ᠢᠷᠡᠯᠲᠡ᠄ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠰᠦᠯᠵᠢᠶ᠎ᠡ