ᠲᠥᠯᠥᠭᠡᠯᠡᠭᠴᠢᠳ᠎ᠦᠨ ᠪᠦᠯᠬᠦᠮ᠎ᠢ ᠬᠦᠬᠢᠬᠦᠯᠦᠨ ᠰᠠᠢᠰᠢᠶᠠᠪᠠ
2025-12-26 15:11:44
ᠵᠣᠬᠢᠶᠠᠭ᠍ᠴᠢ᠄
ᠴᠠᠢ ᠰᠸ ᠶᠤᠸᠠᠨ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 25᠎ᠤ ᠦᠳᠡ᠎ᠶᠢᠨ ᠡᠮᠦᠨ᠎ᠡ᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ᠎ᠦᠨ ᠳ᠋ᠦᠩᠨᠡᠨ ᠰᠠᠢᠰᠢᠶᠠᠬᠤ ᠵᠢᠴᠢ ᠡᠪᠦᠯ᠎ᠦᠨ ᠪᠣᠯᠪᠠᠰᠤᠷᠠᠯ᠎ᠤᠨ ᠳᠠᠢᠴᠢᠯᠠᠯᠲᠠ᠎ᠶᠢᠨ ᠶᠡᠬᠡ ᠬᠤᠷᠠᠯ ᠬᠥᠬᠡᠬᠣᠲᠠ᠎ᠳᠤ ᠶᠠᠪᠤᠭᠳᠠᠪᠠ᠃


QQ截图20251001104448.png


ᠣᠢᠯᠠᠭᠠᠭᠰᠠᠨ᠎ᠢᠶᠠᠷ᠂ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠳ᠋ᠤ᠂ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ 200 ᠲᠠᠮᠢᠷᠴᠢᠨ ᠲᠣᠮᠢᠯᠠᠵᠤ᠂ ᠣᠲᠣ᠌ ᠦᠶ᠎ᠡ᠎ᠶᠢᠨ ᠲᠠᠪᠤᠨ ᠲᠥᠷᠥᠯ᠂ ᠪᠥᠬᠡ ᠪᠠᠷᠢᠯᠳᠤᠬᠤ᠂ ᠨᠢᠳᠤᠷᠭᠠᠨ ᠲᠡᠮᠡᠴᠡᠭᠡᠨ᠂ ᠵᠢᠣᠳᠣᠣ᠂ ᠪᠤᠶ᠋ᠢᠺᠤ ᠪᠥᠮᠪᠥᠭᠡ ᠵᠡᠷᠭᠡ 18 ᠶᠡᠬᠡ ᠲᠥᠷᠥᠯ᠂ 86 ᠪᠠᠭ᠎ᠠ ᠲᠥᠷᠥᠯ᠎ᠦᠨ ᠰᠢᠢᠳᠪᠦᠷᠢᠲᠦ ᠤᠷᠤᠯᠳᠤᠭᠠᠨ᠎ᠳᠤ ᠣᠷᠣᠯᠴᠠᠵᠤ᠂ ᠨᠡᠶ᠋ᠢᠲᠡ 5 ᠠᠯᠲᠠᠨ ᠮᠧᠳᠠᠯ᠂ 4 ᠮᠥᠩᠭᠥᠨ ᠮᠧᠳᠠᠯ᠂ 12 ᠬᠦᠷᠡᠯ ᠮᠧᠳᠠᠯ᠂ 25 ᠡᠯᠰᠡᠬᠦ ᠨᠡᠷᠡᠰ᠎ᠦᠨ ᠳᠠᠷᠠᠭᠠᠯᠠᠯ ᠣᠯᠵᠠᠢ᠃ ᠥᠪᠥᠷ ᠮᠣᠩᠭᠣᠯ᠎ᠤᠨ ᠲᠥᠯᠥᠭᠡᠯᠡᠭᠴᠢᠳ᠎ᠦᠨ ᠪᠦᠯᠬᠦᠮ ᠤᠷᠤᠯᠳᠤᠭᠠᠨ᠎ᠤ ᠰᠤᠷᠲᠠᠯ ᠤᠷᠤᠯᠳᠤᠭᠠᠨ᠎ᠤ ᠰᠠᠬᠢᠯᠭ᠎ᠠ ᠪᠠᠲᠤ ᠪᠠ ᠬᠥᠭᠡᠷᠦᠭᠦᠯᠬᠦ ᠡᠮ᠎ᠢ ᠡᠰᠡᠷᠭᠦᠴᠡᠬᠦ ᠠᠰᠠᠭᠤᠳᠠᠯ 《ᠨᠢᠭᠡ ᠴᠦ᠍ ᠢᠯᠡᠷᠡᠭᠰᠡᠨ ᠦᠭᠡᠢ》 ᠪᠠᠢᠬᠤ᠎ᠶᠢ ᠪᠡᠶᠡᠯᠡᠭᠦᠯᠵᠦ᠂ ᠥᠪᠥᠷ ᠮᠣᠩᠭᠣᠯ᠎ᠤᠨ ᠵᠢᠣᠳᠣᠣ᠎ᠶᠢᠨ ᠠᠩᠭᠢ᠂ ᠪᠥᠬᠡ᠎ᠶᠢᠨ ᠠᠩᠭᠢ᠂ ᠨᠢᠳᠤᠷᠭᠠᠨ ᠲᠡᠮᠡᠴᠡᠭᠡᠨ᠎ᠦ ᠠᠩᠭᠢ᠂ ᠮᠣᠷᠢᠨ ᠮᠡᠷᠭᠡᠵᠢᠯ᠎ᠦᠨ ᠠᠩᠭᠢ ᠵᠡᠷᠭᠡ 4 ᠠᠩᠬᠢ᠂ 6 ᠲᠠᠮᠢᠷᠴᠢᠨ ᠪᠡᠶ᠎ᠡ᠎ᠶᠢᠨ ᠲᠠᠮᠢᠷ᠎ᠤᠨ ᠶᠣᠰᠣ᠌ ᠰᠤᠷᠲᠠᠬᠤᠨ᠎ᠤ ᠬᠡᠪ ᠰᠤᠷᠲᠠᠯ᠎ᠤᠨ ᠱᠠᠩᠨᠠᠯ ᠬᠦᠷᠲᠡᠪᠡ᠃


QQ截图20251217111712.png


ᠬᠤᠷᠠᠯ ᠳᠡᠭᠡᠷ᠎ᠡ ᠮᠠᠨ᠎ᠤ ᠣᠷᠣᠨ᠎ᠤ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠣᠷᠣᠯᠴᠠᠭᠠᠳ ᠱᠠᠩᠨᠠᠯ ᠣᠯᠣᠭᠰᠠᠨ ᠲᠠᠮᠢᠷᠴᠢᠨ᠂ ᠰᠤᠷᠭᠠᠭ᠍ᠴᠢ ᠪᠣᠯᠣᠨ ᠬᠣᠯᠪᠣᠭᠳᠠᠯ ᠪᠦᠬᠦᠢ ᠬᠠᠮᠲᠤ᠂ ᠬᠤᠪᠢ ᠬᠥᠮᠥᠨ᠎ᠢ ᠱᠠᠩᠨᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠲᠣᠭᠲᠠᠭᠠᠯ᠎ᠢ ᠨᠡᠢᠲᠡᠯᠡᠵᠦ᠂ 14 ᠬᠤᠪᠢ ᠬᠥᠮᠥᠨ ᠪᠠ ᠥᠪᠡᠷᠲᠡᠭᠡᠨ ᠵᠠᠰᠠᠬᠤ ᠣᠷᠣᠨ᠎ᠤ ᠮᠣᠷᠢᠨ ᠮᠡᠷᠭᠡᠵᠢᠯ᠎ᠦᠨ ᠬᠥᠳᠡᠯᠭᠡᠭᠡᠨ᠎ᠦ ᠲᠥᠪ᠎ᠦᠨ ᠣᠲᠣ᠌ ᠦᠶ᠎ᠡ᠎ᠶᠢᠨ ᠲᠠᠪᠤᠨ ᠲᠦᠷᠦᠯ᠎ᠤᠨ ᠠᠩᠭᠢ᠂ ᠥᠪᠡᠷᠲᠡᠭᠡᠨ ᠵᠠᠰᠠᠬᠤ ᠣᠷᠣᠨ᠎ᠤ ᠪᠥᠮᠪᠥᠭᠡᠨ ᠲᠥᠷᠥᠯ᠎ᠦᠨ ᠬᠥᠳᠡᠯᠭᠡᠭᠡᠨ᠎ᠦ ᠲᠥᠪ᠎ᠦᠨ ᠡᠷᠡᠭᠲᠡᠢ᠎ᠶᠢᠨ ᠪᠦᠢᠺᠦ ᠪᠥᠮᠪᠥᠭᠡ᠎ᠶᠢᠨ ᠠᠩᠭᠢ᠎ᠶᠢᠨ 2 ᠬᠠᠮᠲᠤ᠎ᠳᠦ ᠭᠠᠪᠢᠶ᠎ᠠ ᠲᠡᠮᠳᠡᠭᠯᠡᠵᠦ ᠱᠠᠩᠨᠠᠪᠠ; 52 ᠬᠤᠪᠢ ᠬᠥᠮᠥᠨ ᠪᠠ ᠥᠪᠡᠷᠲᠡᠭᠡᠨ ᠵᠠᠰᠠᠬᠤ ᠣᠷᠣᠨ᠎ᠤ ᠤᠷᠤᠯᠳᠤᠭᠠᠨ᠎ᠤ ᠪᠡᠶ᠎ᠡ ᠵᠢᠨ ᠳᠠᠮᠢᠷ ᠤ᠋ᠨ ᠪᠣᠯᠪᠠᠰᠤᠷᠠᠯ᠎ᠤᠨ ᠲᠥᠪ᠎ᠦᠨ ᠤᠷᠤᠯᠳᠤᠭᠠᠨ᠎ᠤ ᠪᠣᠯᠪᠠᠰᠤᠷᠠᠯ᠎ᠤᠨ ᠰᠠᠯᠠᠭ᠎ᠠ᠂ ᠥᠪᠡᠷᠲᠡᠭᠡᠨ ᠵᠠᠰᠠᠬᠤ ᠣᠷᠣᠨ᠎ᠤ ᠮᠣᠷᠢᠨ ᠮᠡᠷᠭᠡᠵᠢᠯ᠎ᠦᠨ ᠬᠥᠳᠡᠯᠭᠡᠭᠡᠨ᠎ᠦ ᠲᠥᠪ᠎ᠦᠨ ᠮᠣᠷᠢᠨ ᠮᠡᠷᠭᠡᠵᠢᠯ᠎ᠦᠨ ᠰᠠᠭᠠᠳ ᠳᠠᠪᠠᠬᠤ ᠠᠩᠭᠢ ᠵᠡᠷᠭᠡ 11 ᠬᠠᠮᠲᠤ᠎ᠳᠦ ᠱᠠᠩᠨᠠᠯ ᠬᠥᠬᠢᠭᠦᠯᠦᠯ ᠬᠦᠷᠲᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号