ᠲᠦᠷᠦᠬᠦᠬᠡᠨ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠳᠡᠮ᠎ᠦᠨ ᠴᠣᠯᠠ᠎ᠶ᠋ᠢᠨ ᠵᠥᠪᠯᠡᠯ᠎ᠡᠴᠡ 《2025 ᠣᠨ ᠳ᠋ᠸ᠋ ᠱᠢᠨ᠎ᠡ᠎ᠪᠡᠷ ᠨᠡᠮᠡᠭ᠌ᠳᠡᠭ᠌ᠰᠡᠨ ᠤᠶᠤᠳᠠᠨ ᠴᠣᠯᠠ ᠣᠯᠭᠣᠬᠤ ᠨᠢᠭᠡᠴᠢ ᠵᠢᠴᠢ ᠲᠡᠭᠦᠨ᠎ᠦ ᠡᠷᠳᠡᠮ᠎ᠦᠨ ᠴᠣᠯᠠ
ᠣᠯᠭᠣᠬᠤ ᠲᠤᠰᠭᠠᠶ ᠮᠡᠷᠭᠡᠵᠢᠯ᠎ᠦᠨ ᠨᠡᠷᠡᠰ᠎ᠢ ᠨᠡᠢᠲᠡᠯᠡᠬᠦ᠌ ᠲᠤᠬᠠᠶ ᠮᠡᠳᠡᠭ᠌ᠳᠡᠯ》᠎ᠢ᠋ ᠳᠠᠷᠤᠮᠠᠯᠯᠠᠨ ᠲᠠᠷᠬᠠᠭᠠᠪᠠ᠃
ᠥᠪᠡᠷᠲᠡᠭᠡᠨ ᠵᠠᠰᠠᠬᠤ ᠣᠷᠣᠨ᠎ᠤ ᠡᠷᠳᠡᠮ᠎ᠦᠨ ᠴᠣᠯᠠ᠎ᠶ᠋ᠢᠨ ᠵᠥᠪᠯᠡᠯ᠎ᠦᠨ ᠴᠢᠩᠭ᠎ᠠ ᠬᠢᠨᠠᠨ ᠲᠣᠭ᠍ᠲᠠᠭᠠᠯᠲᠠ᠎ᠪᠠᠷ
ᠳᠡᠮᠵᠢᠨ᠂ ᠦᠪᠦᠷ ᠮᠤᠩᠭᠤᠯ ᠤ᠋ᠨ ᠴᠠᠬᠳᠠᠭ᠎ᠠ ᠵᠢᠨ ᠲᠡᠭᠡᠳᠦ ᠰᠤᠷᠭᠠᠭᠤᠯᠢ ᠨᠢ ᠤᠶᠤᠳᠠᠨ ᠴᠤᠯᠠ ᠤᠯᠭᠤᠬᠤ
ᠨᠢᠬᠡᠴᠢ ᠪᠡᠷ ᠵᠦᠪᠰᠢᠶᠡᠷᠡᠭᠳᠡᠵᠦ᠂ ᠲᠠᠩᠨᠠᠨ ᠪᠠᠢᠴᠠᠭᠠᠬᠤ ᠤᠬᠠᠭᠠᠨ᠂ ᠠᠮᠤᠷ᠎ᠢ ᠬᠠᠮᠠᠭᠠᠯᠠᠬᠤ ᠵᠦᠢ᠂ ᠰᠦᠯᠵᠢᠶᠡᠨ᠎ᠦ
ᠠᠮᠤᠷ ᠲᠦᠪᠱᠢᠨ ᠬᠢᠭᠡᠳ ᠬᠠᠤᠯᠢ ᠬᠡᠷᠡᠭ᠌ᠵᠢᠭᠦᠯᠬᠦ᠌ ᠪᠠ ᠬᠠᠤᠯᠢ ᠵᠦᠢ ᠵᠡᠷᠭᠡ ᠳᠥᠷᠪᠡᠨ ᠵᠢᠩᠬᠢᠨᠢ ᠠᠩᠭᠢ᠎ᠶ᠋ᠢᠨ
ᠲᠤᠰᠭᠠᠶ ᠮᠡᠷᠭᠡᠵᠢᠯ ᠨᠢ ᠣᠶᠤᠲᠠᠨ ᠴᠣᠯᠠ ᠣᠯᠭᠣᠬᠤ ᠡᠷᠬᠡ᠎ᠶ᠋ᠢ
ᠤᠯᠪᠠ᠃

ᠲᠣᠰ ᠤᠳᠠᠭ᠎ᠠ ᠵᠢᠨ ᠵᠥᠪᠱᠢᠶᠡᠷᠡᠯ ᠣᠯᠤᠭ᠍ᠰᠠᠨ ᠶᠠᠪᠤᠳᠠᠯ ᠪᠣᠯ᠂ ᠦᠪᠦᠷ ᠮᠤᠩᠭᠤᠯ ᠤ᠋ᠨ
ᠴᠠᠬᠳᠠᠭ᠎ᠠ ᠵᠢᠨ ᠳᠡᠭᠡᠳᠦ ᠰᠤᠷᠭᠠᠭᠤᠯᠢ᠎ᠶ᠋ᠢᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ
ᠡᠭᠦᠷᠭᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ 《ᠤᠯᠤᠰ ᠲᠥᠷᠥ ᠪᠡᠷ ᠴᠠᠭ᠍ᠳᠠᠭ᠎ᠠ ᠵᠢ ᠬᠦᠮᠦᠵᠢᠬᠦᠯᠬᠦ᠂
ᠤᠯᠤᠰ ᠲᠥᠷᠥ ᠪᠡᠷ ᠰᠤᠷᠭᠠᠭᠤᠯᠢ ᠪᠠᠢᠭᠤᠯᠬᠤ》 ᠴᠢᠭ᠌ᠯᠡᠯᠲᠡ᠎ᠶ᠋ᠢ ᠪᠠᠷᠢᠮᠲᠠᠯᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ
ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠪᠠᠢᠷᠢᠱᠢᠭᠤᠯᠤᠯᠲᠠ᠎ᠶ᠋ᠢ
ᠱᠢᠯᠢᠳᠡᠭ᠌ᠵᠢᠭᠦᠯᠦᠨ᠂ ᠠᠭᠤᠯᠤᠭ᠍ᠳᠠᠬᠤᠨ᠎ᠤ ᠪᠠᠢᠭᠤᠯᠤᠯᠲᠠ᠎ᠶ᠋ᠢ ᠴᠢᠩᠭᠠᠳᠭᠠᠭᠠᠳ ᠣᠯᠤᠭ᠍ᠰᠠᠨ ᠪᠡᠯᠭᠡ ᠲᠡᠮᠳᠡᠭ᠎ᠦᠨ
ᠴᠢᠨᠠᠷᠲᠠᠶ ᠬᠡᠷᠡᠭ ᠶᠠᠪᠤᠳᠠᠯ ᠪᠣᠯᠤᠨ᠎ᠠ᠃ ᠳᠥᠷᠪᠡᠨ ᠲᠤᠰᠭᠠᠶ ᠮᠡᠷᠭᠡᠵᠢᠯ ᠤ᠋ᠨ ᠤᠶᠤᠳᠠᠨ ᠴᠣᠯᠠ ᠣᠯᠭᠣᠬᠤ ᠵᠥᠪᠱᠢᠶᠡᠷᠡᠯ ᠣᠯᠤᠭ᠍ᠰᠠᠨ ᠶᠠᠪᠤᠳᠠᠯ
ᠨᠢ ᠦᠪᠦᠷ ᠮᠤᠩᠭᠤᠯ ᠤ᠋ᠨ ᠴᠠᠬᠳᠠᠭ᠎ᠠ ᠵᠢᠨ ᠲᠡᠭᠡᠳᠦ ᠰᠤᠷᠭᠠᠭᠤᠯᠢ ᠵᠢᠨ ᠳᠣᠲᠣᠭᠠᠳᠤ᠎ᠶ᠋ᠢ ᠬᠠᠮᠠᠭᠠᠯᠠᠬᠤ ᠳᠡᠭᠡᠳᠦ
ᠵᠡᠷᠭᠡ᠎ᠶ᠋ᠢᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠪᠠᠢᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ᠌ ᠲᠠᠰ
ᠳᠠᠪᠬᠤᠷᠭ᠎ᠠ ᠪᠠ ᠶᠠᠰᠤ ᠴᠢᠨᠠᠷ᠎ᠤᠨ ᠪᠠᠲᠤᠯᠠᠭ᠎ᠠ᠎ᠶ᠋ᠢᠨ ᠲᠠᠯ᠎ᠠ᠎ᠪᠠᠷ ᠱᠢᠨ᠎ᠡ ᠳᠡᠭ᠌ᠲᠡᠷ᠎ᠲᠦ ᠭᠠᠷᠴᠤ᠌᠂ ᠳᠣᠲᠣᠭᠠᠳᠤ᠎ᠶ᠋ᠢ
ᠬᠠᠮᠠᠭᠠᠯᠠᠬᠤ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠨᠠᠩ ᠪᠠᠲᠤ ᠴᠢᠩᠭ᠎ᠠ ᠱᠢᠨᠵᠢᠯᠡᠭᠡᠨ᠎ᠦ ᠲᠤᠯᠭᠠᠭᠤᠷᠢᠯᠠᠯ
ᠬᠠᠩᠭᠠᠭ᠍ᠰᠠᠨᠢ ᠬᠠᠷᠠᠭᠤᠯᠵᠤ ᠪᠠᠢᠨ᠎ᠠ᠃

ᠤᠢᠯᠠᠭᠠᠬᠰᠠᠨ ᠵᠢᠡᠷ᠂ ᠦᠪᠦᠷ ᠮᠤᠩᠭᠤᠯ
ᠤ᠋ᠨ ᠴᠠᠬᠳᠠᠭ᠎ᠠ ᠵᠢᠨ ᠲᠡᠭᠡᠳᠦ ᠰᠤᠷᠭᠠᠭᠤᠯᠢ ᠵᠢᠨ ᠬᠢᠨ ᠠᠵᠠ ᠲᠣᠬᠢᠶᠠᠯ᠎ᠢ ᠡᠵᠡᠮᠳᠡᠵᠦ᠂ 《ᠪᠥᠬᠥᠳᠡ ᠨᠠᠢᠷᠠᠮᠳᠠᠬᠤ ᠳᠤᠮᠳᠠᠳᠤ
ᠠᠷᠠᠳ ᠤᠯᠤᠰ᠎ᠤᠨ ᠡᠷᠳᠡᠮ᠎ᠦᠨ ᠴᠣᠯᠠ᠎ᠶ᠋ᠢᠨ ᠬᠠᠤᠯᠢ》 ᠵᠢᠴᠢ ᠬᠣᠯᠪᠣᠭ᠍ᠳᠠᠯ ᠪᠥᠬᠥᠶ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠢ ᠴᠢᠩᠭ᠎ᠠ
ᠵᠢᠷᠤᠮᠯᠠᠨ᠂ ᠣᠶᠤᠲᠠᠨ ᠴᠣᠯᠠ ᠣᠯᠭᠣᠬᠤ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂
ᠶᠠᠰᠤ ᠴᠢᠨᠠᠷ᠎ᠤᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠤᠨ᠂ ᠲᠤᠰᠭᠠᠶ ᠮᠡᠷᠭᠡᠵᠢᠯ᠎ᠦᠨ ᠪᠠᠢᠭᠤᠯᠤᠯᠲᠠ᠎ᠶ᠋ᠢᠨ
ᠬᠢᠷᠢ ᠲᠦᠪᠱᠢᠨ ᠪᠠ ᠴᠢᠳᠠᠪᠤᠷᠢᠲᠠᠨ᠎ᠢ ᠬᠥᠮᠦᠵᠢᠭᠦᠯᠬᠦ᠌ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ︔ ᠨᠠᠩ
ᠣᠯᠠᠨ 《ᠨᠠᠮ᠎ᠳᠠᠭᠠᠨ ᠦᠨᠡᠨᠴᠢ ᠱᠢᠳᠤᠷᠭᠤ᠂
ᠠᠷᠠᠳ ᠲᠦᠮᠡᠨ᠎ᠳᠦ ᠦᠶ᠋ᠯᠡᠴᠢᠯᠡᠬᠦ᠌᠂ ᠲᠥᠪ ᠭᠤᠤᠯᠴᠢ᠎ᠪᠠᠷ ᠬᠠᠤᠯᠢ ᠬᠡᠷᠡᠭ᠌ᠵᠢᠭᠦᠯᠬᠦ᠌᠂ ᠰᠠᠬᠢᠯᠭ᠎ᠠ ᠪᠠᠲᠤ ᠴᠢᠩᠭ᠎ᠠ
ᠪᠠᠢᠬᠤ》 ᠥᠨᠳᠥᠷ
ᠬᠡᠪ ᠪᠣᠯᠪᠠᠰᠤᠷᠠᠯ᠎ᠲᠠᠶ ᠬᠡᠷᠡᠭ᠌ᠯᠡᠭᠡᠨ᠎ᠦ ᠬᠡᠯᠪᠡᠷᠢ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠤᠰᠭᠠᠶ ᠴᠢᠳᠠᠪᠤᠷᠢᠲᠠᠨ᠎ᠢ
ᠴᠢᠷᠮᠠᠢᠨ ᠬᠥᠮᠦᠵᠢᠭᠦᠯᠵᠦ᠍᠂ ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ᠂ ᠥᠪᠡᠷᠲᠡᠭᠡᠨ
ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠦᠶ᠋ᠯᠡᠴᠢᠯᠡᠬᠦ᠌᠎ᠳᠦ ᠨᠠᠩ ᠪᠠᠳᠤ ᠴᠢᠩᠭ᠎ᠠ ᠴᠢᠳᠠᠪᠤᠷᠢᠳᠠᠨ ᠤ᠋ ᠲᠤᠯᠭᠠᠭᠤᠷᠢᠯᠠᠯ ᠪᠠ ᠴᠠᠬᠳᠠᠭᠠᠨ ᠤ᠋ ᠶᠠᠪᠤᠳᠠᠯ ᠤ᠋ᠨ ᠪᠠᠳᠤᠯᠠᠭ᠎ᠠ ᠬᠠᠩᠭᠠᠬᠤ
ᠪᠤᠯᠤᠨ᠎ᠠ᠃