ᠦᠪᠦᠷ ᠮᠤᠩᠭᠤᠯ᠎ᠤᠨ ᠠᠩᠬᠠᠳᠤᠭᠠᠷ ᠬᠤᠭᠤᠴᠠᠭᠠᠨ᠎ᠤ ᠪᠠᠭᠰᠢ ᠰᠤᠷᠤᠭᠴᠢᠳ᠎ᠤᠨ ᠵᠤᠬᠢᠶᠠᠮᠠᠯ ᠤᠶᠤᠨ ᠴᠢᠳᠠᠪᠤᠷᠢ ᠵᠢᠨ ᠬᠡᠷᠡᠭᠯᠡᠬᠡᠨ᠎ᠤ ᠤᠷᠤᠯᠳᠤᠭᠠᠨ ᠶᠠᠪᠤᠭᠳᠠᠵᠠᠢ
2025-12-27 14:50:14
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

12 ᠰᠠᠷ᠎ᠠ᠎ᠶᠢᠨ 21᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠮᠠᠰᠢᠨ ᠴᠠᠬᠢᠯᠭᠠᠨ᠎ᠤ ᠠᠵᠢᠯ ᠮᠡᠷᠭᠡᠵᠢᠯ ᠎ᠦᠨ ᠳᠡᠭᠡᠳᠦ ᠰᠤᠷᠭᠠᠭᠤᠯᠢ᠎ᠠᠴᠠ ᠳᠠᠭᠠᠭᠠᠴᠢᠯᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠎ᠤ ᠶᠡᠬᠡ ᠳᠡᠭᠡᠳᠦ ᠰᠤᠷᠭᠠᠭᠤᠯᠢ᠎ᠶᠢᠨ ᠠᠩᠬᠠᠳᠤᠭᠠᠷ ᠬᠤᠭᠤᠴᠠᠭᠠᠨ᠎ᠤ ᠪᠠᠭ᠍ᠰᠢ ᠰᠣᠷᠣᠭ᠍ᠴᠢ᠎ᠶᠢᠨ ᠵᠣᠬᠢᠶᠠᠮᠠᠯ ᠤᠶᠤᠨ ᠴᠢᠳᠠᠪᠤᠷᠢ ᠵᠢᠨ ᠤᠷᠤᠯᠳᠤᠭᠠᠨ ᠬᠦᠬᠡᠬᠤᠳᠠ᠎ᠳᠦ ᠦᠨᠳᠦᠷᠯᠡᠪᠡ᠃

ᠤᠷᠤᠯᠳᠤᠭᠠᠨ ᠨᠢ ᠤᠯᠤᠰ᠎ᠤᠨ ᠰᠤᠷᠭᠠᠨ ᠬᠥᠮᠦᠵᠢᠯ᠎ᠦᠨ ᠲᠣᠭᠠᠴᠢᠯᠠᠭᠰᠠᠨ ᠪᠠᠢᠯᠳᠤᠬᠤ ᠪᠣᠳᠣᠯᠭ᠎ᠠ᠎ᠶᠢᠨ ᠠᠵᠢᠯᠯᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ ᠪᠣᠯᠣᠨ ᠲᠣᠭᠠᠴᠢᠯᠠᠭᠰᠠᠨ ᠲᠡᠢᠰᠢ ᠬᠡᠯᠪᠡᠷᠢ᠎ᠪᠠᠨ ᠬᠤᠪᠢᠷᠠᠭᠤᠯᠬᠤ ᠵᠢ ᠭᠦᠨᠵᠡᠭᠡᠢ ᠠᠬᠢᠭᠤᠯᠬᠤ᠎ᠪᠠᠷ ᠭᠣᠣᠯ ᠰᠡᠳᠦᠪ ᠪᠣᠯᠭᠠᠵᠠᠢ᠃ ᠤᠷᠤᠯᠳᠤᠭᠠᠨ ᠡᠬᠢᠯᠡᠭᠰᠡᠨ᠎ᠡᠴᠡ ᠨᠠᠭᠠᠰᠢ᠂ ᠥᠪᠥᠷ ᠮᠣᠩᠭᠣᠯ᠎ᠤᠨ 45 ᠶᠡᠬᠡ ᠳᠡᠭᠡᠳᠦ ᠰᠤᠷᠭᠠᠭᠤᠯᠢ᠎ᠶᠢᠨ 257  ᠪᠦᠯᠬᠦᠮ ᠤᠷᠤᠯᠳᠤᠭᠠᠨ᠎ᠳᠤ ᠣᠷᠣᠯᠴᠠᠵᠤ᠂ ᠡᠯ᠎ᠡ ᠶᠡᠬᠡ ᠳᠡᠭᠡᠳᠦ ᠰᠤᠷᠭᠠᠭᠤᠯᠢ᠎ᠶᠢᠨ ᠠᠩᠬᠠᠨ᠎ᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠣᠶᠠᠳᠠᠭᠢ ᠤᠷᠤᠯᠳᠤᠭᠠᠨ᠎ᠢᠶᠠᠷ ᠳᠡᠮᠵᠢᠨ᠂ ᠨᠡᠶ᠋ᠢᠲᠡ 40 ᠪᠦᠯᠬᠦᠮ ᠰᠢᠢᠳᠪᠦᠷᠢᠲᠦ ᠤᠷᠤᠯᠳᠤᠭᠠᠨ᠎ᠳᠤ ᠣᠷᠣᠯᠴᠠᠭᠰᠠᠨ ᠪᠠᠢᠨ᠎ᠠ᠃ ᠰᠢᠢᠳᠪᠦᠷᠢᠲᠦ ᠤᠷᠤᠯᠳᠤᠭᠠᠨ᠎ᠤ ᠠᠬᠤᠢ ᠲᠠᠯᠠᠪᠠᠶ᠎ᠳᠤ᠂ ᠡᠯ᠎ᠡ ᠪᠦᠯᠬᠦᠮ ᠎ᠤᠨ ᠬᠢᠨ ᠬᠢᠴᠢᠶᠡᠯ᠎ᠦᠨ ᠲᠠᠩᠬᠢᠮ ᠎ᠤᠨ ᠵᠢᠭᠠᠨ ᠰᠤᠷᠭᠠᠯᠲᠠ᠂ ᠥᠪᠡᠷᠮᠢᠴᠡ ᠰᠤᠷᠤᠯᠴᠠᠯᠭ᠎ᠠ᠂ ᠳᠠᠳᠤᠯᠭ᠎ᠠ ᠪᠣᠯᠪᠠᠰᠤᠷᠠᠯ ᠎ᠤᠨ ᠦᠢᠯᠡᠳᠦᠯᠭᠡ᠂ ᠰᠤᠷᠭᠠᠨ ᠬᠥᠮᠦᠵᠢᠯ᠎ᠦᠨ ᠬᠠᠮᠢᠶᠠᠷᠤᠯᠲᠠ᠂ ᠡᠬᠢ ᠪᠠᠶᠠᠯᠢᠭ᠋᠎ᠤᠨ ᠪᠠᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠤᠬᠠᠢ᠎ᠶᠢᠨ ᠲᠠᠯᠠᠪᠤᠷ᠎ᠤᠨ ᠦᠵᠡᠭᠦᠯᠭᠡ᠂ ᠨᠣᠮ ᠬᠠᠶᠠᠯᠴᠠᠬᠤ ᠵᠡᠷᠭᠡ ᠭᠣᠭᠴᠣᠭ᠎ᠠ᠎ᠪᠠᠷ ᠪᠦᠲᠦᠭᠡᠯ᠎ᠦᠨ ᠵᠢᠷᠤᠭ ᠲᠥᠯᠥᠪᠯᠡᠭᠡ᠎ᠶᠢᠨ ᠣᠢᠯᠠᠭᠠᠭᠳᠠᠬᠤᠨ᠂ ᠮᠡᠷᠭᠡᠵᠢᠯ᠎ᠦᠨ ᠪᠦᠲᠦᠴᠡ ᠪᠣᠯᠣᠨ ᠬᠡᠷᠡᠭᠯᠡᠭᠡᠨ ᠎ᠦ ᠦᠷ᠎ᠡ ᠪᠦᠲᠦᠮᠵᠢ ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠤᠷᠤᠯᠳᠤᠭᠠᠨ ᠳ᠋ᠤ ᠵᠣᠬᠢᠶᠠᠮᠠᠯ ᠤᠶᠤᠨ ᠴᠢᠳᠠᠪᠤᠷᠢ ᠪᠣᠯᠣᠨ ᠰᠤᠷᠭᠠᠨ ᠬᠥᠮᠦᠵᠢᠯ᠎ᠦᠨ ᠬᠦᠷᠢᠶᠡᠨ᠎ᠦ ᠨᠡᠷᠡᠳᠦ ᠲᠤᠰᠬᠠᠢ ᠮᠡᠷᠭᠡᠵᠢᠯᠲᠡᠨ᠎ᠢ ᠤᠷᠢᠵᠤ ᠦᠨᠡᠯᠡᠨ ᠬᠢᠨᠠᠬᠤ ᠪᠦᠯᠬᠦᠮ᠎ᠢ ᠪᠦᠷᠢᠯᠳᠦᠭᠦᠯᠵᠦ᠂ ᠲᠤᠰᠬᠠᠢ ᠮᠡᠷᠭᠡᠵᠢᠯᠲᠡᠨ ᠨᠠᠷ ᠰᠢᠨ᠎ᠡ᠎ᠶᠢ ᠡᠭᠦᠳᠬᠦ ᠴᠢᠨᠠᠷ᠂ ᠮᠡᠷᠭᠡᠵᠢᠯ᠎ᠦᠨ ᠪᠣᠯᠣᠮᠵᠢᠲᠤ ᠴᠢᠨᠠᠷ᠂ ᠰᠤᠷᠭᠠᠨ ᠬᠥᠮᠦᠵᠢᠯ᠎ᠦᠨ ᠬᠡᠷᠡᠭᠯᠡᠭᠡᠨ᠎ᠦ ᠦᠷᠳᠡᠭ᠂ ᠲᠤᠬᠠᠢ᠎ᠶᠢᠨ ᠲᠠᠯᠠᠪᠠᠢ᠎ᠶᠢᠨ ᠦᠵᠡᠭᠦᠯᠭᠡ᠎ᠶᠢᠨ ᠦᠷ᠎ᠡ ᠪᠦᠲᠦᠮᠵᠢ ᠵᠡᠷᠭᠡ ᠤᠯᠠᠨ ᠲᠠᠯ᠎ᠠ᠎ᠠᠴᠠ ᠲᠤᠰᠬᠠᠢ ᠮᠡᠷᠭᠡᠵᠢᠯ᠎ᠦᠨ ᠦᠨᠡᠯᠡᠨ ᠰᠢᠯᠭᠠᠷᠠᠭᠤᠯᠤᠯᠲᠠ ᠬᠢᠵᠡᠢ᠃

ᠤᠷᠤᠯᠳᠤᠭᠠᠨ ᠨᠢ ᠥᠪᠥᠷ ᠮᠣᠩᠭᠣᠯ ᠎ᠤᠨ ᠶᠡᠬᠡ ᠳᠡᠭᠡᠳᠦ ᠰᠤᠷᠭᠠᠭᠤᠯᠢ᠎ᠶᠢᠨ《ᠵᠣᠬᠢᠶᠠᠮᠠᠯ ᠣᠶᠤᠨ ᠴᠢᠳᠠᠪᠤᠷᠢ + ᠰᠤᠷᠭᠠᠨ ᠬᠥᠮᠦᠵᠢᠯ》 ᠢ᠋ ᠠᠭᠤᠰᠤᠯᠴᠠᠭᠤᠯᠤᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ᠋ ᠲᠥᠪᠯᠡᠷᠡᠩᠭᠦᠢ ᠰᠢᠯᠭᠠᠨ ᠦᠵᠡᠭᠰᠡᠨ ᠵᠢᠡᠷ ᠪᠠᠷᠠᠬᠤ ᠦᠬᠡᠢ᠂ ᠪᠥᠬᠥ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠵᠣᠬᠢᠶᠠᠮᠠᠯ ᠤᠶᠤᠨ ᠴᠢᠳᠠᠪᠤᠷᠢ ᠵᠢᠨ ᠮᠡᠷᠭᠡᠵᠢᠯ᠎ᠢᠶᠡᠷ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠰᠢᠨᠡᠴᠢᠯᠡᠬᠦ ᠬᠠᠯᠠᠭᠤᠨ ᠰᠡᠳᠬᠢᠯᠭᠡ᠎ᠶᠢ ᠭᠦᠢᠴᠡᠳ ᠳᠠᠶ᠋ᠢᠴᠢᠯᠠᠵᠤ᠂ ᠰᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠂ ᠪᠠᠭ᠍ᠰᠢ᠎ᠶᠢᠨ ᠡᠩᠨᠡᠭᠡ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ᠂ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ᠎ᠢ ᠲᠠᠰ ᠳᠡᠪᠰᠢᠭᠦᠯᠬᠦ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠤᠷᠤᠯᠳᠤᠭᠠᠨ᠎ᠤ ᠶᠠᠪᠤᠴᠠ᠎ᠳᠠᠬᠢ ᠰᠢᠯᠢᠳᠡᠭ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ ᠪᠣᠯᠣᠨ ᠨᠡᠢᠲᠡᠯᠢᠭ ᠲᠤᠷᠰᠢᠯᠭ᠎ᠠ᠎ᠶᠢ ᠨᠠᠷᠢᠨ ᠬᠢᠨᠠᠮᠠᠭᠠᠢ ᠳ᠋ᠦᠩᠨᠡᠨ ᠳᠡᠯᠭᠡᠷᠡᠭᠦᠯᠵᠦ᠂ ᠵᠣᠬᠢᠶᠠᠮᠠᠯ ᠤᠶᠤᠨ ᠴᠢᠳᠠᠪᠤᠷᠢ ᠪᠣᠯᠣᠨ ᠰᠤᠷᠭᠠᠨ ᠬᠥᠮᠦᠵᠢᠯ᠎ᠦᠨ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠥᠪᠥᠷ ᠮᠣᠩᠭᠣᠯ᠎ᠤᠨ ᠣᠨᠴᠠᠯᠢᠭ᠋᠎ᠲᠠᠢ ᠣᠶᠤᠨᠴᠢ ᠰᠤᠷᠭᠠᠨ ᠬᠥᠮᠦᠵᠢᠯ᠎ᠦᠨ ᠰᠢᠨ᠎ᠡ ᠠᠮᠢ ᠠᠬᠤᠢ᠎ᠶᠢ ᠪᠠᠶ᠋ᠢᠭᠤᠯᠬᠤ᠎ᠶᠢ ᠠᠬᠢᠭᠤᠯᠬᠤ᠎ᠶᠢᠨ ᠬᠠᠮᠲᠤ᠂ ᠡᠯ᠎ᠡ ᠶᠡᠬᠡ ᠳᠡᠭᠡᠳᠦ ᠰᠤᠷᠭᠠᠭᠤᠯᠢ᠎ᠶᠢᠨ 《ᠵᠣᠬᠢᠶᠠᠮᠠᠯ ᠤᠶᠤᠨ ᠴᠢᠳᠠᠪᠤᠷᠢ +》ᠰᠢᠨᠵᠢᠯᠡᠭᠡᠨ᠎ᠦ ᠰᠠᠯᠠᠭ᠎ᠠ ᠰᠣᠯᠪᠢᠴᠠᠭᠰᠠᠨ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠬᠦ᠎ᠶᠢ ᠵᠣᠷᠢᠭ᠍ᠵᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号