《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠬᠦᠦᠷᠨᠢᠯ ᠱᠢᠭᠦᠮᠵᠢ 》 ᠭᠡᠬᠦ᠌ ᠨᠣᠮ᠎ᠢ ᠬᠡᠪᠯᠡᠨ ᠲᠠᠷᠬᠠᠭᠠᠪᠠ
2025-12-27 12:08:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠴᠢᠮᠡᠭᠡᠯᠡᠯ ᠤ᠋ᠨ ᠬᠣᠷᠢᠶ᠎ᠠ ᠡᠴᠡ ᠨᠠᠢᠷᠠᠭᠤᠯᠤᠨ ᠵᠣᠬᠢᠶᠠᠭ᠍ᠰᠠᠨ 《ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠬᠦᠦᠷᠨᠢᠯ ᠰᠢᠬᠦᠮᠵᠢ》 ᠭᠡᠬᠦ᠌ ᠨᠣᠮ᠎ᠢ ᠣᠢᠷ᠎ᠠ᠎ᠳᠤ ᠱᠢᠨᠬᠤᠸᠠ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃ ᠲᠣᠰ ᠨᠣᠮ᠎ᠤᠨ ᠲᠣᠭᠠᠴᠢᠯᠠᠭ᠍ᠰᠠᠨ ᠬᠡᠪᠯᠡᠯ ᠎ᠢ ᠵᠢᠷᠬᠢᠶ᠎ᠠ ᠵᠢᠨ ᠨᠣᠮ ᠤᠩᠱᠢᠯᠭ᠎ᠠ᠂ ᠠᠯᠠᠭᠠᠨ ᠲᠡᠭᠡᠷᠡᠬᠢ ᠤᠩᠱᠢᠯᠭ᠎ᠠ ᠵᠡᠷᠭᠡ ᠤᠩᠱᠢᠯᠭ᠎ᠠ᠎ᠶ᠋ᠢᠨ ᠲᠠᠪᠴᠠᠩ᠎ᠳᠤ ᠵᠡᠷᠭᠡ ᠪᠡᠷ ᠨᠡᠢᠳᠡᠯᠡᠪᠡ᠃

《ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠬᠦᠦᠷᠨᠢᠯ ᠱᠢᠭᠦᠮᠵᠢ》 ᠭᠡᠬᠦ᠌ ᠨᠣᠮ ᠎ᠢ ᠱᠢᠨᠬᠤᠸᠠ ᠴᠢᠮᠡᠭᠡᠯᠡᠯ ᠎ᠦᠨ ᠬᠣᠷᠢᠶ᠎ᠠ ᠵᠢᠨ ᠢᠯᠡ᠎ᠪᠡᠷ ᠨᠡᠢᠳᠡᠯᠡᠭᠰᠡᠨ ᠨᠠᠮ᠎ᠤᠨ ᠬᠣᠷᠢᠳᠤᠭᠠᠷ   ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤᠨ ᠬᠣᠯᠪᠣᠭ᠍ᠳᠠᠯ ᠪᠦᠬᠦᠢ ᠰᠣᠳᠣᠨ ᠮᠡᠳᠡᠭᠡᠯᠡᠯ᠎ᠦᠨ ᠭᠣᠣᠯ ᠴᠣᠭ᠍ᠴᠠ᠎ᠶ᠋ᠢᠨ ᠠᠭᠤᠯᠭ᠎ᠠ ᠪᠤᠯᠭᠠᠵᠤ ᠨᠠᠢᠷᠠᠭᠤᠯᠤᠨ ᠪᠢᠴᠢᠪᠡ᠃ ᠲᠤᠰ ᠨᠣᠮ ᠲᠦᠷᠪᠡᠨ ᠬᠡᠰᠡᠭ ᠵᠢᠡᠷ ᠪᠦᠷᠢᠯᠳᠤᠵᠤ᠂ 《ᠠᠮᠵᠢᠯᠳᠠ ᠪᠦᠳᠦᠮᠵᠢ ᠲᠡᠦᠬᠡ᠎ᠶ᠋ᠢᠨ ᠬᠠᠭᠤᠳᠠᠰᠤ᠎ᠶ᠋ᠢ ᠭᠡᠢᠭᠦᠯᠵᠤ ᠠᠤᠭ᠎ᠠ ᠲᠦᠰᠦᠪ ᠬᠦᠮᠦᠰ ᠢ᠋ ᠤᠷᠮᠠᠰᠢᠭᠤᠯᠤᠨ ᠤᠷᠤᠬᠰᠢᠯᠠᠭᠤᠯᠤᠨ᠎ᠠ》 ᠭᠡᠬᠦ᠌ ᠬᠡᠰᠡᠭ᠎ᠲᠦ᠂ ᠱᠢᠨᠬᠤᠸᠠ ᠬᠣᠷᠢᠶ᠎ᠠ ᠵᠢᠨ ᠨᠡᠢᠲᠡᠯᠡᠭ᠌ᠰᠡᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠭ᠍ᠰᠠᠨ ᠴᠢᠬᠤᠯᠠ ᠱᠢᠭᠦᠮᠵᠢ ᠎ᠶ᠋ᠢᠨ ᠲᠦᠷᠦᠯ ᠎ᠦᠨ ᠡᠬᠡ ᠪᠢᠴᠢᠭ᠎ᠢ ᠣᠷᠣᠭᠤᠯᠪᠠ; 《ᠱᠢᠨ᠎ᠡ ᠵᠢᠷᠤᠭ ᠲᠦᠰᠦᠪ ᠨᠢ ᠬᠥᠮᠦᠰ ᠎ᠢ ᠵᠣᠷᠢᠭ᠍ᠵᠢᠭᠤᠯᠵᠤ ᠱᠢᠨ᠎ᠡ ᠬᠠᠭᠤᠳᠠᠰᠤ᠎ᠶ᠋ᠢ ᠪᠢᠴᠢᠭ᠌ᠯᠡᠨ ᠡᠷᠡᠮᠡᠬᠡᠢᠯᠡᠨ ᠤᠷᠤᠭ᠍ᠰᠢᠯᠠᠨ᠎ᠠ》 ᠭᠡᠬᠦ᠌ ᠬᠡᠰᠡᠭ᠎ᠲᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ᠎ᠦᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠵᠤ ᠪᠠᠢᠭ᠎ᠠ ᠪᠠᠢᠳᠠᠯ ᠎ᠢ ᠢᠯᠡᠷᠡᠭᠦᠯᠪᠡ;《ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠵᠢᠷᠤᠭ᠍ᠯᠠᠵᠤ ᠳᠡᠯᠡᠬᠡᠢ᠎ᠶ᠋ᠢᠨ ᠡᠯ᠎ᠡ ᠤᠯᠤᠰ᠎ᠯᠤᠭ᠎ᠠ ᠠᠵᠠ ᠲᠣᠬᠢᠶᠠᠯ᠎ᠢ ᠬᠠᠮᠲᠤ ᠪᠠᠷ ᠡᠳ᠋ᠯᠡᠨ᠎ᠠ》 ᠭᠡᠬᠦ᠌ ᠬᠡᠰᠡᠭ᠎ᠲᠦ᠂ ᠳᠡᠯᠡᠬᠡᠢ ᠨᠡᠢᠭᠡᠮ᠎ᠦᠨ ᠬᠢᠨ ᠤ᠋ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ᠎ᠤ᠋ᠨ ᠲᠤᠬᠠᠢ ᠳᠡᠭᠡᠳᠦ ᠬᠡᠮᠵᠢᠶᠠᠨ ᠤ᠋ ᠦᠨᠡᠯᠡᠯᠳᠠ ᠪᠤᠯᠤᠨ ᠨᠡᠢᠳᠡᠮ ᠤ᠋ᠨ ᠬᠠᠮᠳᠤ ᠵᠢᠨ ᠲᠠᠨᠢᠯᠳᠠ ᠵᠢ ᠬᠤᠷᠢᠶᠠᠨ ᠴᠤᠬᠯᠠᠭᠤᠯᠪᠠ; 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ ᠱᠢᠨ᠎ᠡ ᠠᠶᠠᠨ ᠢ᠋ ᠯᠠᠪᠳᠠᠭᠤᠨ ᠪᠠᠲᠤᠲᠠᠢ ᠡᠬᠢᠯᠡᠭᠦᠯᠵᠦ᠍ ᠳᠤᠮᠳᠠᠳᠤ ᠤᠯᠤᠰ᠎ᠤᠨ ᠭᠠᠢᠬᠠᠮᠱᠢᠭ᠎ᠤᠨ ᠱᠢᠨ᠎ᠡ ᠬᠠᠭᠤᠳᠠᠰᠤ ᠎ᠶ᠋ᠢ ᠦᠷᠭᠦᠯᠵᠢᠯᠡᠨ ᠪᠢᠴᠢᠭ᠌ᠯᠡᠨ᠎ᠡ》 ᠭᠡᠬᠦ ᠬᠡᠰᠡᠭ ᠎ᠲᠦ᠂ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠍᠂ ᠨᠡᠢᠭᠡᠮ ᠵᠢᠷᠤᠮ ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠳ᠋ᠤ ᠱᠢᠢᠳᠪᠦᠷᠢᠲᠦ ᠴᠢᠨᠠᠷᠲᠠᠢ ᠠᠬᠢᠴᠠ᠎ᠲᠠᠶ ᠪᠣᠯᠬᠤ ᠡᠷᠡᠰ ᠪᠠᠲᠤ ᠢᠲᠡᠭᠡᠯ ᠪᠢᠱᠢᠷᠡᠯ᠎ᠢ ᠢᠯᠡᠷᠡᠭᠦᠯᠪᠡ᠃

ᠡᠭᠦᠨ᠎ᠡᠴᠡ ᠭᠠᠳᠠᠨ᠎ᠠ᠂ ᠪᠥᠬᠥ᠌ ᠨᠣᠮ ᠎ᠳᠤ ᠪᠠᠰᠠ 《ᠨᠡᠢᠭᠡᠮ ᠵᠢᠷᠤᠮ ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠳᠦ ᠨᠠᠩ ᠪᠠᠲᠤ ᠪᠠᠬᠢ ᠰᠠᠭᠤᠷᠢ ᠲᠠᠯᠪᠢᠵᠤ ᠥᠭ᠌ᠬᠦᠨ᠎ᠡ — 〈ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠰᠠᠨᠠᠭᠤᠯᠭ᠎ᠠ〉 ᠮᠡᠨᠳᠦᠯᠡᠭ᠌ᠰᠡᠨ ᠲᠡᠮᠳᠡᠭ᠌ᠯᠡᠯ》᠂  《ᠦᠵᠡᠯ ᠰᠠᠨᠠᠭᠠᠨ᠎ᠤ ᠬᠡᠷᠡᠯ ᠭᠢᠯᠪᠠᠭ᠎ᠠ ᠡᠷᠡᠮᠡᠬᠡᠢᠯᠡᠨ ᠤᠷᠤᠭ᠍ᠰᠢᠯᠠᠬᠤ ᠵᠠᠮ᠎ᠢ ᠭᠡᠷᠡᠯᠲᠦᠭᠦᠯᠦᠨ᠎ᠡ — ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ ᠱᠢᠨ᠎ᠡ ᠠᠬᠤᠶ ᠪᠠᠢᠳᠠᠯ ᠎ᠳᠤ ᠣᠷᠣᠭᠤᠯᠪᠠ》 ᠵᠡᠷᠭᠡ ᠴᠢᠬᠤᠯᠠ ᠶᠡᠬᠡ ᠵᠣᠬᠢᠶᠠᠯ᠎ᠢ ᠣᠷᠣᠭᠤᠯᠵᠠᠶ᠃

ᠲᠤᠰ ᠨᠣᠮ᠎ᠤᠨ ᠠᠭᠤᠯᠭ᠎ᠠ ᠨᠢ ᠡᠷᠬᠡ ᠰᠦᠷ᠎ᠲᠡᠶ᠂ ᠵᠢᠷᠤᠭ ᠵᠤᠬᠢᠶᠠᠯ᠎ᠢ ᠬᠠᠪᠰᠤᠷᠭᠠᠵᠦ᠂ ᠲᠦᠭᠦᠮ ᠣᠢᠯᠠᠭᠠᠮᠵᠢᠲᠠᠢ ᠪᠠᠢᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠎ᠳᠤ ᠲᠤᠰᠠᠳᠠᠢ ᠶᠤᠮ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 12 ᠰᠠᠷ᠎ᠠ᠎ᠶ᠋ᠢᠨ 26 ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号