ᠠᠷᠠᠳ ᠤ᠋ᠨ ᠠᠮᠢᠳᠤᠷᠠᠯ ᠵᠣᠯ ᠵᠢᠷᠭᠠᠯ᠎ᠢᠶᠠᠷ ᠪᠢᠯᠬᠠᠮ᠎ᠡ
2025-12-27 12:09:52
ᠵᠣᠬᠢᠶᠠᠭ᠍ᠴᠢ᠄
ᠸᠠᠩ ᠺᠦᠨ ᠵᠣᠣ ᠰᠢ ᠮᠧᠶ ᠭᠠᠩ
ᠣᠩᠱᠢᠭ᠍ᠰᠠᠨ ᠣᠳᠠᠭ᠎ᠠ᠄
★★★☆☆

  —  ᠡᠷᠡᠮᠡᠬᠡᠢᠯᠡᠨ ᠲᠡᠮᠡᠴᠡᠭ᠌ᠰᠡᠨ 2025 · ᠵᠢᠯ ᠤ᠋ᠨ ᠡᠴᠦᠰ ᠤ᠋ᠨ ᠠᠵᠢᠭ᠍ᠯᠠᠯᠲᠠ (ᠭᠤᠷᠪᠠ)


ᠠᠷᠠᠳ ᠤ᠋ᠨ ᠠᠮᠢᠳᠤᠷᠠᠯ ᠳ᠋ᠤ᠌ ᠵᠢᠵᠢᠭ ᠶᠠᠪᠤᠳᠠᠯ ᠠᠯᠠᠭ᠎ᠠ᠃ 2025 ᠣᠨ ᠳ᠋ᠤ᠌᠂ ᠥᠪᠥᠷ ᠮᠣᠩᠭᠣᠯ ᠬᠥᠭ᠌ᠵᠢᠯᠲᠡ ᠢ᠋ᠢᠨ ᠳᠤᠮᠳᠠ ᠠᠷᠠᠳ ᠤ᠋ᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠪᠤᠳᠠᠳᠠᠢ ᠠᠷᠭ᠎ᠠ ᠬᠡᠮᠵᠢᠶ᠎ᠡ᠎ᠪᠡᠷ ᠣᠯᠠᠨ ᠲᠦᠮᠡᠨ ᠤ᠋ ᠬᠦᠰᠡᠯ ᠡᠷᠡᠮᠡᠯᠵᠡᠯ ᠳ᠋ᠤ᠌ ᠬᠠᠷᠢᠭᠤᠯᠲᠠ ᠥᠭ᠌ᠴᠦ᠂  ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ᠎ᠢ ᠨᠡᠮᠡᠭ᠌ᠳᠡᠭᠦᠯᠵᠤ᠂  ᠲᠦᠭ ᠲᠦᠮᠡᠨ ᠠᠢᠯ ᠡᠷᠤᠬᠡ ᠢ᠋ᠢᠨ ᠵᠤᠯ ᠵᠢᠷᠭᠠᠯ ᠢ᠋ ᠨᠡᠮᠡᠭᠳᠡᠬᠦᠯᠪᠡ ᠃

ᠦᠳᠡᠬᠦᠰ ᠨᠢᠯᠬᠠᠰ ᠵᠢᠨᠨ ᠠᠰᠠᠷᠠᠨ ᠬᠠᠷᠠᠭᠠᠯᠵᠠᠵᠤ ᠵᠤᠯ ᠵᠢᠷᠭᠠᠯ ᠡᠳ᠋ᠯᠡᠬᠦᠯᠪᠡ

ᠦᠷ ᠤ᠋ᠨ ᠲᠤᠶᠠᠭ᠎ᠠ ᠬᠥᠬᠡᠬᠣᠲᠠ ᠢ᠋ᠢᠨ ᠵᠡᠭᠡᠯᠢ ᠭᠤᠳᠤᠮᠵᠢ ᠢ᠋ᠢ ᠬᠡᠢᠬᠦᠯᠬᠦ ᠳ᠋ᠤ᠌᠂ ᠸᠠᠩ ᠢ ᠬᠣᠶᠠᠷ ᠬᠡᠦᠬᠡᠳ ᠢ᠋ᠢᠡᠨ ᠬᠥᠲᠥᠯᠵᠦ᠍ ᠭᠡᠷ ᠤ᠋ᠨ ᠡᠬᠦᠳᠡᠨ ᠳ᠋ᠡᠬᠢ ᠬᠡᠦᠬᠡᠳ ᠰᠠᠭᠠᠲᠠᠭᠤᠯᠬᠤ ᠭᠠᠵᠠᠷ᠎ᠲᠦ ᠬᠦᠷᠬᠡᠯ᠎ᠡ᠃

2025 ᠣᠨ ᠳ᠋ᠤ᠌᠂ ᠥᠪᠥᠷ ᠮᠣᠩᠭᠣᠯ ᠦᠷᠡᠵᠢᠯ ᠤ᠋ᠨ ᠳᠡᠮᠵᠢᠯᠭᠡ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡ ᠵᠡᠷᠭᠡ ᠲᠠᠯ᠎ᠠ ᠪᠡᠷ ᠠᠵᠤ ᠠᠬᠤᠶ ᠢ᠋ᠢᠨ ᠨᠥᠬᠥᠪᠥᠷᠢ᠎ᠶ᠋ᠢ ᠨᠠᠢᠳᠠᠪᠤᠷᠢᠵᠢᠭᠤᠯᠬᠤ᠂  ᠦᠷᠡᠵᠢᠯ ᠤ᠋ᠨ ᠠᠮᠠᠷᠠᠯᠲᠠ ᠢ᠋ᠢᠨ ᠲᠦᠷᠢᠮ᠎ᠢ ᠠᠬᠢᠭᠤᠯᠬᠤ᠂  8 ᠵᠦᠶ᠋ᠯ ᠤ᠋ᠨ ᠲᠤᠰᠠᠯᠠᠬᠤ ᠦᠷᠡᠵᠢᠯ ᠤ᠋ᠨ ᠮᠡᠷᠭᠡᠵᠢᠯ ᠪᠠ ᠬᠥᠩᠭᠡᠵᠢᠯᠲᠡ ᠢ᠋ᠢᠨ ᠡᠪᠡᠳᠬᠦ᠌᠎ᠶ᠋ᠢ ᠨᠠᠮᠳᠠᠭᠤᠯᠬᠤ ᠲᠦᠷᠦᠯ ᠵᠦᠢᠯ ᠢ᠋ ᠡᠮ ᠡᠮᠨᠡᠯᠭᠡ ᠢ᠋ᠢᠨ ᠳᠠᠭᠠᠳᠭᠠᠯ ᠳ᠋ᠤ᠌ ᠤᠷᠤᠭᠤᠯᠵᠤ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠳᠠᠭᠤᠯᠵᠤ ᠬᠦᠮᠦᠵᠢᠬᠦᠯᠬᠦ ᠦᠶ᠋ᠯᠡᠴᠢᠯᠡᠭᠡᠨ ᠤ᠋ ᠪᠠᠢᠭᠤᠯᠤᠮᠵᠢ ᠢ᠋ᠢᠨ ᠬᠥᠩᠭᠡᠵᠢᠯᠳᠡ ᠢ᠋ᠢᠨ ᠳᠤᠮᠳᠠᠴᠢ ᠲᠣᠭ᠍ᠲᠠᠭ᠍ᠰᠠᠨ ᠲᠣᠭᠠᠨ᠎ᠤ ᠨᠥᠬᠥᠪᠥᠷᠢ ᠣᠯᠭᠣᠬᠤ᠂  3 ᠨᠠᠰᠤᠨ ᠡᠴᠡ ᠳᠣᠷᠣᠭ᠍ᠰᠢᠬᠢ ᠨᠢᠯᠬ᠎ᠠ ᠬᠡᠦᠬᠡᠳ᠎ᠢ ᠠᠰᠠᠷᠠᠨ ᠬᠠᠷᠠᠭᠠᠯᠵᠠᠬᠤ ᠵᠠᠷᠤᠳᠡᠯ ᠢ᠋ ᠬᠤᠪᠢ ᠬᠥᠮᠦᠨ ᠤ᠋ ᠤᠯᠵᠠᠪᠤᠷᠢ ᠶ᠋ᠢᠨ ᠭᠠᠢᠯᠢ ᠢ᠋ᠢᠨ ᠲᠤᠰᠭᠠᠶ ᠵᠦᠶ᠋ᠯ ᠤ᠋ᠨ ᠨᠡᠮᠡᠯᠲᠡ ᠰᠠᠭᠤᠳᠬᠠᠯ ᠳ᠋ᠤ᠌ ᠤᠷᠤᠭᠤᠯᠬᠤ ᠵᠡᠷᠭᠡ ᠣᠯᠠᠨ ᠵᠦᠶ᠋ᠯ ᠤ᠋ᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠬᠡᠷ ᠪᠦᠯᠢ ᠢ᠋ᠢᠨ ᠬᠡᠤᠬᠡᠳ ᠬᠦᠮᠦᠵᠢᠬᠦᠯᠬᠦ ᠥᠪᠡᠷ ᠤ᠋ᠨ ᠥᠷᠲᠡᠭ᠎ᠢ ᠦᠨᠡᠨ ᠬᠦ᠌ ᠪᠠᠭᠤᠷᠠᠭᠤᠯᠪᠠ᠃

ᠥᠪᠥᠷ ᠮᠣᠩᠭᠣᠯ ᠳ᠋ᠤ᠌ ᠨᠡᠢᠭᠡᠮ ᠲᠣᠭᠣᠷᠢᠭ ᠤ᠋ᠨ ᠡᠭᠦᠳᠡᠨ ᠳ᠋ᠤ᠌ ᠪᠠᠢᠭᠤᠯᠤᠭ᠍ᠰᠠᠨ ᠲᠤᠰᠭᠠᠶ ᠮᠡᠷᠭᠡᠵᠢᠯ ᠤ᠋ᠨ ᠬᠡᠦᠬᠡᠳ ᠰᠠᠭᠠᠳᠠᠭᠤᠯᠵᠤ ᠬᠦᠮᠦᠵᠢᠬᠦᠯᠬᠦ ᠪᠠᠢᠭᠤᠯᠤᠮᠵᠢ ᠨᠢᠭᠡᠨᠲᠡ 2100 ᠭᠠᠷᠤᠶ ᠪᠤᠯᠵᠤ᠂  ᠬᠡᠦᠬᠡᠳ ᠦᠰᠬᠡᠬᠦ ᠨᠥᠬᠥᠪᠥᠷᠢ ᠢ᠋ᠢ ᠭᠤᠶᠤᠴᠢᠯᠠᠨ ᠠᠪᠤᠭ᠍ᠰᠠᠨ ᠬᠥᠮᠦᠨ ᠤ᠋ ᠲᠣᠭ᠎ᠠ 45.3 ᠲᠦᠮᠡ ᠳ᠋ᠤ᠌ ᠬᠦᠷᠴᠦ᠍᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠳᠠᠭᠤᠯᠬᠤ ᠦᠶ᠋ᠯᠡᠴᠢᠯᠡᠭᠡᠨ ᠤ᠋ ᠪᠠᠢᠭᠤᠯᠤᠮᠵᠢ ᠢ᠋ᠢᠨ ᠰᠣᠷᠣᠭ᠍ᠴᠢ ᠪᠦᠷᠢ ᠢ᠋ᠢᠨ ᠲᠣᠭ᠍ᠲᠠᠭ᠍ᠰᠠᠨ ᠲᠣᠭᠠᠨ᠎ᠤ ᠨᠥᠬᠥᠪᠥᠷᠢ ᠨᠢ ᠨᠢᠭᠡᠨᠲᠡ 7.4 ᠲᠦᠮᠡᠨ ᠬᠥᠮᠦᠨ ᠤᠳᠠᠭ᠎ᠠ ᠳ᠋ᠤ᠌ ᠠᠰᠢᠬ ᠬᠦᠷᠳᠡᠬᠡᠵᠦ᠂ ᠮᠢᠩᠭᠠᠨ ᠬᠥᠮᠦᠨ ᠠᠮᠠ ᠪᠦᠷᠢ ᠳ᠋ᠤ᠌ 3 ᠨᠠᠰᠤᠨ ᠡᠴᠡ ᠲᠤᠷᠤᠭᠰᠢᠬᠢ ᠬᠡᠦᠬᠡᠳ ᠰᠠᠭᠠᠳᠠᠭᠤᠯᠵᠤ ᠬᠦᠮᠦᠵᠢᠬᠦᠯᠬᠦ ᠣᠷᠣᠨ ᠲᠣᠭ᠎ᠠ ᠢ᠋ᠢ 4.5 ᠎ᠡᠴᠡ ᠲᠠᠪᠠᠭᠤᠯᠵᠤ᠂ ᠬᠡᠦᠬᠡᠳ ᠠᠪᠬᠤ ᠳ᠋ᠤ᠌ ᠨᠠᠩ ᠰᠠᠨᠠᠭ᠎ᠠ ᠠᠮᠤᠷ᠂  ᠬᠡᠦᠬᠡᠳ ᠬᠥᠮᠦᠵᠢᠭᠦᠯᠬᠦ᠌ ᠳ᠋ᠤ᠌ ᠨᠠᠩ ᠲᠠᠭᠠᠯᠠᠮᠵᠢᠲᠠᠶ ᠪᠤᠯᠭᠠᠪᠠ᠃

ᠡᠪᠦᠯ ᠤ᠋ᠨ ᠡᠬᠢ᠎ᠪᠡᠷ᠂ ᠤᠷᠳᠤᠰ ᠬᠤᠳᠠ ᠢ᠋ᠢᠨ ᠦᠦᠱᠢᠨ ᠬᠣᠱᠢᠭᠤᠨ᠎ᠤ ᠦᠦᠱᠢᠨᠵᠤᠤ ᠪᠠᠯᠭᠠᠰᠤ ᠢ᠋ᠢᠨ ᠬᠤᠯᠪᠤᠭᠠᠯᠵᠢ ᠲᠣᠰᠭᠣᠨ᠎ᠤ 《 ᠵᠣᠯ ᠵᠢᠷᠭᠠᠯᠲᠤ ᠪᠠᠭ᠎ᠠ ᠬᠦᠷᠢᠶᠡᠯᠡᠨᠭ》 ᠳ᠋ᠤ ᠪᠠᠶᠠᠷ ᠬᠦᠷ ᠢ᠋ᠢᠡᠷ ᠪᠢᠯᠬᠠᠨ᠎ᠡ᠃ 2025 ᠣᠨ ᠳ᠋ᠤ᠌᠂ ᠥᠪᠥᠷ ᠮᠣᠩᠭᠣᠯ ᠮᠠᠯᠵᠢᠬᠤ ᠲᠠᠷᠢᠶᠠᠯᠠᠬᠤ ᠣᠷᠣᠨ᠎ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤ᠋ᠨ ᠠᠰᠠᠷᠠᠮᠵᠢ ᠢ᠋ᠢᠨ ᠵᠢᠷᠭᠠᠯᠠᠩᠲᠤ ᠬᠦᠷᠢᠶᠡᠯᠡᠩ ᠤ᠋ᠨ 5000 ᠡᠷᠦᠬᠡ ᠢ᠋ᠢᠨ ᠳᠤᠯᠠᠭᠠᠯᠠᠭ᠎ᠠ ᠢ᠋ᠢᠨ ᠲᠦᠬᠦᠬᠡᠷᠤᠮᠵᠢ ᠢ᠋ᠢ ᠦᠬᠡᠷᠡᠴᠢᠯᠡᠨ ᠰᠠᠢᠵᠢᠷᠠᠭᠤᠯᠵᠤ᠂ ᠰᠤᠮᠤ ᠱᠢᠶᠠᠩ ᠪᠠᠯᠭᠠᠰᠤ ᠣᠷᠣᠨ ᠪᠦᠰᠡ ᠢ᠋ᠢᠨ ᠨᠠᠰᠤᠵᠢᠯ ᠤ᠋ᠨ ᠠᠰᠠᠷᠠᠮᠵᠢ ᠢ᠋ᠢᠨ ᠦᠶ᠋ᠯᠡᠴᠢᠯᠡᠭᠡᠨ ᠤ᠋ ᠲᠥᠪ᠎ᠢ 93᠂ ᠲᠣᠰᠭᠣᠨ᠎ᠤ ᠱᠠᠲᠤᠨ᠎ᠤ ᠨᠠᠰᠤᠵᠢᠯ ᠤ᠋ᠨ ᠠᠰᠠᠷᠠᠮᠵᠢ ᠢ᠋ᠢᠨ ᠦᠶ᠋ᠯᠡᠴᠢᠯᠡᠭᠡᠨ ᠤ᠋ ᠥᠷᠲᠡᠭᠡ᠎ᠶ᠋ᠢ 1093 ᠪᠠᠢᠭᠤᠯᠵᠤ᠂ 284 ᠵᠢᠷᠭᠠᠯᠠᠩᠲᠤ ᠬᠦᠷᠢᠶᠡᠯᠡᠩ ᠤ᠋ᠨ ᠴᠢᠳᠠᠪᠬᠢ ᠢ᠋ᠢ ᠥᠷᠭᠡᠳᠭᠡᠨ ᠳᠡᠭᠡᠭ᠌ᠰᠢᠯᠡᠭᠦᠯᠵᠤ᠂ ᠬᠥᠳᠡᠭᠡ ᠲᠣᠰᠭᠣᠨ᠎ᠤ ᠨᠠᠰᠤᠲᠠᠢᠴᠤᠳ ᠲᠦ᠍ ᠴᠢᠨᠠᠷ ᠰᠠᠢᠲᠠᠶ ᠨᠠᠰᠤᠵᠢᠯ ᠤ᠋ᠨ ᠠᠰᠠᠷᠠᠮᠵᠢ ᠢ᠋ᠢᠨ ᠦᠶ᠋ᠯᠡᠴᠢᠯᠡᠭᠡ ᠬᠦᠷᠲᠡᠭᠡᠪᠡ᠃

ᠥᠪᠥᠷ ᠮᠣᠩᠭᠣᠯ ᠣᠶᠤᠨᠴᠢ ᠨᠠᠰᠤᠵᠢᠯ ᠤ᠋ᠨ ᠠᠰᠠᠷᠠᠮᠵᠢ ᠢ᠋ᠢᠨ ᠲᠥᠬᠥᠭᠡᠷᠦᠮᠵᠢ᠎ᠶ᠋ᠢ ᠢᠳᠡᠪᠬᠢᠲᠡᠶ ᠳᠡᠯᠭᠡᠷᠡᠭᠦᠯᠦᠨ ᠬᠡᠷᠡᠭ᠌ᠯᠡᠵᠦ᠍᠂ ᠨᠠᠰᠤᠲᠠᠢᠴᠤᠳ ᠬᠡᠷ᠎ᠲᠡᠬᠡᠨ ᠰᠠᠭᠤᠵᠤ ᠡᠷᠡᠭᠦᠯ ᠮᠡᠨᠳᠦ᠍ ᠢ᠋ᠢᠨ ᠬᠢᠨᠠᠨ ᠬᠡᠮᠵᠢᠯᠲᠡ᠂ ᠪᠠᠴᠢᠮ ᠠᠪᠤᠷᠠᠨ ᠲᠤᠰᠠᠯᠠᠯᠲᠠ ᠢ᠋ᠢᠨ ᠤᠢᠯᠡᠴᠢᠯᠡᠬᠡ ᠬᠦᠷᠳᠡᠵᠦ ᠲᠡᠢᠯᠭᠦ ᠪᠤᠯᠪᠡ; ᠨᠠᠰᠤᠲᠠᠢᠴᠤᠳ ᠲᠦ᠍ ᠲᠤᠰᠠᠯᠠᠬᠤ ᠬᠣᠭᠣᠯᠠᠨ ᠬᠡᠷ ᠢ᠋ ᠱᠢᠨ᠎ᠡ᠎ᠪᠡᠷ 527 ᠨᠡᠮᠡᠭ᠌ᠳᠡᠭᠦᠯᠵᠦ᠍᠂ ᠬᠡᠷ ᠪᠦᠯᠢ ᠢ᠋ᠢᠨ ᠨᠠᠰᠤᠵᠢᠯ ᠤ᠋ᠨ ᠠᠰᠠᠷᠠᠮᠵᠢ ᠢ᠋ᠢᠨ 《ᠡᠴᠦᠰ ᠤ᠋ᠨ ᠨᠢᠭᠡ ᠺᠢᠯᠦᠮᠧᠲ᠋ᠷ 》 ᠎ᠢ᠋ ᠨᠡᠪᠲᠡᠷᠡᠭᠦᠯᠪᠡ; ᠨᠠᠰᠤᠵᠢᠯ ᠤ᠋ᠨ ᠠᠰᠠᠷᠠᠮᠵᠢ ᠢ᠋ᠢᠨ ᠮᠥᠩᠭᠥ ᠢ᠋ᠢᠨ ᠬᠠᠷᠠᠭᠠᠯᠵᠠᠯ ᠤ᠋ᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂  ᠨᠠᠰᠤᠵᠢᠯ ᠤ᠋ᠨ ᠠᠰᠠᠷᠠᠮᠵᠢ ᠢ᠋ᠢᠨ ᠦᠢᠯᠡᠴᠢᠯᠡᠭᠡᠨ ᠤ᠋ ᠨᠥᠬᠥᠪᠥᠷᠢ ᠢ᠋ᠢᠨ ᠲᠦᠷᠢᠮ ᠎ᠢ ᠪᠦᠷᠢᠨᠱᠢᠬᠥᠯᠤᠨ᠂  ᠨᠠᠰᠤᠲᠠᠢᠴᠤᠳ᠎ᠥᠲᠡᠯᠦᠭᠡ ᠨᠠᠰᠤ ᠪᠡᠨ ᠵᠣᠯ ᠵᠢᠷᠭᠠᠯ᠎ᠲᠠᠶ ᠪᠡᠷ ᠦᠨᠭᠬᠡᠷᠡᠬᠦᠯᠬᠦ ᠪᠤᠯᠪᠠ ᠃

ᠤᠯᠠᠨ ᠲᠦᠮᠡᠨ ᠤ᠋ ᠡᠷᠡᠬᠦᠯ ᠮᠡᠨᠳᠤ ᠢ᠋ᠢ ᠪᠠᠳᠤᠯᠠᠪᠠ

ᠬᠥᠬᠡᠬᠣᠲᠠ ᠢ᠋ᠢᠨ ᠲᠣᠭ᠍ᠲᠠᠬᠤ ᠱᠢᠶᠠᠨ᠎ᠤ ᠡᠮᠨᠡᠯᠭᠡ ᠢ᠋ᠢᠨ ᠬᠣᠷᠢᠶᠠᠨ ᠳ᠋ᠤ᠌ ᠬᠠᠪᠰᠤᠷᠤᠨ ᠲᠡᠳᠬᠦᠬᠦ ᠠᠵᠢᠯ ᠦᠷᠨᠢᠬᠦᠯᠵᠤ ᠪᠠᠢᠭ᠎ᠠ ᠪᠡᠭᠡᠵᠢᠩ ᠤ᠋ᠨ ᠱᠢᠶᠧ ᠾᠧ ᠡᠮᠨᠡᠯᠭᠡ ᠢ᠋ᠢᠨ ᠬᠤᠷᠢᠶ᠎ᠡ ᠢ᠋ᠢᠨ ᠳᠦᠷᠬᠦ ᠵᠠᠰᠠᠬᠤ ᠭᠠᠳᠠᠷ ᠰᠠᠯᠠᠭᠠᠨ᠎ᠤ ᠲᠤᠰᠭᠠᠢ ᠮᠡᠷᠭᠡᠵᠢᠯᠲᠡᠨ ᠵᠠᠩ ᠬᠠᠢ ᠯᠢᠨ 43 ᠨᠠᠰᠤᠲᠠᠢ ᠯᠢᠦ ᠠᠪᠤᠭᠠᠢ ᠢ᠋ᠢᠨ ᠪᠠᠷᠠᠭᠤᠨ ᠨᠢᠳᠤᠨ ᠳ᠋ᠤ᠌ ᠮᠠᠰᠡ ᠵᠠᠰᠠᠯ ᠬᠢᠵᠤ ᠦᠭᠬᠦᠭᠰᠡᠨ ᠡᠴᠡ ᠲᠡᠬᠦᠨ ᠤ᠋ ᠨᠢᠳᠦ ᠨᠢ ᠬᠡᠷᠡᠯ ᠢ᠋ ᠲᠤᠳᠤᠷᠬᠠᠢ ᠤᠯᠵᠤ ᠦᠵᠡᠬᠦ ᠪᠤᠯᠵᠤ ᠪᠠᠶᠠᠷᠯᠠᠭᠰᠠᠨ ᠰᠡᠳᠬᠢᠯ ᠢ᠋ᠢᠡᠨ ᠲᠠᠷᠤᠵᠤ ᠶᠠᠳᠠᠨ᠎ᠡ᠃

12 ᠰᠠᠷ᠎ᠠ ᠢ᠋ᠢᠨ 20 ᠎ᠤ᠋ ᠡᠳᠦᠷ ᠪᠣᠯᠲᠠᠯ᠎ᠠ᠂  ᠪᠡᠭᠡᠵᠢᠩ ᠬᠣᠲᠠ ᠨᠢᠭᠡᠨᠲᠡ ᠲᠤᠷᠰᠢᠯᠭ᠎ᠠ ᠰᠠᠢᠳᠠᠢ 2050 ᠲᠤᠰᠭᠠᠶ ᠮᠡᠷᠭᠡᠵᠢᠯᠲᠡᠨ᠎ᠢ ᠥᠪᠥᠷ ᠮᠣᠩᠭᠣᠯ ᠳ᠋ᠤ᠌ ᠲᠤᠮᠢᠯᠠᠨ᠂ ᠨᠡᠢᠲᠡ 2.95 ᠲᠦᠮᠡᠨ ᠬᠥᠮᠦᠨ ᠤᠳᠠᠭ᠎ᠠ ᠡᠮᠴᠢᠯᠡᠬᠦᠯᠵᠦ᠂  ᠬᠦᠴᠢᠷ ᠲᠦᠪᠡᠭ᠌ᠲᠡᠶ ᠪᠤᠳᠤᠯᠢᠶᠠᠨᠲᠠᠶ ᠡᠪᠡᠳᠴᠢᠲᠡᠨ᠎ᠢ 45 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌ ᠡᠮᠴᠢᠯᠡᠪᠡ᠃ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭ᠎ᠠ ᠡᠷᠡᠭᠦᠯ ᠮᠡᠨᠳᠦ᠍ ᠢ᠋ᠢᠨ ᠬᠥᠭᠥᠷᠭᠡ᠎ᠶ᠋ᠢ ᠪᠤᠰᠭᠠᠵᠤ᠂ ᠥᠪᠥᠷ ᠮᠣᠩᠭᠣᠯ ᠤ᠋ᠨ ᠠᠷᠠᠳ ᠢᠷᠭᠡᠳ ᠬᠡᠷ ᠤ᠋ᠨ ᠡᠭᠦᠳᠡᠨ᠎ᠳᠡᠭᠡᠨ ᠡᠷᠡᠭᠦᠯ ᠮᠡᠨᠳᠦ᠍᠎ᠢ᠋ᠢᠨ ᠤᠢᠯᠡᠴᠢᠯᠡᠬᠡ ᠬᠦᠷᠳᠡᠪᠡ᠃

《ᠮᠢᠨᠦ᠍ ᠡᠪᠡᠳᠴᠢᠨ ᠦᠵᠡᠭᠦᠯᠬᠦ᠌ ᠵᠠᠷᠤᠳᠠᠯ ᠨᠡᠮᠡᠭ᠌ᠳᠡᠭ᠌ᠰᠡᠨ ᠢ᠋ ᠮᠡᠳᠡᠬᠡᠳ ᠲᠠᠳᠠ ᠰᠠᠨᠠᠭᠠᠴᠢᠯᠠᠭ᠎ᠠ ᠡᠴᠡ᠎ᠪᠠᠨ ᠨᠠᠳᠠ ᠳ᠋ᠤ ᠠᠮᠢᠳᠤᠷᠠᠯ ᠤ᠋ᠨ ᠨᠠᠭᠠᠳᠤ ᠵᠠᠬ᠎ᠠ ᠢ᠋ᠢᠨ ᠪᠠᠲᠤᠯᠠᠭ᠎ᠠ ᠭᠤᠶᠤᠴᠢᠯᠠᠵᠤ ᠦᠭᠴᠡᠢ᠂  ᠣᠲᠣ ᠰᠠᠷ᠎ᠠ ᠳ᠋ᠤ᠌ 790 ᠲᠥᠭᠥᠷᠢᠭ ᠤ᠋ᠨ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠢ᠋ᠢᠨ ᠮᠥᠩᠭᠥ᠌ ᠣᠯᠵᠤ ᠪᠠᠢᠨ᠎ᠠ 》 ᠭᠡᠵᠦ᠍ ᠱᠢᠯᠢ ᠢ᠋ᠢᠨ ᠭᠤᠤᠯ ᠠᠢᠮᠠᠭ ᠤ᠋ᠨ ᠪᠠᠷᠠᠭᠤᠨ ᠦᠵᠦᠮᠦᠴᠢᠨ ᠬᠣᠱᠢᠭᠤᠨ᠎ᠤ ᠪᠠᠯᠭᠠᠷᠭᠤᠤᠯ ᠪᠠᠯᠭᠠᠰᠤᠨ᠎ᠤ ᠨᠠᠭᠠᠳᠤ ᠵᠠᠬ᠎ᠠ ᠢ᠋ᠢᠨ ᠠᠮᠢᠳᠤᠷᠡᠯ ᠤ᠋ᠨ ᠪᠠᠲᠤᠯᠠᠭ᠎ᠠ ᠭᠥᠷᠳᠡᠭ᠌ᠴᠢ ᠱᠢᠤᠢ ᠭᠤᠸᠠᠶ ᠬᠡᠯᠡᠨ᠎ᠡ᠃ ᠥᠪᠥᠷ ᠮᠣᠩᠭᠣᠯ ᠣᠷᠣᠯᠭ᠎ᠠ ᠪᠠᠭ᠎ᠠ ᠬᠥᠮᠦᠨ ᠠᠮᠠ᠎ᠶ᠋ᠢ ᠬᠥᠳᠡᠯᠦᠩᠭᠦᠶ᠎ᠪᠡᠷ ᠬᠢᠨᠠᠨ ᠬᠡᠮᠵᠢᠬᠦ᠌ ᠮᠡᠳᠡᠭᠡ ᠵᠠᠩᠭᠢ ᠢ᠋ᠢᠨ ᠲᠠᠪᠴᠠᠩ᠎ᠪᠠᠢᠭᠤᠯᠵᠤ᠂ ᠬᠣᠲᠠ᠂  ᠱᠢᠶᠠᠨ᠂ ᠱᠢᠶᠠᠩ᠂ ᠲᠣᠰᠭᠣᠨ ᠳᠥᠷᠪᠡᠨ ᠱᠠᠲᠤ᠎ᠶ᠋ᠢ ᠬᠠᠮᠤᠷᠴᠤ᠌ ᠂ ᠲᠣᠮᠣ ᠳ᠋ᠠᠢᠲ᠋ᠠ ᠢ᠋ᠢᠨ ᠵᠠᠳᠠᠯᠤᠯᠲᠠ ᠪᠡᠷ ᠳᠡᠮᠵᠢᠨ ᠠᠪᠤᠷᠠᠨ ᠲᠤᠰᠠᠯᠠᠬᠤ ᠡᠲᠡᠭᠡᠳ᠎ᠢ ᠣᠨᠣᠪᠴᠢᠲᠠᠶ ᠢᠯᠭᠠᠨ ᠲᠠᠨᠢᠵᠤ᠂ 《ᠲᠥᠷᠥ ᠢ᠋ᠢᠨ ᠪᠣᠳᠣᠯᠭ᠎ᠠ ᠪᠡᠷ ᠬᠥᠮᠦᠨ ᠡᠷᠢᠵᠦ᠍ 》 ᠂ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌᠎ᠠᠵᠢᠯ ᠢ᠋ ᠨᠠᠩ ᠰᠠᠨᠠᠭᠠᠴᠢᠯᠠᠭ᠎ᠠ᠎ᠲᠠᠶ᠂ ᠴᠠᠭ ᠲᠤᠬᠠᠶ ᠳ᠋ᠤᠨᠢ ᠬᠠᠪᠰᠤᠷᠴᠦ ᠲᠡᠢᠯᠬᠦ ᠪᠣᠯᠭᠠᠪᠠ ᠃

2025 ᠣᠨ ᠳ᠋ᠤ᠌ ᠂ ᠪᠥᠬᠥ᠌ ᠣᠷᠣᠨ᠎ᠤ ᠬᠣᠲᠠ ᠬᠥᠳᠡᠭᠡ ᠢ᠋ᠢᠨ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠢ᠋ᠢᠨ ᠳᠤᠮᠳᠠᠴᠢ ᠪᠠᠷᠢᠮᠵᠢᠶ᠎ᠠ ᠲᠣᠰ ᠲᠣᠰ ᠰᠠᠷ᠎ᠠ ᠢ᠋ᠢᠨ 815 ᠲᠥᠭᠥᠷᠢᠭ  ᠪᠠ 615 ᠲᠥᠭᠥᠷᠢᠭ᠎ᠲᠦ ᠬᠦᠷᠴᠦ᠍᠂ ᠴᠥᠮ ᠪᠥᠬᠥ᠌ ᠤᠯᠤᠰ ᠤ᠋ᠨ ᠳᠤᠮᠳᠠᠴᠢ ᠲᠦᠪᠱᠢᠨ᠎ᠡᠴᠡ ᠲᠠᠪᠠᠪᠠ; 699 ᠲᠦᠮᠡᠨ ᠲᠥᠭᠥᠷᠢᠭ ᠤ᠋ᠨ ᠪᠠᠯᠠ ᠣᠷᠣᠭᠤᠯᠵᠤ᠂ 10 ᠭᠠᠵᠠᠷ ᠣᠷᠣᠨ᠎ᠢ ᠰᠣᠩᠭᠣᠨ ᠵᠠᠰᠠᠭ ᠤ᠋ᠨ ᠣᠷᠳᠣᠨ ᠦᠶ᠋ᠯᠡᠴᠢᠯᠡᠭᠡ ᠬᠤᠳᠠᠯᠳᠤᠨ ᠠᠪᠬᠤ ᠲᠥᠷᠥᠯ ᠤ᠋ᠨ ᠨᠡᠢᠭᠡᠮ ᠤ᠋ᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠵᠦ᠍᠂ 11 ᠰᠠᠷ᠎ᠠ ᠢ᠋ᠢᠨ ᠰᠡᠭᠦᠯᠴᠢ ᠪᠣᠯᠲᠠᠯ᠎ᠠ᠂  ᠨᠡᠢᠲᠡ 7.2 ᠲᠦᠮᠡᠨ ᠬᠥᠮᠦᠨ ᠤᠳᠠᠭ᠎ᠠ ᠬᠦᠴᠢᠷᠳᠡᠯᠲᠡᠶ ᠣᠯᠠᠨ ᠲᠦᠮᠡᠨ ᠳ᠋ᠤ᠌ ᠦᠶ᠋ᠯᠡᠴᠢᠯᠡᠪᠡ ᠃

ᠪᠤᠯᠪᠠᠰᠤᠷᠡᠯ ᠬᠦᠷᠳᠡᠬᠡᠵᠦ ᠠᠵᠠ ᠵᠢᠷᠭᠠᠯ ᠤ᠋ᠨ ᠵᠠᠮ  ᠢ᠋ ᠰᠠᠷᠠᠭᠤᠯᠵᠢᠭᠤᠯᠪᠠ

《ᠠᠵᠢᠯ ᠣᠯᠭᠣᠯᠲᠠ ᠢ᠋ᠢᠨ ᠦᠶ᠋ᠯᠡᠴᠢᠯᠡᠭᠡᠨ ᠤ᠋ ᠥᠷᠲᠡᠭᠡ ᠳ᠋ᠤ᠌ ᠪᠣᠯᠪᠠᠰᠤᠷᠠᠯ ᠬᠦᠷᠳᠡᠭᠡᠳ ᠪᠢ ᠨᠢᠬᠡ ᠮᠡᠷᠭᠡᠵᠢᠯ᠎ᠢ᠋ ᠰᠤᠷᠴᠤ ᠡᠵᠡᠮᠰᠢᠨ᠂ ᠦᠨᠡᠮᠯᠡᠯ ᠣᠯᠤᠭ᠍ᠰᠠᠨ᠎ᠢᠶᠠᠷ ᠪᠠᠷᠠᠬᠤ ᠥᠬᠡᠶ ᠪᠠᠰᠠ ᠲᠣᠭ᠍ᠲᠠᠪᠤᠷᠢᠲᠠᠶ ᠠᠵᠢᠯ ᠣᠯᠵᠤ ᠂ ᠰᠠᠷ᠎ᠠ᠎ᠳ᠋ᠤ᠌ 4000 ᠭᠠᠷᠤᠶ ᠲᠥᠭᠥᠷᠢᠭ ᠤ᠋ᠨ ᠴᠠᠯᠢᠨᠭ᠌ ᠤᠯᠵᠤ ᠪᠠᠢᠨ᠎ᠡ 》 ᠬᠡᠵᠤ ᠤᠯᠠᠭᠠᠨᠴᠠᠪ ᠬᠣᠲᠠ ᠢ᠋ᠢᠨ ᠵᠢᠨᠢᠩ ᠲᠣᠭᠣᠷᠢᠭ ᠤ᠋ᠨ ᠰᠠᠭᠤᠭᠠᠯᠢ ᠠᠷᠠᠳ ᠯᠢᠦ ᠬᠣᠶ ᠬᠤᠪᠢᠷᠠᠯᠳᠡ ᠪᠡᠨ ᠬᠡᠯᠡᠬᠦ ᠳ᠋ᠤ᠌ ᠴᠢᠷᠠᠢ ᠳ᠋ᠤᠨᠢ ᠪᠠᠶᠠᠷ ᠤ᠋ᠨ ᠢᠨᠢᠶᠠᠮᠰᠦᠭᠯᠡᠯ ᠲᠤᠳᠤᠷᠠᠵᠤ ᠪᠠᠢᠯ᠎ᠡ ᠃

ᠥᠪᠥᠷ ᠮᠣᠩᠭᠣᠯ ᠠᠵᠢᠯ ᠣᠯᠭᠣᠯᠲᠠ ᠢ᠋ᠢᠨ ᠦᠶ᠋ᠯᠡᠴᠢᠯᠡᠭᠡᠨ ᠤ᠋ ᠥᠷᠲᠡᠭᠡ᠎ᠶ᠋ᠢ 1052 ᠪᠠᠢᠭᠤᠯᠵᠤ ᠂ ᠪᠠᠰᠠ ᠠᠷᠰᠠᠷ ᠠᠵᠢᠯ ᠤ᠋ᠨ ᠵᠠᠬ᠎ᠠ ᠳᠡᠯᠭᠡᠭᠦᠷ ᠂ ᠠᠷᠰᠠᠷ ᠠᠵᠢᠯ ᠤ᠋ᠨ ᠥᠷᠲᠡᠭᠡ ᠢ᠋ᠢ 168 ᠪᠠᠢᠭᠤᠯᠵᠤ᠂ ᠠᠵᠢᠯ ᠣᠯᠭᠣᠯᠲᠠ ᠢ᠋ᠢᠨ ᠦᠶ᠋ᠯᠡᠴᠢᠯᠡᠭᠡ᠎ᠶ᠋ᠢ ᠪᠤᠳᠠᠳᠤ ᠦᠷ᠎ᠡ ᠪᠦᠳᠦᠮᠵᠢ ᠲᠠᠢ ᠪᠣᠯᠭᠠᠪᠠ ᠃

ᠠᠵᠢᠯ ᠣᠯᠭᠣᠯᠲᠠ ᠪᠣᠯ ᠬᠠᠮᠤᠭ ᠤ᠋ᠨ ᠶᠡᠬᠡ ᠠᠷᠠᠳ ᠤ᠋ᠨ ᠠᠮᠢᠳᠤᠷᠠᠯ ᠮᠦᠨ᠃ 2025 ᠣᠨ ᠳ᠋ᠤ᠌᠂ ᠥᠪᠥᠷ ᠮᠣᠩᠭᠣᠯ ᠠᠵᠢᠯᠲᠠᠨ ᠡᠯᠰᠡᠬᠦ᠌ ᠴᠤᠭ᠍ᠯᠠᠭᠠᠨ᠎ᠢ ᠬᠤᠳᠠᠯᠳᠤᠭᠠᠨ᠎ᠤ ᠲᠠᠯᠠᠪᠤᠷ᠂ ᠰᠥᠨᠢ ᠢ᠋ᠢᠨ ᠵᠠᠬ᠎ᠠ᠂ ᠰᠦᠮ᠎ᠡ ᠢ᠋ᠢᠨ ᠴᠤᠬᠯᠠᠭᠠ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ ᠭᠠᠵᠠᠷ ᠲᠦ᠍ ᠦᠷᠨᠢᠬᠦᠯᠵᠤ᠂ ᠡᠯ᠎ᠡ ᠲᠥᠷᠥᠯ ᠤ᠋ᠨ ᠠᠵᠢᠯᠲᠠᠨ ᠡᠯᠰᠡᠬᠦ ᠴᠤᠭ᠍ᠯᠠᠭᠠᠨ᠎ᠢ 3096 ᠤᠳᠠᠭ᠎ᠠ ᠥᠷᠨᠢᠭᠦᠯᠵᠦ᠍᠂ 139.53 ᠲᠦᠮᠡᠨ ᠠᠵᠢᠯ ᠤ᠋ᠨ ᠪᠠᠢᠷᠢ ᠬᠠᠨᠭᠭᠠᠪᠠ᠃ 《 ᠠᠵᠢᠯ᠎ᠪᠠᠢᠭᠠᠳ ᠬᠢᠬᠦ᠌ ᠬᠥᠮᠦᠨ ᠥᠬᠡᠶ 》 ᠪᠠᠢᠳᠠᠯ ᠳ᠋ᠤ᠌ ᠴᠢᠭ᠌ᠯᠡᠭᠦᠯᠦᠨ ᠠᠵᠢᠯ ᠤ᠋ᠨ ᠪᠠᠢᠷᠢ ᠢ᠋ᠢᠨ ᠨᠠᠷᠢᠨ ᠲᠠᠩᠰᠠ ᠭᠠᠷᠭᠠᠵᠤ᠂ 《ᠬᠦᠮᠦᠨ ᠪᠠᠢᠭᠠᠳ ᠬᠢᠬᠦ ᠠᠵᠢᠯ ᠦᠬᠡᠢ》 ᠪᠠᠢᠳᠠᠯ ᠳ᠋ᠤ᠌ ᠴᠢᠭ᠌ᠯᠡᠭᠦᠯᠦᠨ ᠠᠵᠢᠯᠲᠠᠨ᠎ᠤ ᠨᠠᠷᠢᠨ ᠲᠠᠩᠰᠠ ᠪᠠᠢᠭᠤᠯᠵᠤ ᠂ ᠬᠥᠮᠦᠨ ᠪᠠ ᠠᠵᠢᠯ ᠤ᠋ᠨ ᠪᠠᠢᠷᠢ ᠢ᠋ᠢᠨ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠠᠷᠭ᠎ᠠ ᠵᠠᠮ᠎ᠢ ᠱᠢᠯᠤᠭᠤᠳᠭᠠᠵᠤ ᠂ ᠠᠵᠢᠯ ᠣᠯᠭᠣᠯᠲᠠ ᠢ᠋ᠢᠨ ᠲᠥᠷᠥ ᠢ᠋ᠢᠨ ᠪᠣᠳᠣᠯᠭ᠎ᠠ ᠪᠠ ᠦᠶ᠋ᠯᠡᠴᠢᠯᠡᠭᠡ᠎ᠶ᠋ᠢ ᠮᠡᠳᠡᠪᠡᠯ ᠵᠣᠬᠢᠬᠤ ᠢ᠋ᠢ ᠨᠢ ᠪᠦᠬᠦᠨ ᠎ᠢ  ᠮᠡᠳᠡᠬᠦᠯᠵᠤ᠂ ᠡᠳ᠋ᠯᠡᠪᠡᠯ ᠵᠣᠬᠢᠬᠤ ᠢ᠋ᠢ ᠨᠢ ᠪᠦᠬᠦᠨ᠎ᠢ ᠡᠳ᠋ᠯᠡᠬᠦᠯᠬᠦ᠎ᠶ᠋ᠢ ᠠᠬᠢᠭᠤᠯᠵᠡᠢ ᠃

2025 ᠣᠨ ᠳ᠋ᠤ᠌᠂ ᠥᠪᠥᠷ ᠮᠣᠩᠭᠣᠯ ᠪᠠᠰᠠ 《 ᠠᠵᠢᠯ ᠣᠯᠭᠣᠯᠲᠠ ᠢ᠋ᠢᠨ ᠥᠪᠥᠷ ᠮᠣᠩᠭᠣᠯ 》ᠠᠵᠢᠯᠲᠠᠨ ᠡᠯᠰᠡᠬᠦ᠌ ᠲᠠᠪᠴᠠᠩ ᠪᠠ 《 ᠮᠥᠩᠬᠡ ᠰᠤᠪᠠᠭ ᠡᠯᠰᠡᠯᠳᠡ》 ᠵᠢᠵᠢᠭ ᠫᠷᠤᠭ᠌ᠷᠠᠮ ᠎ᠢ ᠠᠰᠢᠭᠯᠠᠯᠳᠡ ᠳ᠋ᠤ᠌ ᠤᠷᠤᠭᠤᠯᠵᠤ᠂ 52.14 ᠲᠦᠮᠡᠨ ᠠᠵᠢᠯ ᠤ᠋ᠨ ᠪᠠᠢᠷᠢ ᠢ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠤᠨ ᠨᠡᠢᠲᠡᠯᠡᠵᠦ᠍᠂ ᠠᠵᠢᠯ ᠡᠷᠢᠭ᠌ᠰᠡᠳ ᠎ᠢ ᠬᠡᠷ᠎ᠡᠴᠡ᠎ᠪᠡᠨ ᠭᠠᠷᠬᠤ ᠥᠬᠡᠶ᠎ᠪᠡᠷ ᠭᠠᠷ ᠤᠲᠠᠰᠤᠨ ᠲᠡᠬᠡᠷ᠎ᠡ ᠡᠴᠡ ᠪᠡᠨ ᠰᠠᠨᠠᠭᠠᠨ᠎ᠳ᠋ᠠᠭᠠᠨ ᠲᠠᠭᠠᠷᠠᠭᠰᠠᠨ ᠠᠵᠢᠯ ᠤ᠋ᠨ ᠪᠠᠢᠷᠢ ᠤᠯᠬᠤ ᠢ᠋ᠢ ᠠᠬᠢᠭᠤᠯᠪᠡ᠃

ᠬᠥᠳᠡᠯᠮᠦᠷᠢ ᠰᠠᠢᠨ ᠰᠠᠢᠬᠠᠨ ᠠᠮᠢᠳᠤᠷᠠᠯ᠎ᠢ ᠴᠣᠭ᠍ᠴᠠᠯᠠᠨ᠎ᠠ᠃ 《 ᠬᠥᠳᠡᠯᠮᠦᠷᠢᠯᠡᠪᠡᠯ ᠬᠥᠯᠥᠰᠥ᠍ ᠣᠯᠭᠣᠮᠵᠢ ᠤᠯᠬᠤ 》 ᠪᠠᠲᠤᠯᠠᠭ᠎ᠠ ᠨᠢ ᠬᠥᠳᠡᠯᠮᠦᠷᠢᠴᠢᠨ ᠨᠢᠭᠡᠪᠦᠷᠢ ᠢ᠋ᠢᠨ ᠰᠠᠢ᠌ᠨ ᠰᠠᠢᠬᠠᠨ ᠠᠮᠢᠳᠤᠷᠠᠯ ᠤ᠋ᠨ ᠲᠥᠯᠥᠭᠡ ᠲᠡᠮᠡᠴᠡᠬᠦ᠌ ᠡᠷᠴᠢ ᠵᠣᠷᠢᠭ ᠎ᠢ ᠨᠡᠩ ᠬᠥᠪᠴᠢᠯᠡᠪᠡ ᠃



ᠰᠤᠷᠪᠤᠯᠵᠢᠯᠠᠭ᠍ᠴᠢ ᠢ᠋ᠢᠨ ᠡᠪᠦᠷ ᠲᠡᠮᠳᠡᠭ᠌ᠯᠡᠯᠡᠷᠡᠮᠡᠬᠡᠢᠯᠡᠨ ᠲᠡᠮᠡᠴᠡᠭᠰᠡᠨ 2025 ᠤᠨ ᠳ᠋ᠤ᠌ ᠥᠪᠥᠷ ᠮᠣᠩᠭᠣᠯ ᠦᠳᠡᠬᠦᠰ ᠨᠢᠯᠬᠠᠰ ᠢ᠋ᠢᠡᠨ ᠰᠡᠳᠬᠢᠯ ᠲᠠᠯᠪᠢᠨ ᠬᠠᠯᠠᠮᠵᠢᠯᠠᠵᠤ᠂ ᠡᠮ ᠡᠮᠨᠡᠯᠭᠡ ᠢ᠋ᠢᠨ ᠤᠢᠯᠡᠴᠢᠯᠡᠬᠡ ᠪᠡᠷ ᠡᠪᠡᠳᠴᠢᠲᠡᠨ ᠤ᠋ ᠠᠮᠢ ᠨᠠᠰᠤᠨ᠎ᠤ ᠬᠡᠷᠡᠯ ᠭᠢᠯᠪᠠᠭ᠎ᠠ᠎ᠶ᠋ᠢ ᠰᠠᠴᠤᠷᠠᠭᠤᠯᠵᠤ᠂  ᠤᠨᠤᠴᠠᠳᠡᠢ ᠠᠪᠤᠷᠠᠨ ᠲᠤᠰᠠᠯᠠᠯᠳᠡ ᠪᠡᠷ ᠪᠠᠭᠤᠷᠠᠢ᠌ᠴᠤᠳ ᠢ᠋ᠢᠡᠨ ᠬᠠᠯᠠᠮᠵᠢᠯᠠᠵᠤ᠂  ᠠᠵᠢᠯ᠎ᠤᠨ ᠪᠠᠢᠷᠢ ᠲᠡᠬᠡᠷ᠎ᠡ ᠡᠷᠡᠮᠡᠬᠡᠢᠯᠡᠨ ᠲᠡᠮᠡᠴᠡᠭ᠌ᠰᠡᠳ ᠤ᠋ᠨ ᠢᠲᠡᠭᠡᠯ ᠵᠣᠷᠢᠭ ᠢ᠋ ᠬᠦᠪᠴᠢᠯᠡᠪᠡ ᠁ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠨᠢᠭᠡᠳ ᠨᠢᠭᠡ᠎ᠪᠡᠷ ᠪᠣᠳᠠᠲᠠᠢ ᠳ᠋ᠤ᠌ ᠨᠠᠢᠳᠠᠪᠤᠷᠢᠵᠢᠵᠤ᠂ ᠥᠪᠥᠷ ᠮᠣᠩᠭᠣᠯ ᠪᠣᠳᠠᠲᠠᠢ ᠠᠵᠢᠯᠯᠠᠭ᠎ᠠ ᠪᠠ ᠡᠬᠦᠷᠬᠡ ᠬᠠᠷᠢᠭᠤᠴᠠᠯᠭ᠎ᠠ ᠪᠡᠷ ᠵᠢᠡᠨ ᠠᠷᠠᠳ ᠤᠯᠠᠨ ᠤ᠋ ᠵᠤᠯ ᠵᠢᠷᠭᠠᠯ ᠢ᠋ ᠨᠡᠮᠡᠭᠳᠡᠬᠦᠯᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号